ᠠᠯᠠᠱᠠ ᠠᠶᠢᠮᠠᠭ ᠤᠨ ᠶᠡᠭᠡ ᠭᠡᠮᠵᠢᠶᠠᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠴᠢ ᠣᠨᠴᠠᠯᠢᠭᠲᠤ ᠪᠦᠲᠦᠭᠡᠭᠳᠡᠬᠦᠨ ᠳᠤ ᠴᠥᠮ ᠳᠠᠭᠠᠳᠬᠠᠯ ᠲᠠᠢ ᠪᠤᠯᠵᠠᠢ
ᠨᠡᠶᠢᠲᠡᠯᠡᠭᠰᠡᠨ ᠴᠠᠭ᠄
2021/9/10
     ᠲᠡᠮᠡᠭᠡᠨ ᠬᠠᠰᠢᠶ᠎ᠠ ᠪᠠᠨ ᠴᠡᠪᠡᠷᠯᠡᠵᠤ᠂ ᠲᠡᠮᠡᠭᠡᠨ ᠳᠡᠭᠡᠨ ᠡᠪᠡᠰᠦ ᠪᠣᠷᠳᠤᠭ᠎ᠠ ᠨᠡᠮᠡᠨ᠎ᠠ ᠁ ᠠᠯᠠᠱᠠ ᠵᠡᠭᠦᠨ ᠬᠤᠰᠢᠭᠤᠨ ᠤ ᠰᠦᠮᠡᠲᠦ ᠭᠠᠴᠠᠭᠠᠨ ᠳᠤ ᠰᠠᠭᠤᠭ᠎ᠠ ᠲᠡᠮᠡᠭᠡᠴᠢᠨ ᠡᠷᠦᠬᠡ ᠯᠢᠨ ᠵᠧᠨ ᠮᠢᠨ ᠨᠢᠬᠡ ᠡᠳᠦᠷ ᠤᠨ ᠠᠵᠢᠯ ᠢᠶᠠᠨ ᠡᠬᠢᠯᠡᠬᠦᠯᠥᠯ᠎ᠠ᠃ ᠣᠶᠢᠷ᠎ᠠ ᠶᠢᠨ ᠵᠢᠯ ᠠᠴᠠ ᠨᠠᠰᠢ᠂ ᠨᠠᠮ ᠪᠣᠯᠤᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠯᠢᠨ ᠵᠧᠨ ᠮᠢᠨ ᠮᠠᠯ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠬᠦ ᠪᠠᠷ ᠳᠡᠮᠵᠢᠨ ᠲᠡᠮᠡᠭᠡᠨ ᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠣᠲᠣ ᠨᠢᠭᠡᠨᠲᠡ ᠲᠤᠬᠠᠶ ᠶᠢᠨ ᠭᠠᠵᠠᠷ ᠤᠨ ᠬᠤᠯᠠ ᠣᠶᠢᠷ᠎ᠠ ᠳᠤ ᠠᠯᠳᠠᠷᠰᠢᠭᠰᠠᠨ ᠲᠡᠮᠡᠭᠡ ᠲᠡᠵᠢᠭᠡᠬᠦ ᠲᠣᠮᠣ ᠡᠷᠦᠬᠡ ᠪᠣᠯᠵᠠᠶ᠃      ︽ᠲᠡᠮᠡᠭᠡᠨ ᠤ ᠠᠵᠤ ᠦᠢᠯᠡᠰ ᠡᠶᠢᠮᠦ ᠰᠠᠶᠢᠨ ᠬᠥᠭᠵᠢᠵᠦ ᠴᠢᠳᠠᠭᠰᠠᠨ ᠨᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠶᠤᠮ᠃ ᠣᠳᠣᠬᠠᠨ ᠳᠤ ᠵᠠᠰᠠᠭ ᠤᠨ ᠣᠷᠳᠣᠨ ᠤ ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠨᠥᠬᠦᠪᠥᠷᠢ ᠳᠤᠤᠷ᠎ᠠ᠂ ᠮᠠᠨ ᠤ ᠲᠡᠮᠡᠭᠡ ᠴᠥᠮ ᠳᠠᠭᠠᠳᠬᠠᠯ ᠳᠤ ᠣᠷᠣᠪᠠ᠂ ᠲᠡᠮᠡᠭᠡ ᠰᠠᠨᠠᠭᠠᠨ ᠳᠤ ᠥᠬᠡᠶ ᠪᠠᠷ ᠥᠭᠦᠭᠰᠡᠨ ᠪᠤᠶᠤ ᠡᠪᠡᠳᠴᠢᠨ ᠢᠶᠠᠷ ᠥᠭᠦᠭᠰᠡᠨ ᠵᠡᠷᠭᠡ ᠪᠠᠶᠢᠳᠠᠯ ᠭᠠᠷᠪᠠᠯ ᠴᠥᠮ ᠲᠥᠯᠥᠪᠦᠷᠢ ᠣᠯᠵᠤ ᠪᠣᠯᠬᠤ ᠪᠥᠭᠡᠳ ᠬᠤᠪᠢ ᠬᠥᠮᠦᠨ ᠳᠠᠭᠠᠳᠬᠠᠯ ᠤᠨ ᠵᠠᠷᠤᠳᠠᠯ ᠤᠨ 30% ᠶᠢ ᠯᠠ ᠭᠠᠷᠭᠠᠵᠤ᠂ ᠪᠤᠰᠤᠳ ᠢ ᠨᠢ ᠴᠥᠮ ᠵᠠᠰᠠᠭ ᠤᠨ ᠣᠷᠳᠣᠨ ᠠᠴᠠ ᠬᠠᠷᠢᠭᠤᠴᠠᠵᠦ ᠪᠤᠢ︾ ᠬᠡᠮᠡᠨ ᠯᠢᠨ ᠵᠧᠨ ᠮᠢᠨ ᠪᠠᠶᠠᠷᠲᠠᠶᠢᠬᠠᠨ ᠬᠡᠯᠡᠨ᠎ᠡ᠃      ᠯᠢᠨ ᠵᠧᠨ ᠮᠢᠨ ᠤ ᠬᠡᠯᠡᠭᠰᠡᠨ ᠲᠡᠮᠡᠭᠡᠨ ᠤ ᠳᠠᠭᠠᠳᠬᠠᠯ ᠤᠨ ᠨᠥᠬᠦᠪᠥᠷᠢ ᠪᠣᠯ ᠠᠯᠠᠱᠠ ᠠᠶᠢᠮᠠᠭ ᠲᠣᠰ ᠠᠶᠢᠮᠠᠭ ᠤᠨ ᠲᠡᠮᠡᠭᠡ ᠲᠡᠵᠢᠭᠡᠬᠦ ᠡᠷᠦᠬᠡ ᠳᠤ ᠪᠠᠲᠤᠯᠠᠭ᠎ᠠ ᠬᠠᠩᠭᠠᠵᠤ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠬᠦ‍ ᠨᠢᠭᠡ ᠵᠦᠢᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠣᠯᠤᠨ᠎ᠠ᠃ ᠲᠡᠮᠡᠭᠡ ᠪᠣᠯ ᠠᠯᠠᠱᠠ ᠠᠶᠢᠮᠠᠭ ᠤᠨ ᠳᠠᠪᠠᠭᠤᠯᠢᠭ ᠮᠠᠯ ᠤᠨ ᠡᠭᠦᠯᠳᠡᠷ ᠪᠤᠯᠬᠤᠷ ᠲᠡᠮᠡᠭᠡ ᠲᠡᠵᠢᠭᠡᠨ ᠦᠷᠡᠵᠢᠭᠦᠯᠬᠦ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠤᠨ ᠲᠤᠯᠭᠠᠭᠤᠷᠢ ᠠᠵᠦ ᠦᠢᠯᠡᠰ ᠤᠨ ᠨᠢᠬᠡ ᠪᠤᠯᠤᠨ᠎ᠠ᠃ ᠪᠠᠶᠢᠭᠠᠯᠢ ᠶᠢᠨ ᠭᠠᠮᠰᠢᠭ ᠠᠴᠠ ᠪᠤᠯᠤᠭᠰᠠᠨ ᠬᠤᠬᠢᠷᠡᠯ ᠢ ᠪᠠᠭᠠᠰᠬᠠᠵᠦ᠂ ᠲᠠᠷᠢᠶᠠᠯᠠᠩ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 2016 ᠣᠨ ᠤ ᠡᠴᠦᠰ ᠲᠤ᠂ ᠠᠯᠠᠱᠠ ᠠᠶᠢᠮᠠᠭ ︽ᠠᠯᠠᠱᠠ ᠠᠶᠢᠮᠠᠭ ᠤᠨ 2016 ᠣᠨ ᠤ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠡᠷᠡᠭᠵᠢᠭᠦᠯᠬᠦ ᠲᠥᠰᠦᠪ︾ ᠢ ᠨᠡᠶᠢᠲᠡᠯᠡᠪᠡ᠃ ᠲᠠᠷᠤᠢ 1 — 20 ᠨᠠᠰᠤᠨ ᠤ ᠬᠤᠭᠤᠷᠤᠨᠳᠤᠬᠢ ᠲᠡᠮᠡᠭᠡ ᠶᠢ ᠴᠦᠮ ᠲᠠᠭᠠᠳᠬᠠᠯ ᠳᠤ ᠤᠷᠤᠭᠤᠯᠵᠦ ᠪᠤᠯᠬᠤ ᠮᠦᠷᠳᠡᠬᠡᠨ ᠲᠡᠮᠡᠭᠡᠨ ᠤ ᠳᠠᠭᠠᠳᠬᠠᠯ ᠤᠨ ᠰᠦᠢᠳᠬᠡᠯ ᠢ ᠬᠤᠪᠢ ᠬᠥᠮᠦᠨ ᠵᠦᠪᠬᠡᠨ 30% ᠶᠢ ᠬᠠᠷᠢᠭᠤᠴᠠᠵᠦ᠂ ᠵᠠᠰᠠᠭ ᠤᠨ ᠣᠷᠳᠣᠨ ᠠᠴᠠ 70% ᠶᠢ ᠬᠠᠷᠢᠭᠤᠴᠠᠨ᠎ᠠ᠃ ᠳᠠᠭᠠᠳᠬᠠᠯ ᠤᠨ ᠬᠤᠭᠤᠴᠠᠭᠠᠨ ᠳᠤ᠂ ᠬᠦᠨᠳᠦ ᠶᠡᠭᠡ ᠡᠪᠡᠳᠴᠢᠨ ᠤ ᠬᠥᠨᠥᠭᠡᠯ᠂ ᠪᠠᠶᠢᠭᠠᠯᠢ ᠶᠢᠨ ᠭᠠᠮᠰᠢᠭ᠂ ᠰᠠᠨᠠᠭᠠᠨ ᠳᠤ ᠥᠬᠡᠶ ᠡ᠊ᠨᠳᠡᠯ᠂ ᠪᠡᠷᠬᠡ ᠬᠥᠩᠭᠡᠵᠢᠯᠲᠡ᠂ ᠴᠢᠨ᠋ᠸ᠎ᠠ ᠶᠢᠨ ᠬᠥᠨᠥᠭᠡᠯ᠂ ᠵᠠᠮ ᠬᠠᠷᠢᠯᠴᠠᠭᠠᠨ ᠤ ᠡ᠊ᠨᠳᠡᠯ ᠠᠴᠠ ᠪᠣᠯᠵᠣ ᠳᠠᠭᠠᠳᠬᠠᠯ ᠳᠤ ᠣᠷᠣᠯᠴᠠᠭᠰᠠᠨ ᠪᠣᠳᠠᠭᠠᠯᠢ ᠪᠡᠶ᠎ᠡ ᠶᠢ ᠰᠢᠭᠤᠳ ᠬᠤᠬᠢᠷᠠᠭᠤᠯᠤᠭᠰᠠᠨ ᠪᠠᠶᠢᠪᠠᠯ ᠴᠥᠮ ᠲᠥᠯᠥᠪᠦᠷᠢ ᠣᠯᠵᠤ ᠪᠣᠯᠤᠨ᠎ᠠ᠃        ᠣᠷᠴᠢᠮ ᠤᠨ ᠵᠢᠯ ᠠᠴᠠ᠂ ᠠᠯᠠᠱᠠ ᠠᠶᠢᠮᠠᠭ ᠲᠠᠷᠢᠶᠠᠯᠠᠩ ᠤᠨ ᠳᠠᠭᠠᠳᠬᠠᠯ ᠢ ᠪᠠᠶᠢᠭᠠᠯᠢ ᠶᠢᠨ ᠠᠶᠤᠯ ᠲᠦᠭᠰᠢᠭᠦᠷᠢ ᠪᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠ ᠭᠤᠤᠯᠳᠠᠯᠭ᠎ᠠ ᠲᠠᠢ ᠡᠭᠦᠷᠭᠡ ᠪᠠᠨ ᠪᠣᠯᠭᠠᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠯᠠᠩ ᠤᠨ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠦ᠂ ᠳᠠᠭᠠᠳᠬᠠᠯ ᠠᠴᠠ ᠬᠠᠷᠢᠭᠤᠴᠠᠬᠤ ᠬᠡᠯᠪᠡᠷᠢ ᠶᠢᠨ ᠰᠢᠨ᠎ᠡ ᠶᠢ ᠡᠬᠦᠳᠦᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠳᠤ ︽ᠠᠮᠤᠷ ᠲᠦᠪᠰᠢᠨ ᠤ ᠲᠣᠣᠷᠵᠢᠯ︾ ᠢ ᠪᠦᠷᠢᠯᠳᠦᠬᠦᠯᠦᠭᠰᠡᠨ ᠠᠴᠠ ᠮᠠᠯᠴᠢᠨ ᠲᠠᠷᠢᠶᠠᠴᠢᠳ ᠰᠢᠭᠤᠳ ᠠᠰᠢᠭ ᠬᠦᠷᠳᠡᠬᠦ ᠪᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃        ᠠᠯᠠᠱᠠ ᠠᠶᠢᠮᠠᠭ 2012 ᠣᠨ ᠠᠴᠠ ᠡᠬᠢᠯᠡᠨ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠠᠵᠢᠯ ᠢ ᠡᠬᠢᠯᠡᠭᠦᠯᠦᠭᠰᠡᠨ ᠠᠴᠠ ᠨᠠᠰᠢ᠂ ᠨᠥᠬᠦᠪᠥᠷᠢ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠪᠥᠬᠦ ᠠᠶᠢᠮᠠᠭ ᠤᠨ ᠲᠠᠷᠢᠶᠠᠯᠠᠩ ᠤᠨ ᠳᠠᠭᠠᠳᠬᠠᠯ ᠤᠨ ᠨᠥᠬᠦᠪᠥᠷᠢ ᠥᠭᠬᠦ ᠲᠥᠷᠥᠯ ᠵᠦᠢᠯ ᠨᠢ ᠬᠠᠮᠤᠭ ᠤᠨ ᠠᠩᠬᠠᠨ ᠤ ᠦᠵᠦᠮ᠂ ᠪᠠᠯᠲᠤ ᠬᠡᠮᠬᠡ᠂ ᠬᠦᠯᠡᠮᠵᠢ᠂ ᠬᠥᠪᠥᠩ ᠵᠡᠷᠬᠡ ᠲᠠᠷᠢᠮᠠᠯ ᠤᠨ ᠪᠦᠲᠦᠬᠡᠭᠳᠡᠬᠦᠨ ᠪᠠᠶᠢᠭᠰᠠᠨ ᠠᠴᠠ ᠲᠡᠮᠡᠭᠡ᠂ ᠴᠠᠭᠠᠨ  ᠨᠣᠯᠣᠣᠷᠳᠣ ᠢᠮᠠᠭ᠎ᠠ᠂ ᠠ ᠳ᠋ᠦ᠋ ᠬᠤᠨᠢ ᠵᠡᠷᠭᠡ 8 ᠲᠥᠷᠥᠯ ᠵᠦᠢᠯ ᠪᠣᠯᠵᠣ᠂ ᠠᠯᠠᠱᠠ ᠠᠶᠢᠮᠠᠭ ᠤᠨ ᠶᠡᠭᠡ ᠬᠡᠮᠵᠢᠶᠡᠨ ᠤ ᠲᠠᠷᠢᠶᠠᠯᠠᠩ ᠮᠠᠯ ᠠᠵᠤ ᠠᠬᠤᠶ ᠣᠶ ᠰᠢᠭᠤᠶ ᠪᠠ ᠠᠶᠢᠮᠠᠭ ᠤᠨ ᠲᠠᠰ ᠤᠨ ᠣᠨᠴᠠᠯᠢᠭᠲᠤ ᠪᠦᠲᠦᠭᠡᠭᠳᠡᠬᠦᠨ ᠢ ᠦᠨᠳᠦᠰᠦᠨ ᠳᠡᠭᠡᠨ ᠬᠠᠮᠤᠷᠴᠤ᠂ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠣᠯᠠᠨ ᠵᠢᠯ ᠤᠨ ᠲᠤᠷᠰᠢ᠂ ᠲᠣᠰ ᠠᠶᠢᠮᠠᠭ ᠵᠥᠪᠬᠡᠨ ᠲᠡᠮᠡᠭᠡᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠬᠡᠪᠴᠢᠶ᠎ᠡ ᠨᠢ 2140 ᠲᠦᠮᠡᠨ ᠲᠥᠭᠦᠷᠢᠭ ᠲᠤ ᠬᠦᠷᠴᠦ᠂ ᠡᠯ᠎ᠡ ᠱᠠᠲᠤᠨ ᠤ ᠡᠳ᠋ ᠤᠨ ᠵᠠᠰᠠᠭ ᠠᠴᠠ 1498 ᠲᠦᠮᠡᠨ ᠲᠦᠬᠦᠷᠢᠭ ᠤᠨ ᠲᠠᠷᠢᠶᠠᠯᠠᠩ ᠤᠨ ᠳᠠᠭᠠᠳᠬᠠᠯ ᠤᠨ ᠨᠥᠬᠦᠪᠥᠷᠢ ᠶᠢ ᠲᠤᠬᠢᠷᠠᠭᠤᠯᠤᠨ᠂ 5300 ᠡᠷᠦᠬᠡ ᠮᠠᠯᠴᠢᠨ ᠲᠠᠷᠢᠶᠠᠴᠢᠨ ᠲᠠᠭᠠᠳᠬᠠᠯ ᠳᠤ ᠤᠷᠤᠯᠴᠠᠵᠦ᠂ ᠳᠠᠭᠠᠳᠬᠠᠯ ᠳᠤ ᠬᠤᠯᠪᠣᠭᠳᠠᠭᠰᠠᠨ ᠵᠣᠭᠤᠰ ᠤᠨ ᠲᠤᠭ᠎ᠠ ᠨᠢ 9.01 ᠳ᠋ᠦᠩᠰᠢᠭᠤᠷ ᠲᠥᠭᠦᠷᠢᠭ ᠲᠤ ᠬᠦᠷᠴᠦ᠂ 2236 ᠲᠦᠮᠡᠨ ᠲᠥᠭᠦᠷᠢᠭ ᠤᠨ ᠲᠥᠯᠥᠪᠦᠷᠢ ᠦᠭᠴᠦ᠂ 2623 ᠡᠷᠦᠬᠡ ᠮᠠᠯᠴᠢᠨ ᠲᠠᠷᠢᠶᠠᠴᠢᠨ ᠠᠰᠢᠭ ᠬᠦᠷᠳᠡᠭᠰᠡᠨ ᠪᠠᠶᠢᠨ᠎ᠠ᠃      ︽ᠲᠠᠷᠠᠭᠠᠴᠢ ᠶᠢᠨ ᠠᠯᠬᠤᠮ ᠳᠤ᠂ ᠪᠢᠳᠡ ᠪᠦᠬᠦ ᠠᠶᠢᠮᠠᠭ ᠤᠨ ᠲᠠᠷᠢᠶᠠᠯᠠᠩ ᠤᠨ ᠠᠶᠤᠯ ᠲᠦᠭᠰᠢᠭᠦᠷᠢ ᠶᠢ ᠰᠡᠷᠬᠡᠶᠢᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠠᠷᠢᠶᠠᠯᠠᠩ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠪᠦᠲᠦᠭᠡᠭᠳᠡᠬᠦᠨ ᠢ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠠᠯᠠᠱᠠ ᠠᠶᠢᠮᠠᠭ ᠤᠨ ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠥᠬᠡᠶ ᠰᠦᠪᠡᠭᠴᠢᠯᠡᠨ ᠲᠡᠭᠦᠯᠳᠡᠷᠵᠢᠭᠦᠯᠵᠦ᠂ ︿ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ﹀ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠳᠤᠮᠳᠠᠬᠢ ᠲᠠᠷᠢᠶᠠᠯᠠᠩ ᠤᠨ ᠳᠠᠭᠠᠳᠬᠠᠯ ᠤᠨ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠦᠬᠦ ᠠᠶᠢᠮᠠᠭ ᠤᠨ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠷᠬᠦᠯᠵᠢᠯᠡᠨ ᠬᠦᠴᠦᠨ ᠨᠡᠮᠡᠷᠢᠯᠡᠨ᠎ᠠ︾ ᠭᠡᠵᠤ ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠸᠧᠶ ᠴᠢᠶᠣᠤ ᠯᠢᠩ ᠬᠡᠯᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号