ᠪᠥᠬᠦ ᠠᠶᠢᠮᠠᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠬᠦᠯᠦᠭᠰᠡᠨ ᠳᠣᠬᠠᠢ ᠲᠤᠰᠬᠠᠶ ᠳᠦᠷᠦᠯ ᠤᠨ ᠠᠵᠢᠯ ᠢᠶᠠᠨ ᠮᠡᠳᠡᠬᠦᠯᠵᠦ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/10
       ᠶᠡᠷᠦᠩᠬᠡᠶ ᠱᠦᠵᠢ ᠰᠢ ᠶᠢᠨ ᠫᠢᠩ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠤᠰᠬᠠᠶ ᠲᠣᠭᠤᠷᠢᠨ ᠪᠠᠶᠢᠴᠠᠭᠠᠯᠲᠠ ᠪᠠ 2020 ᠣᠨ ᠤ ᠥᠪᠡᠷᠲᠡᠭᠡᠨ ᠵᠠᠰᠠᠬᠤ ᠣᠷᠣᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠠᠬᠢᠭᠤᠯᠵᠤ᠂ ᠤᠯᠤᠰ ᠲᠥᠷᠥ ᠶᠢᠨ ᠣᠷᠴᠢᠨ ᠳᠣᠭᠤᠷᠢᠨ ᠡᠳᠦᠷ ᠢᠷᠡᠬᠦᠶ᠎ᠡ ᠴᠡᠪᠡᠷᠰᠢᠬᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠪᠥᠬᠦ ᠠᠶᠢᠮᠠᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠬᠦᠯᠦᠭᠰᠡᠨ ᠳᠣᠬᠠᠢ ᠲᠤᠰᠬᠠᠶ ᠳᠦᠷᠦᠯ ᠤᠨ ᠠᠵᠢᠯ  ᠢᠶᠠᠨ ᠮᠡᠳᠡᠬᠦᠯᠵᠦ ᠦᠨᠡᠯᠡᠬᠦ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠸᠧᠶ ᠰᠢᠨ ᠬᠤᠷᠠᠯ ᠢ ᠡᠷᠭᠢᠯᠡᠪᠡ᠃
      ᠬᠤᠷᠠᠯ ᠳᠤ᠂ ︽ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠳᠣᠣᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠪᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠲᠣᠪᠴᠢᠶ᠎ᠠ᠂ ᠠᠯᠠᠱᠠ ᠶᠢᠨ ᠴᠠᠬᠢᠯᠭᠠᠨ ᠦᠢᠯᠡᠰ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠲᠣᠰ ᠲᠣᠰ ᠲᠤᠬᠠᠶ ᠶᠢᠨ ᠲᠠᠯᠠᠪᠠᠶ ᠳᠤ ᠠᠵᠢᠯ ᠢᠶᠠᠨ ᠮᠡᠳᠡᠭᠦᠯᠪᠠ᠃ ᠴᠡᠭᠡ ᠪᠣᠭᠤᠮᠲᠠ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠬᠤᠰᠢᠭᠤ ᠨᠡᠭᠡᠭᠡᠯᠳᠡ ᠶᠢᠨ ᠣᠷᠣᠨ ᠪᠠ ᠰᠠᠯᠠᠭ᠎ᠠ ᠮᠥᠴᠢᠷ ᠪᠢᠴᠢᠭ ᠤᠨ ᠬᠡᠯᠪᠡᠷᠢ ᠪᠠᠷ ᠠᠵᠢᠯ ᠢᠶᠠᠨ ᠮᠡᠳᠡᠭᠦᠯᠪᠡ᠃      ᠬᠤᠷᠠᠯ ᠠᠴᠠ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠪᠣᠯ ᠭᠠᠵᠠᠷ ᠣᠷᠣᠨ ᠤ ᠵᠥᠭᠡᠯᠡᠨ ᠪᠣᠳᠠᠲᠤ ᠬᠦᠴᠦᠨ ᠪᠠ ᠭᠤᠣᠯᠯᠠᠬᠤ ᠦᠷᠢᠰᠦᠯᠳᠦᠬᠦ ᠬᠦᠴᠦᠨ ᠤ ᠴᠢᠬᠤᠯᠠ ᠢᠯᠡᠷᠡᠯ ᠪᠣᠯᠤᠨ᠎ᠠ᠃ ᠣᠶᠢᠷ᠎ᠠ ᠶᠢᠨ ᠵᠢᠯ ᠳᠤ᠂ ᠮᠠᠨ ᠤ ᠠᠶᠢᠮᠠᠭ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠲᠡᠷᠢᠭᠦᠨ ᠢᠨᠵᠧᠨᠧᠷᠢᠩ︾ ᠪᠣᠯᠭᠠᠵᠤ᠂ ᠵᠠᠰᠠᠭ ᠵᠠᠬᠢᠷᠭᠠᠨ ᠤ ᠦᠷ᠎ᠡ ᠪᠦᠳᠦᠮᠵᠢ ᠶᠢ ᠢᠯᠡᠳᠲᠡ ᠳᠡᠭᠡᠭᠰᠢᠯᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ  ᠬᠦᠢᠴᠡᠳᠬᠡᠬᠦ ᠳᠤ ᠨᠠᠩ ᠳᠥᠭᠦᠮ ᠳᠥᠲᠡ ᠪᠣᠯᠭᠠᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠪᠡ᠃ ᠬᠤᠷᠠᠯ ᠠᠴᠠ᠂ ᠠᠮᠵᠢᠯᠲᠠ ᠪᠠᠨ ᠨᠤᠲᠠᠯᠠᠬᠤ ᠶᠢᠨ ᠬᠠᠮᠳᠣ ᠪᠠᠰᠠ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠭᠤᠣᠯᠳᠠᠯᠭ᠎ᠠ ᠱᠠᠭᠠᠷᠳᠠᠯᠭ᠎ᠠ ᠪᠠᠨ ᠲᠣᠳᠣᠷᠬᠠᠶᠢᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠳᠣᠯᠭᠠᠮ᠎ᠠ ᠪᠤᠳᠤᠯ ᠢᠶᠠᠨ ᠴᠢᠩᠭᠠᠳᠬᠠᠵᠤ᠂ ᠳᠤᠲᠠᠭᠤᠳᠠᠯ ᠢᠶᠠᠨ ᠦᠨᠡᠨᠬᠦ ᠨᠥᠬᠦᠪᠥᠷᠢᠯᠡᠵᠦ᠂ ᠠᠰᠠᠭᠤᠳᠠᠯ ᠢ ᠰᠢᠢᠳᠪᠦᠷᠢᠯᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃ ᠭᠤᠤᠯᠳᠠᠯᠭ᠎ᠠ ᠶᠢ ᠳᠣᠪᠤᠶᠢᠯᠭᠠᠨ ᠵᠠᠩᠭᠢᠯᠠᠭ᠎ᠠ ᠶᠢ ᠡᠵᠡᠮᠳᠡᠵᠦ᠂ ᠬᠤᠴᠣᠷᠴᠦ ᠪᠠᠶᠢᠭ᠎ᠠ ᠬᠦᠢᠴᠡᠳᠬᠡᠯ ᠲᠤᠭ᠎ᠠ ᠶᠢᠨ ᠳᠤᠲᠠᠭᠤᠳᠠᠯ ᠢ ᠨᠥᠬᠦᠪᠥᠷᠢᠯᠡᠨ ᠳᠡᠭᠡᠭᠰᠢᠯᠡᠭᠦᠯᠬᠦ᠂ ᠳᠣᠮᠳᠠᠭᠤᠷ ᠵᠢᠭᠰᠠᠭᠠᠭᠳᠠᠵᠦ ᠪᠠᠶᠢᠭ᠎ᠠ ᠬᠦᠢᠴᠡᠳᠬᠡᠯ ᠲᠤᠭ᠎ᠠ ᠶᠢ ᠲᠡᠷᠢᠭᠦᠨ ᠤ ᠬᠢ ᠪᠣᠯᠭᠠᠬᠤ ᠪᠠᠷ ᠴᠢᠷᠮᠠᠶᠢᠬᠤ᠂ ᠣᠷᠢᠳᠠᠭᠤᠷ ᠪᠠᠶᠢᠭ᠎ᠠ ᠬᠦᠢᠴᠡᠳᠬᠡᠯ ᠲᠤᠭ᠎ᠠ ᠶᠢ ᠨᠠᠩ ᠴᠢᠨᠠᠭᠰᠢᠳᠠ ᠳᠠᠪᠰᠢᠭᠤᠯᠬᠤ ᠬᠠᠷᠠᠯᠲᠠ ᠱᠠᠭᠠᠷᠳᠠᠯᠭ᠎ᠠ ᠶᠣᠰᠣᠭᠠᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠤᠳᠤᠷᠢᠳᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠪᠠᠨ ᠴᠢᠩᠭᠠᠳᠬᠠᠵᠤ᠂  ᠣᠨᠴᠣᠭᠤᠶᠢᠯᠠᠨ ᠭᠤᠣᠯ ᠤᠳᠤᠷᠢᠳᠤᠯᠭ᠎ᠠ ᠪᠡᠶᠡᠴᠢᠯᠡᠨ ᠠᠳᠬᠤᠵᠤ᠂ ᠪᠡᠶᠡᠴᠢᠯᠡᠨ ᠰᠤᠳᠤᠯᠵᠤ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠥᠳᠡᠯᠦᠯᠴᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠠᠪᠴᠠᠩ ᠤᠨ ᠪᠠᠶᠢᠭᠤᠯᠤᠯᠲᠠ᠂ ᠡᠬᠢ ᠪᠠᠶᠠᠯᠢᠭ ᠢ ᠨᠡᠶᠢᠳᠬᠡᠬᠦ᠂ ᠲᠤᠭ᠎ᠠ ᠪᠠᠷᠢᠮᠲᠠ ᠶᠢ ᠬᠠᠮᠲᠤ ᠪᠠᠷ ᠬᠤᠪᠢᠶᠠᠯᠴᠠᠬᠤ ᠵᠡᠷᠭᠡ ᠲᠠᠯ᠎ᠠ ᠪᠠᠷ ᠬᠢ ᠤᠯᠤᠯᠴᠠᠭ᠎ᠠ ᠵᠣᠬᠢᠴᠠᠭᠤᠯᠭ᠎ᠠ ᠪᠣᠯᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠥᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢᠮᠳᠠᠭᠤᠯᠣᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠣᠯᠤᠨ ᠬᠤᠶᠢᠷᠭᠤᠰᠢᠬᠤ᠂ ᠬᠢᠬᠦ ᠦᠭᠡᠢ᠂ ᠳᠤᠷ᠎ᠠ ᠪᠠᠷ ᠢᠶᠠᠨ ᠬᠢᠬᠦ ᠵᠡᠷᠭᠡ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠵᠦ᠂ ᠴᠠᠭᠠᠵᠠ ᠪᠠᠶᠢᠪᠠᠯ ᠵᠠᠪᠠᠯ ᠵᠣᠭᠰᠣᠭᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠲᠣᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠤᠷᠠᠯ ᠠᠴᠠ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠣᠷᠢᠶᠠᠯᠠᠪᠠᠯ ᠵᠠᠪᠠᠯ ᠬᠦᠢᠴᠡᠳᠬᠡᠵᠦ᠂ ᠤᠴᠢᠷ ᠥᠬᠡᠶ ᠪᠣᠯ ᠬᠠᠷᠰᠢᠯᠠᠬᠤ ᠥᠬᠡᠶ︾ ︽ᠰᠠᠶᠢᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠠᠮᠠᠯᠠᠯᠲᠠ ᠶᠢᠨ ᠵᠦᠢᠯᠡᠰ ᠢ ᠦᠨᠡᠨᠬᠦ ᠰᠠᠶᠢᠲᠤᠷ ᠬᠢᠬᠦ ᠬᠡᠷᠡᠭᠲᠡᠶ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠨᠥᠯᠥᠭᠡᠯᠡᠬᠦ ︽ᠲᠦᠭᠵᠢᠷᠡᠯ︾ ᠢ ᠨᠡᠪᠲᠡᠷᠡᠭᠦᠯᠵᠦ᠂ ᠪᠡᠯᠡ ᠮᠥᠩᠭᠦ ᠤᠶᠤᠨ ᠤᠬᠠᠭᠠᠨ ᠢ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠠᠮᠢᠵᠢᠷᠠᠯ ᠤᠨ ᠬᠦᠴᠦᠨ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠷᠲᠡᠮᠵᠢ ᠶᠢᠨ ᠲᠦᠷᠦᠭᠳᠡᠯ ᠢ  ᠦᠨᠡᠨᠬᠦ ᠴᠢᠩᠭᠠᠳᠬᠠᠬᠤ ᠬᠡᠷᠡᠭᠲᠡᠢ᠃ ᠤᠯᠤᠰ ᠲᠥᠷᠥ ᠶᠢᠨ ᠣᠷᠴᠢᠨ ᠳᠣᠭᠤᠷᠢᠨ ᠢ ᠦᠷᠭᠦᠯᠵᠢᠯᠡᠨ ᠴᠡᠪᠡᠷᠰᠢᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ︽ᠳᠣᠲᠣᠨᠣ︾ ︽ᠴᠢᠬᠡᠴᠢ︾ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠠᠷᠠᠯᠵᠢᠶᠠᠴᠢᠨ ᠤ ᠬᠠᠷᠢᠴᠠᠭ᠎ᠠ ᠶᠢ ᠪᠠᠶᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠢᠯᠢᠳᠡᠭ ᠨᠠᠩ ᠰᠠᠶᠢᠨ ︽ᠵᠥᠭᠡᠯᠡᠨ ᠣᠷᠴᠢᠨ ᠲᠣᠭᠤᠷᠢᠨ︾ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号