ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠬᠦᠴᠦᠨ ᠢᠶᠠᠷ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/9/10
      ︽ᠨᠡᠶᠢᠭᠡᠮᠴᠢᠯᠡᠯᠲᠡ ᠭᠡᠵᠦ ᠶᠠᠭᠤ ᠪᠤᠶ︖ ᠪᠢᠳᠡ ᠶᠠᠭᠠᠬᠢᠪᠠᠯ ᠰᠠᠶ᠋ᠢ ᠨᠢᠭᠡᠨ ᠬᠢᠷᠢ ᠲᠡᠩᠴᠡᠭᠰᠡᠨ ᠨᠡᠶᠢᠭᠡᠮ ᠤᠨ ᠭᠡᠰᠢᠭᠦᠨ ᠪᠣᠯᠵᠤ ᠴᠢᠳᠠᠬᠤ ᠪᠤᠢ︖︾᠃ ᠤᠢᠢᠷ᠎ᠠ ᠶᠢᠨ ᠡᠳᠦᠷ᠂ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠨᠢᠭᠡᠳᠦᠭᠡᠷ ᠠᠩᠬᠢ ᠶᠢᠨ ᠬᠢᠴᠢᠶᠡᠯ ᠤᠨ ᠭᠡᠷ ᠲᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠶᠢᠨ ᠬᠢᠴᠢᠶᠡᠯ ᠤᠨ ᠵᠢᠭᠠᠨ ᠰᠤᠷᠭᠠᠯᠲᠠ ᠶᠢ ᠬᠠᠷᠢᠭᠤᠴᠠᠵᠤ ᠪᠠᠶᠢᠭ᠎ᠠ ᠪᠠᠭᠰᠢ ᠲᠠᠨ᠎ᠠ ᠬᠢᠴᠢᠶᠡᠯ ᠤᠨ ᠲᠠᠩᠬᠢᠮ ᠳᠤ ᠡᠨᠡ ᠬᠦ ᠠᠰᠠᠭᠤᠯᠲᠠ ᠶᠢ ᠲᠠᠯᠪᠢᠭᠰᠠᠨ ᠤ ᠳᠠᠷᠠᠭ᠎ᠠ᠂ ᠰᠤᠷᠤᠭᠴᠢᠳ ᠢᠳᠡᠪᠬᠢᠳᠡᠢ ᠬᠠᠷᠢᠭᠤᠯᠵᠠᠭᠠᠵᠦ ᠪᠠᠶᠢᠯ᠎ᠠ᠃       ᠲᠠᠨ᠎ᠠ ᠪᠠᠭᠰᠢ ᠨᠢᠭᠡᠨᠲᠡ ᠠᠷᠪᠠᠨ ᠵᠢᠯ ᠪᠠᠭᠰᠢᠯᠠᠭᠰᠠᠨ ᠪᠥᠭᠡᠳ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠨᠠᠢᠮᠠᠳᠤᠭᠠᠷ ᠣᠨ ᠤ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠬᠢᠴᠢᠶᠡᠯ ᠤᠨ ᠵᠢᠭᠠᠨ ᠰᠤᠷᠭᠠᠯᠲᠠ ᠶᠢ ᠡᠭᠦᠷᠭᠡᠯᠡᠭᠰᠡᠨ ᠠᠴᠠ ᠨᠠᠰᠢ᠂ ᠲᠡᠷᠡ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ᠮᠠᠰᠢ ᠥᠨᠳᠥᠷ ᠦᠨᠡᠯᠡᠯᠲᠡ ᠥᠭᠭᠦᠭᠰᠡᠨ ᠪᠠᠶᠢᠨ᠎ᠠ᠃ ᠲᠠᠨ᠎ᠠ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠰᠢ᠂ ᠰᠤᠷᠤᠭᠴᠢᠳ ᠲᠤ ᠬᠢᠴᠢᠶᠡᠯ ᠤᠨ ᠳᠡᠪᠲᠡᠷ ᠤᠨ ᠮᠡᠳᠡᠯᠭᠡ ᠶᠢ ᠨᠠᠩ ᠰᠠᠶᠢᠨ ᠤᠢᠢᠯᠠᠭᠠᠭᠤᠯᠵᠦ᠂ ᠬᠢᠴᠢᠶᠡᠯ ᠤᠨ ᠲᠠᠩᠬᠢᠮ ᠢ ᠠᠮᠢᠳᠤᠯᠢᠭ ᠪᠣᠯᠭᠠᠬᠤ ᠶᠢᠨ ᠲᠥᠯᠥᠭᠡ᠂ ᠬᠢᠴᠢᠶᠡᠯ ᠤᠨ ᠳᠠᠷᠠᠭ᠎ᠠ ᠪᠠᠭᠰᠢ ᠨᠠᠷ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠨ ᠨᠠᠩ ᠣᠯᠠᠨ ᠴᠠᠭ ᠪᠠ ᠣᠶᠤᠨ ᠴᠢᠳᠠᠯ ᠢᠶᠠᠨ ᠵᠠᠷᠤᠴᠠᠭᠤᠯᠵᠤ ᠪᠠᠶᠢᠭᠠᠳ ᠬᠢᠴᠢᠶᠡᠯ ᠪᠡᠯᠡᠳᠬᠡᠵᠦ᠂ ᠣᠯᠠᠨ ᠤ ᠳᠡᠷᠭᠡᠳᠡᠬᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠵᠢᠭᠠᠬᠤ ᠲᠥᠰᠦᠯ ᠢ ᠨᠠᠶᠢᠷᠠᠭᠤᠯᠤᠨ ᠪᠢᠴᠢᠵᠠᠢ᠃ ᠰᠤᠷᠭᠠᠭᠤᠯᠢ ᠡᠬᠢᠯᠡᠭᠰᠡᠨ ᠨᠢᠭᠡ ᠭᠠᠷᠠᠭ ᠤᠨ ᠬᠢᠴᠢᠶᠡᠯ ᠤᠨ ᠪᠠᠶᠢᠳᠠᠯ ᠠᠴᠠ ᠦᠵᠡᠪᠡᠯ᠂ ᠰᠤᠷᠤᠭᠴᠢᠳ ᠤᠨ ᠢᠳᠡᠪᠬᠢᠵᠢᠯ ᠮᠠᠰᠢ ᠥᠨᠳᠥᠷ ᠪᠠᠶᠢᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠴᠤ ᠮᠠᠰᠢ ᠰᠠᠶᠢᠨ ᠪᠠᠶᠢᠨ᠎ᠠ ᠬᠡᠵᠦ ᠪᠠᠶᠢᠯ᠎ᠠ᠃       ᠡᠨᠡ ᠵᠢᠯ ᠤᠨ ᠨᠠᠮᠤᠷ ᠤᠨ ᠤᠯᠠᠷᠢᠯ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠶᠢᠨ ᠬᠢᠨ 2020 ᠣᠨ ᠠᠴᠠ ᠡᠬᠢᠯᠡᠨ ᠪᠠᠭᠰᠢ ᠪᠠᠨ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠡᠯ᠎ᠡ ᠵᠦᠢᠯ ᠤᠨ ᠪᠣᠯᠪᠠᠰᠤᠷᠠᠯ ᠳᠤ ᠣᠷᠣᠯᠴᠠᠭᠤᠯᠬᠤ ᠪᠠᠷ ᠳᠠᠮᠵᠢᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠠᠰᠤ ᠴᠢᠨᠠᠷ ᠢ ᠪᠥᠬᠦ ᠬᠦᠴᠦᠨ ᠢᠶᠠᠷ ᠪᠠᠲᠤᠯᠠᠪᠠ᠃ 2021 ᠣᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠨᠠᠰᠢ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠰ ᠰᠤᠷᠭᠠᠭᠤᠯᠢ ᠨᠢ ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠲᠠᠢ ᠬᠠᠪᠰᠤᠷᠤᠨ ᠲᠡᠳᠬᠦᠬᠦ ᠲᠣᠭᠲᠠᠴᠠ ᠪᠠᠶᠢᠭᠤᠯᠵᠤ᠂ ᠰᠣᠨᠣᠰᠬᠤ᠂ ᠰᠤᠷᠪᠤᠯᠵᠢᠯᠠᠬᠤ᠂ ᠶᠠᠷᠢᠬᠤ ᠬᠡᠯᠪᠡᠷᠢ ᠪᠠᠷ ᠳᠠᠮᠵᠢᠭᠤᠯᠤᠨ᠂ ᠪᠠᠭᠰᠢ ᠨᠠᠷ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠵᠡᠮᠰᠢᠬᠦ ᠪᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃       ︽ᠰᠠᠷ᠎ᠠ ᠪᠦᠷᠢ ᠶᠢᠨ ᠨᠢᠭᠡᠳᠦᠭᠡᠷ ᠭᠠᠷᠠᠭ ᠲᠤ᠂ ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠮᠠᠨ ᠤ ᠰᠤᠷᠭᠠᠭᠤᠯᠢ ᠳᠤ ᠢᠷᠡᠵᠦ ᠬᠢᠴᠢᠶᠡᠯ ᠤᠷᠤᠳᠠᠭ᠃ ᠰᠠᠷ᠎ᠠ ᠪᠦᠷᠢ ᠶᠢᠨ ᠭᠤᠷᠪᠠᠳᠤᠭᠠᠷ ᠭᠠᠷᠠᠭ ᠲᠤ᠂ ᠮᠠᠨ ᠤ ᠰᠤᠷᠭᠠᠭᠤᠯᠢ ᠶᠢᠨ ᠪᠠᠭᠰᠢ ᠨᠠᠷ ᠠᠯᠠᠱᠠ ᠵᠡᠭᠦᠨ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠬᠢᠴᠢᠶᠡᠯ ᠰᠣᠨᠣᠰᠤᠨ᠂ ᠬᠠᠮᠢᠶ᠎ᠠ ᠪᠥᠬᠦᠶ ᠵᠢᠭᠠᠨ ᠰᠤᠳᠤᠯᠬᠤ ᠠᠵᠢᠯᠯᠠᠭ᠎ᠠ ᠳᠤ ᠣᠷᠣᠯᠴᠠᠳᠠᠭ᠃ ᠡᠩ ᠤᠨ ᠦᠶ᠎ᠡ ᠳᠡᠭᠡᠨ ᠪᠠᠭᠰᠢ ᠨᠠᠷ ᠪᠠᠰᠠ ᠰᠤᠷᠭᠠᠭᠤᠯᠢ ᠲᠤᠳᠤᠷ᠎ᠠ ᠪᠠᠨ ᠬᠢᠴᠢᠶᠡᠯ ᠰᠣᠨᠣᠰᠬᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠪᠠᠭᠤᠭᠰᠠᠨ ᠤ ᠳᠠᠷᠠᠭ᠎ᠠ ᠬᠢᠴᠢᠶᠡᠯ ᠦᠨᠡᠯᠡᠬᠦ᠂ ᠳᠤᠭᠤᠶᠢᠯᠠᠩ ᠤᠨ ᠳᠣᠲᠣᠷᠠᠬᠢ ᠲᠤᠰᠬᠠᠶ ᠰᠡᠳᠦᠪᠲᠦ ᠰᠤᠷᠤᠯᠴᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰ ᠪᠡᠶ᠎ᠡ ᠶᠢᠨ ᠵᠢᠭᠠᠨ ᠰᠤᠷᠭᠠᠬᠤ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ ᠪᠤᠢ᠂ ᠣᠳᠣᠬᠠᠨ ᠳᠤ ᠮᠠᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠬᠡᠷᠡᠭᠵᠢᠭᠦᠯᠬᠦ ᠠᠵᠢᠯ ᠮᠠᠰᠢ ᠤᠷᠤᠭᠰᠢᠲᠠᠢ ᠪᠠᠶᠢᠨ᠎ᠠ︾ ᠭᠡᠮᠡᠨ ᠠᠯᠠᠱᠠ ᠮᠣᠩᠭᠤᠯ ᠦᠨᠳᠦᠰᠦᠲᠡᠨ ᠤ ᠪᠦᠷᠢᠨ ᠳᠤᠮᠳᠠᠳᠤ ᠰᠤᠷᠭᠠᠭᠤᠯᠢ ᠶᠢᠨ ᠵᠢᠭᠠᠬᠤ ᠶᠢ ᠰᠤᠳᠤᠯᠬᠤ ᠭᠡᠯᠳᠡᠰ ᠤᠨ ᠳᠠᠷᠤᠭ᠎ᠠ ᠤᠶᠤᠨᠬᠤᠸᠠᠷ ᠬᠡᠯᠡᠵᠦ ᠪᠠᠶᠢᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号