ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠳᠤ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠲᠤᠰᠬᠠᠢ ᠪᠤᠯᠤᠩ ᠨᠡᠭᠡᠭᠡᠪᠡ
ᠨᠡᠶᠢᠲᠡᠯᠡᠭᠰᠡᠨ ᠴᠠᠭ᠄
2021/9/1
     ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠳᠤ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠲᠤᠰᠬᠠᠢ ᠪᠤᠯᠤᠩ ᠨᠡᠭᠡᠭᠡᠪᠡ      ᠡᠯ᠎ᠡ ᠭᠠᠵᠠᠷ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠨᠢᠭᠡᠳᠦᠯᠲᠡᠶ ᠪᠠᠷ ᠢᠯᠡ ᠪᠣᠯᠭᠠᠵᠤ᠂ ᠨᠢᠭᠡ ᠯᠡ ᠰᠦᠯᠵᠢᠶ᠎ᠡ ᠪᠠᠷ ᠨᠡᠶᠢᠳᠡᠮ ᠪᠠᠶᠢᠴᠠᠭᠠᠬᠤ ᠶᠢ ᠪᠡᠶᠡᠯᠡᠭᠦᠯᠪᠡ      ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠡᠩ ᠰᠠᠶᠢᠨ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠤᠭ᠍ᠷᠠᠮ ᠳᠤ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠲᠤᠰᠬᠠᠶ ᠪᠤᠯᠤᠩ ᠭᠠᠷᠭᠠᠵᠤ᠂ ᠡᠯ᠎ᠡ ᠭᠠᠵᠠᠷ ᠤᠨ ᠡᠷᠬᠡ ᠰᠦᠷ ᠲᠠᠢ᠂ ᠣᠨᠣᠪᠴᠢᠲᠠᠶ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠪᠠᠷ ᠢᠯᠡ ᠨᠡᠶᠢᠲᠡᠯᠡᠬᠦ ᠶᠢ ᠪᠡᠶᠡᠯᠡᠭᠦᠯᠪᠡ᠃      ᠠᠵᠤ ᠠᠬᠤᠶᠢᠯᠠᠯ ᠪᠠ ᠣᠯᠠᠨ ᠲᠦᠮᠡᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠤᠭ᠍ᠷᠠᠮ ᠳᠤ ᠨᠡᠪᠲᠡᠷᠡᠨ ᠣᠷᠣᠪᠠᠯ᠂ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠤᠰᠬᠠᠶ ᠪᠤᠯᠤᠩ ᠳᠤ ᠣᠷᠣᠵᠤ ᠡᠯ᠎ᠡ ᠭᠠᠵᠠᠷ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠶᠢᠨ ᠯᠠᠪᠯᠠᠵᠤ ᠪᠣᠯᠬᠤ ᠪᠥᠭᠡᠳ ᠭᠠᠵᠠᠷ ᠣᠷᠣᠨ ᠠᠯᠤᠰᠯᠠᠨ ᠨᠠᠭᠠᠰᠢ ᠴᠠᠭᠠᠰᠢ ᠶᠠᠪᠤᠵᠤ ᠰᠠᠭᠤᠬᠤ ᠳᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ︽ᠴᠡᠭ ᠠᠴᠠ ᠴᠡᠭ ᠲᠤ ᠬᠥᠷᠬᠦ︾ ᠰᠦᠯᠵᠢᠶᠡᠨ ᠳᠡᠭᠡᠷ᠎ᠡ ᠬᠠᠶᠢᠨ ᠯᠠᠪᠯᠠᠬᠤ ᠦᠢᠯᠡᠴᠢᠯᠡᠭᠡ ᠶᠢ ᠴᠠᠭ ᠲᠤᠬᠠᠶ ᠳᠤ ᠨᠢ ᠣᠶᠢᠯᠠᠭᠠᠵᠤ ᠪᠣᠯᠤᠨ᠎ᠠ᠃      ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠲᠤᠰᠬᠠᠶ ᠪᠤᠯᠤᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠭᠠᠵᠠᠷ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ︽ᠨᠢᠭᠡ ᠯᠡ ᠰᠦᠯᠵᠢᠶ᠎ᠡ ᠪᠠᠷ ᠨᠡᠶᠢᠳᠡᠮ ᠪᠠᠶᠢᠴᠠᠭᠠᠬᠤ︾ ᠶᠢ ᠠᠬᠢᠭᠤᠯᠵᠤ᠂ ᠠᠵᠤ ᠠᠬᠤᠶᠢᠯᠠᠯ ᠳᠤ ᠠᠰᠢᠭᠲᠠᠶ ᠪᠥᠭᠡᠳ ᠠᠷᠠᠳ ᠲᠤ ᠳᠥᠭᠦᠮ ᠦᠵᠡᠭᠦᠯᠬᠦ ᠶᠢ ᠭᠦᠢᠴᠡᠳᠬᠡᠨ᠎ᠡ᠃      ᠳᠠᠭᠠᠯᠳᠤᠭᠤᠯᠤᠯ᠄ ︽ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠤᠰᠬᠠᠶ ᠪᠤᠯᠤᠩ ᠤᠨ ᠵᠢᠵᠢᠭ ᠫᠷᠤᠭ᠍ᠷᠠᠮ ᠤᠨ ᠬᠤᠶᠠᠷ ᠬᠡᠮᠵᠢᠯᠲᠦ ᠺᠣᠳ᠋          ︵ᠳᠣᠤᠷᠠᠬᠢ ᠵᠢᠷᠤᠭ ᠲᠤ ᠦᠵᠡ︶
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号