︽ᠬᠤᠶᠠᠷ ᠢ ᠬᠦᠩᠭᠡᠷᠡᠬᠦᠯᠬᠦ︾ ᠨᠢ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠲᠤ ᠳᠤ ᠠᠰᠢᠭᠳᠠᠢ
ᠨᠡᠶᠢᠲᠡᠯᠡᠭᠰᠡᠨ ᠴᠠᠭ᠄
2021/9/10
     ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠤ ᠲᠠᠷᠠᠭᠠᠬᠢ ᠠᠩᠬᠠᠳᠤᠭᠠᠷ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠪᠠᠶᠢᠨ᠎ᠠ᠃ ᠠᠯᠠᠱᠠ ᠠᠶᠢᠮᠠᠭ ᠤᠨ ᠡᠯ᠎ᠡ ᠲᠤᠮᠳᠠᠳᠤ ᠪᠠᠭ᠎ᠠ ᠰᠤᠷᠭᠠᠭᠤᠯᠢ ᠶᠢᠨ ᠬᠢᠨ ︽ᠬᠤᠶᠠᠷ ᠢ ᠬᠦᠩᠭᠡᠷᠡᠬᠦᠯᠬᠦ︾ ᠠᠵᠢᠯ ᠤᠨ ᠲᠤᠬᠠᠢ ᠬᠠᠮᠢᠶ᠎ᠠ ᠪᠦᠬᠦᠢ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠵᠦ᠂ ᠪᠠᠭᠰᠢ᠂ ᠭᠡᠷ ᠤᠨ ᠠᠬᠠᠮᠠᠳ᠂ ᠰᠤᠷᠤᠭᠴᠢᠳ ᠪᠦᠷ ᠰᠠᠶᠢᠨ ᠤᠶᠢᠯᠠᠭᠠᠯᠲᠠ ᠲᠠᠢ ᠪᠤᠯᠤᠭᠰᠠᠨ ᠪᠠᠶᠢᠨ᠎ᠠ᠃ ᠰᠤᠷᠪᠤᠯᠵᠢᠯᠠᠭᠴᠢ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠳᠤ ᠬᠦᠷᠴᠦ᠂ ︽ᠬᠤᠶᠠᠷ ᠢ ᠬᠦᠩᠭᠡᠷᠡᠬᠦᠯᠬᠦ︾ ᠠᠵᠢᠯ ᠤᠨ ᠪᠤᠳᠠᠳᠤ ᠪᠠᠶᠢᠳᠠᠯ ᠢ ᠤᠢᠢᠯᠠᠭᠠᠯ᠎ᠠ᠃ ᠲᠤᠰ ᠰᠤᠷᠭᠠᠭᠤᠯᠢ ᠶᠢᠨ ᠤᠳᠤᠷᠢᠳᠤᠯᠭ᠎ᠠ᠂ ᠪᠠᠭᠰᠢ ᠠᠵᠢᠯᠲᠠᠨ᠂ ᠰᠤᠷᠤᠭᠴᠢᠳ ᠵᠢᠴᠢ ᠭᠡᠷ ᠤᠨ ᠠᠬᠠᠮᠠᠳ ᠲᠤᠰ ᠲᠤᠰ ᠦᠪᠡᠷ ᠤᠨ ᠦᠵᠡᠯ ᠲᠠᠨᠢᠯᠲᠠ ᠪᠠᠨ ᠶᠠᠷᠢᠵᠦ ᠪᠠᠶᠢᠯ᠎ᠠ᠃       ︽︿ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢᠳ ᠤᠨ ᠲᠠᠰᠬᠠᠯ ᠲᠠᠭᠠᠭᠠᠯᠭᠠᠪᠤᠷᠢ ᠪᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠬᠦ ᠲᠤᠬᠠᠢ ᠰᠠᠨᠠᠯ﹀ ᠨᠢ ᠰᠤᠷᠭᠠᠨ ᠬᠦᠮᠦᠵᠢᠯ ᠤᠨ ᠠᠵᠢᠯᠲᠠᠨ᠂ ᠭᠡᠷ ᠤᠨ ᠠᠬᠠᠮᠠᠳ᠂ ᠰᠤᠷᠤᠭᠴᠢᠳ ᠤᠨ ᠲᠤᠮᠲᠠ ᠮᠠᠰᠢ ᠬᠦᠷᠢᠶᠡᠯᠡᠭᠳᠡᠵᠦ ᠪᠠᠶᠢᠨ᠎ᠠ᠃ ᠤᠤᠯ ᠳᠠᠭᠠᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠨᠢ ᠰᠤᠷᠤᠭᠴᠢᠳ ᠤᠨ ᠠᠮᠠᠷᠠᠬᠤ ᠴᠠᠭ ᠢ ᠬᠠᠷᠰᠢᠯᠠᠵᠦ᠂ ᠪᠡᠶ᠎ᠡ ᠰᠡᠳᠬᠢᠴᠡ ᠶᠢᠨ ᠡᠷᠡᠬᠦᠯ ᠮᠡᠨᠳᠤ ᠳᠤ ᠶᠡᠬᠡᠬᠡᠨ ᠨᠠᠵᠠᠭᠠᠢ ᠤᠶᠢᠯᠡᠳᠤᠯ ᠦᠵᠡᠬᠦᠯᠳᠡᠭ ᠪᠠᠶᠢᠭᠰᠠᠨ ᠪᠤᠯ ᠤᠳᠤ ᠰᠤᠷᠤᠭᠴᠢᠳ ᠲᠤ ᠡᠨᠡ ᠲᠡᠯ᠎ᠡ ᠶᠢᠨ ᠲᠠᠷᠤᠭᠠᠰᠤ ᠦᠬᠡᠢ ᠪᠤᠯᠤᠭᠰᠠᠨ ᠪᠦᠬᠡᠳ ᠰᠤᠷᠤᠭᠴᠢᠳ ᠤᠨ ᠲᠠᠰᠬᠠᠯ ᠤᠨ ᠲᠠᠷᠤᠭᠠᠰᠤ ᠪᠠᠭᠠᠰᠤᠬᠰᠠᠨ ᠠᠴᠠ ᠵᠢᠭᠠᠨ ᠰᠤᠷᠭᠠᠯᠲᠠ ᠶᠢᠨ ᠬᠢᠷᠢ ᠲᠦᠪᠰᠢᠨ ᠴᠤ ᠤᠯᠠᠮ ᠨᠢᠭᠡ ᠠᠯᠬᠤᠮ ᠰᠠᠶᠢᠵᠢᠷᠠᠵᠦ ᠪᠠᠶᠢᠨ᠎ᠠ᠂ ᠪᠠᠭᠰᠢᠨᠠᠷ ᠰᠢᠯᠢᠳᠡᠭ᠂ ᠬᠡᠷᠡᠭᠴᠡᠭᠡ ᠪᠦᠬᠦᠢ ᠮᠡᠳᠡᠯᠭᠡ ᠶᠢᠨ ᠴᠡᠭ ᠢ ᠰᠤᠷᠤᠭᠴᠢᠳ ᠲᠤ ᠬᠤᠷᠢᠶᠠᠩᠭᠤᠶᠢᠯᠠᠨ ᠵᠢᠭᠠᠬᠤ ᠪᠤᠶᠤ ᠴᠢᠨᠠᠷᠵᠢᠭᠤᠨ ᠵᠢᠭᠠᠨ ᠰᠤᠷᠭᠠᠯᠲᠠ ᠶᠢᠨ ᠠᠷᠭ᠎ᠠ ᠠᠪᠴᠠᠯ ᠢ ᠬᠡᠷᠡᠭᠯᠡᠬᠦ ᠪᠤᠯᠵᠦ ᠪᠠᠶᠢᠭ᠎ᠠ ᠨᠢ ᠪᠠᠶᠠᠷᠯᠠᠭᠤᠰᠢᠲᠠᠢ ᠶᠠᠪᠤᠳᠠᠯ ᠪᠤᠯᠤᠨ᠎ᠠ᠃ ᠡᠬᠦᠨ ᠤ ᠤᠯᠠᠮ ᠠᠴᠠ ᠰᠤᠷᠤᠭᠴᠢᠳ ᠤᠨ ᠠᠮᠠᠷᠠᠬᠤ ᠰᠤᠷᠤᠯᠴᠠᠬᠤ ᠴᠠᠭ ᠨᠢ ᠵᠤᠬᠢᠰᠲᠠᠢ ᠪᠤᠯᠵᠦ᠂ ᠲᠡᠳᠡᠨᠡᠷ ᠤᠨ ᠪᠡᠶ᠎ᠡ ᠰᠡᠳᠬᠢᠴᠡ ᠶᠢᠨ ᠡᠷᠡᠬᠦᠯ ᠮᠡᠨᠲᠤ ᠳᠤ ᠶᠡᠬᠡᠬᠡᠨ ᠠᠰᠢᠭᠲᠠᠢ ᠪᠠᠶᠢᠨ᠎ᠠ︾ ᠭᠡᠵᠦ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠬᠤᠪᠢᠰᠬᠠᠯᠲᠤ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠠᠪᠴᠢᠷᠠᠭᠰᠠᠨ ᠠᠰᠢᠭᠲᠠᠢ ᠲᠠᠯ᠎ᠠ ᠶᠢ ᠳ᠋ᠦᠩᠨᠡᠵᠦ ᠶᠠᠷᠢᠨ᠎ᠡ᠃ ᠲᠤᠰ ᠰᠤᠷᠭᠠᠭᠤᠯᠢ ᠶᠢᠨ ᠬᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠤᠨ᠎ᠡ ᠪᠦᠬᠦ ᠰᠤᠷᠭᠠᠭᠤᠯᠢ ᠶᠢᠨ ᠪᠠᠭᠰᠢ ᠠᠵᠢᠯᠲᠠᠨ ᠳᠤ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠬᠠᠮᠢᠶ᠎ᠠ ᠪᠦᠬᠦᠢ ᠲᠦᠷᠢᠮ ᠲᠤᠭᠳᠠᠭᠠᠯ ᠢ ᠰᠤᠷᠤᠯᠴᠠᠭᠤᠯᠵᠦ᠂ ᠪᠤᠳᠠᠳᠤ ᠠᠵᠢᠯ ᠤᠨ ᠪᠠᠶᠢᠷᠢᠯᠠᠭᠤᠯᠤᠯᠲᠠ ᠬᠢᠵᠡᠢ᠃ ᠬᠤᠶᠢᠰᠢᠳᠠ ᠭᠡᠷ ᠤᠨ ᠠᠬᠠᠮᠠᠳ ᠲᠠᠢ ᠬᠠᠷᠢᠴᠠᠵᠦ᠂ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢ ᠤᠬᠠᠭᠤᠯᠵᠦ᠂ ᠰᠤᠷᠤᠭᠴᠢᠳ ᠤᠨ ᠪᠡᠶ᠎ᠡ ᠰᠡᠳᠬᠢᠴᠡ ᠶᠢ ᠡᠷᠡᠬᠦᠯ ᠮᠡᠨᠳᠤ ᠪᠠᠷ ᠦᠰᠦᠨ ᠪᠤᠶᠢᠵᠢᠬᠤ ᠳᠤ ᠵᠦᠪ ᠤᠨᠤᠪᠴᠢᠲᠠᠢ ᠠᠷᠭ᠎ᠠ ᠠᠪᠴᠠᠯ ᠠᠪᠬᠤ ᠶᠢ ᠵᠤᠷᠢᠭᠰᠠᠨ ᠪᠠᠶᠢᠯ᠎ᠠ᠃       ᠠᠩᠬ᠎ᠠ ᠲᠤᠮᠳᠠᠳᠤ ᠶᠢᠨ ᠨᠢᠭᠡᠳᠤᠬᠡᠷ ᠤᠨ ᠤ ᠠᠩᠬᠢ ᠶᠢᠨ ᠡᠷᠬᠢᠯᠡᠭᠴᠢ ᠬᠦᠷᠡᠯᠪᠠᠭᠠᠳᠤᠷ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠯᠲᠡ ᠳᠤ ᠰᠡᠳᠬᠢᠯ ᠬᠠᠨᠤᠮᠵᠢᠲᠠᠢ ᠪᠠᠶᠢᠵᠦ᠂ ᠡᠨᠡᠬᠦ ᠲᠦᠷᠦ ᠶᠢᠨ ᠪᠤᠳᠤᠯᠭ᠎ᠠ ᠨᠢ ᠪᠠᠭᠠᠴᠤᠳ ᠲᠤ ᠲᠤᠷ᠎ᠠ ᠰᠤᠨᠢᠷᠬᠠᠯ ᠢᠶᠠᠨ ᠴᠢᠯᠦᠭᠡᠲᠡᠢ ᠰᠤᠩᠭᠤᠬᠤ᠂ ᠤᠷ᠎ᠡ ᠠᠪᠢᠶᠠᠰ ᠢᠶᠠᠨ ᠨᠡᠩ ᠢᠯᠡᠬᠦᠦ ᠪᠠᠳᠠᠷᠠᠭᠤᠯᠬᠤ ᠪᠤᠯᠤᠮᠵᠢ ᠨᠦᠬᠦᠴᠡᠯ ᠤᠯᠭᠤᠵᠦ ᠪᠠᠶᠢᠨ᠎ᠠ ᠭᠡᠵᠦ ᠦᠵᠡᠵᠦ᠂ ᠮᠦᠨᠴᠦ ᠪᠠᠭᠰᠢ ᠪᠠ ᠭᠡᠷ ᠤᠨ ᠠᠬᠠᠮᠠᠳ ᠲᠤ ᠵᠤᠬᠢᠬᠤ ᠠᠰᠢᠭ ᠬᠦᠷᠳᠡᠭᠡᠵᠦ᠂ ᠨᠡᠶᠢᠭᠡᠮ ᠤᠨ ᠡᠬᠢ ᠪᠠᠶᠠᠯᠢᠭ ᠨᠡᠩ ᠰᠠᠶᠢᠨ ᠠᠰᠢᠭᠯᠠᠭᠳᠠᠬᠤ ᠶᠤᠮ ᠪᠠᠶᠢᠨ᠎ᠠ ᠭᠡᠵᠦ ᠪᠠᠶᠢᠯ᠎ᠠ᠃ ᠤᠤᠯ ᠳᠠᠭᠠᠨ ᠰᠤᠷᠤᠭᠴᠢᠳ ᠭᠠᠷᠠᠭ ᠤᠨ ᠠᠮᠠᠷᠠᠯᠲᠠ ᠪᠠᠷ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠳᠤ ᠬᠡᠳᠤ ᠠᠷᠪᠢᠨ ᠤᠷᠤᠯᠴᠠᠬᠤ ᠠᠴᠠ ᠪᠤᠯᠵᠦ᠂ ᠠᠮᠠᠷᠠᠬᠤ ᠰᠤᠷᠤᠯᠴᠠᠬᠤ ᠴᠠᠭ ᠨᠢ ᠲᠡᠩᠴᠡᠭᠦᠷᠢ ᠠᠯᠳᠠᠨ᠂ ᠪᠡᠶ᠎ᠡ ᠰᠡᠳᠬᠢᠴᠡ ᠳᠤ ᠶᠡᠬᠡᠬᠡᠨ ᠬᠤᠬᠢᠷᠠᠯ ᠪᠤᠯᠵᠦ ᠪᠠᠶᠢᠭᠰᠠᠨ ᠪᠣᠯ ᠤᠳᠤ ᠵᠠᠯᠠᠭᠤᠴᠤᠳ ᠪᠠᠭᠠᠴᠤᠳ ᠤᠨ ᠤᠷᠳᠤᠨ ᠪᠤᠶᠤ ᠬᠦᠳᠡᠯᠭᠡᠭᠡᠨ ᠤ ᠲᠥᠪ ᠵᠡᠷᠭᠡ ᠭᠠᠵᠠᠷ ᠲᠤ ᠲᠤᠷ᠎ᠠ ᠪᠠᠭ᠋ᠠᠲᠠᠢ ᠬᠦᠳᠡᠯᠭᠡᠭᠡᠨ ᠳᠤ ᠤᠷᠤᠯᠴᠠᠬᠤ ᠰᠤᠯᠡ ᠰᠡᠯᠡᠬᠦᠦ ᠴᠠᠭ ᠲᠠᠢ ᠪᠤᠯᠵᠦ᠂ ᠬᠤᠪᠢ ᠪᠡᠶ᠎ᠡ ᠶᠢᠨ ᠡᠷᠡᠬᠦᠯ ᠮᠡᠨᠳᠤ ᠳᠤᠨᠢ ᠠᠰᠢᠭᠲᠠᠢ ᠪᠤᠯᠵᠦ ᠪᠤᠢ᠃ ᠮᠦᠨᠴᠦ ᠰᠤᠷᠭᠠᠭᠤᠯᠢ ᠶᠢᠨ ᠬᠦᠷᠢᠶᠠᠨ ᠳᠤ ᠲᠠᠰᠬᠠᠯ ᠤᠨ ᠲᠠᠷᠤᠭᠠᠰᠤ᠂ ᠬᠢᠴᠢᠶᠠᠯ ᠰᠤᠷᠤᠯᠭ᠎ᠠ ᠶᠢᠨ ᠬᠦᠴᠢᠷᠳᠠᠯ ᠶᠡᠬᠡᠪᠡᠷ ᠪᠠᠭᠤᠷᠠᠵᠦ᠂ ᠰᠤᠷᠤᠭᠴᠢᠳ ᠤᠨ ᠬᠤᠭᠤᠷᠤᠨᠳᠤᠬᠢ ᠬᠠᠷᠢᠯᠴᠠᠭ᠎ᠠ ᠶᠠᠪᠤᠯᠴᠠᠭ᠎ᠠ ᠨᠡᠩ ᠰᠠᠶᠢᠵᠢᠷᠠᠨ᠂ ᠰᠤᠷᠤᠯᠭ᠎ᠠ ᠶᠢᠨ ᠬᠢᠷᠢ ᠪᠦᠳᠦᠮᠵᠢ ᠪᠠᠷ ᠬᠤᠪᠢᠶᠠᠨ ᠦᠵᠡᠬᠦ ᠲᠡᠭᠰᠢ ᠪᠤᠰᠤ ᠪᠠᠶᠢᠳᠠᠯ ᠢ ᠴᠤ ᠪᠦᠳᠦᠮᠵᠢᠲᠠᠢ ᠬᠤᠷᠢᠭᠯᠠᠭᠰᠠᠨ ᠪᠠᠶᠢᠨ᠎ᠠ᠃       ︽ᠪᠠᠭᠠᠴᠤᠳ ᠵᠠᠯᠠᠭᠤᠴᠤᠳ ᠢ ᠡᠷᠬᠡᠪᠰᠢ ᠶᠠᠮᠠᠷ ᠨᠢᠭᠡᠨ ᠬᠦᠯᠢᠶᠡᠰᠤᠯᠠᠯ ᠢᠶᠠᠷ ᠠᠯᠪᠠᠳᠠᠨ ᠰᠤᠷᠤᠯᠴᠠᠭᠤᠯᠬᠤ ᠪᠢᠰᠢ᠂ ᠬᠠᠷᠢᠨ ᠲᠡᠳᠡᠨᠡᠷ ᠤᠨ ᠪᠤᠳᠠᠳᠤ ᠪᠠᠶᠢᠳᠠᠯ ᠳᠤ ᠤᠶᠠᠯᠳᠤᠭᠤᠯᠤᠨ ᠴᠢᠯᠦᠭᠡᠲᠠᠢ ᠰᠤᠷᠤᠯᠴᠠᠭᠤᠯᠪᠠᠯ ᠵᠤᠬᠢᠨ᠎ᠠ︾ ᠭᠡᠵᠦ ᠭᠡᠷ ᠤᠨ ᠠᠬᠠᠮᠠᠳ ᠶᠦᠩ ᠮᠸᠢ ᠤᠶᠢᠯᠠᠭᠠᠯᠲᠠ ᠪᠠᠨ ᠰᠤᠷᠪᠤᠯᠵᠢᠯᠠᠭᠴᠢ ᠳᠤ ᠶᠠᠷᠢᠨ᠎ᠠ᠃ ᠲᠡᠷᠡ ᠪᠠᠰᠠ        ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠨᠢ ᠶᠠᠭ ᠤᠳᠤ ᠶᠢᠨ ᠰᠤᠷᠤᠭᠴᠢᠳ ᠤᠨ ᠲᠠᠰᠬᠠᠯ ᠤᠨ ᠲᠠᠷᠤᠭᠠᠰᠤ ᠶᠡᠭᠡ᠂ ᠬᠢᠴᠢᠶᠠᠯ ᠤᠨ ᠭᠠᠳᠠᠨᠠᠬᠢ ᠪᠤᠯᠪᠠᠰᠤᠷᠠᠯ ᠤᠯᠠᠨ ᠵᠡᠷᠭᠡ ᠪᠠᠴᠢᠮ ᠲᠤᠯᠭᠠᠮ᠎ᠠ ᠴᠠᠭ ᠦᠶ᠎ᠡ ᠳᠤ ᠲᠤᠷᠠᠳᠴᠦ ᠭᠠᠷᠭᠠᠭᠰᠠᠨ ᠬᠦᠨᠳᠤ ᠴᠢᠬᠤᠯᠡ ᠠᠴᠢ ᠬᠤᠯᠪᠤᠭᠳᠠᠯ  ᠲᠠᠢ ᠲᠦᠷᠦ  ᠶᠢᠨ ᠪᠤᠳᠤᠯᠭ᠎ᠠ ᠶᠤᠮ᠃ ᠡᠨᠡᠬᠦ ᠪᠤᠳᠤᠯᠭ᠎ᠠ  ᠨᠢ ᠰᠤᠷᠤᠭᠴᠢᠳ  ᠲᠤ ᠨᠡᠩ ᠤᠯᠠᠨ ᠠᠰᠢᠭ ᠬᠦᠷᠳᠡᠭᠡᠨ᠎ᠡ᠂ ᠲᠤᠬᠠᠶᠢᠯᠠᠪᠠᠯ ᠰᠤᠷᠤᠭᠴᠢᠳ ᠴᠢᠯᠦᠭᠡᠲᠡᠢ ᠰᠤᠷᠤᠯᠴᠠᠵᠦ᠂ ᠴᠢᠯᠦᠭᠡᠲᠡᠢ ᠰᠡᠳᠬᠢᠨ᠂ ᠰᠤᠷᠤᠯᠭ᠎ᠠ  ᠳᠠᠭᠠᠨ ᠨᠡᠩ ᠠᠩᠬᠠᠷᠤᠯ ᠲᠦᠪᠯᠡᠷᠡᠵᠦ᠂ ᠴᠢᠨᠠᠬᠰᠢᠳᠠ ᠪᠡᠶ᠎ᠡ   ᠪᠠᠨ ᠲᠠᠭᠠᠭᠠᠭᠰᠠᠨ ᠰᠢᠯᠢᠳᠡᠭ ᠰᠢᠨ᠎ᠡ ᠴᠠᠭ ᠦᠶ᠎ᠡ  ᠶᠢᠨ ᠵᠠᠯᠭᠠᠮᠵᠢᠯᠠᠭᠴᠢ ᠪᠤᠯᠵᠦ ᠬᠦᠮᠦᠵᠢᠭᠳᠡᠨ᠎ᠡ ᠭᠡᠵᠦ ᠦᠵᠡᠵᠦ ᠪᠠᠶᠢᠯ᠎ᠠ᠃       ᠶᠡᠷᠤᠨᠢ ︽ᠬᠤᠶᠠᠷ ᠢ ᠬᠦᠩᠭᠡᠷᠡᠬᠦᠯᠬᠦ︾ ᠲᠦᠷᠦ ᠶᠢᠨ ᠪᠤᠳᠤᠯᠭ᠎ᠠ ᠶᠢᠨ ᠰᠢᠭᠤᠳ ᠠᠰᠢᠭ ᠬᠦᠷᠳᠡᠭᠴᠢ ᠨᠢ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢᠳ ᠶᠤᠮ᠃ ᠲᠦᠷᠦ ᠶᠢᠨ ᠪᠤᠳᠤᠯᠭ᠎ᠠ ᠨᠢ ᠰᠤᠷᠤᠭᠴᠢᠳ ᠤᠨ ᠤᠳᠤᠬᠢ ᠪᠤᠳᠠᠳᠤ ᠪᠠᠶᠢᠳᠠᠯ ᠳᠤ ᠴᠢᠭᠯᠡᠬᠦᠯᠦᠨ ᠪᠤᠳᠠᠲᠠᠢ ᠰᠢᠢᠳᠪᠤᠷᠢᠯᠡᠬᠦ ᠠᠷᠭ᠎ᠠ ᠠᠪᠴᠠᠯ ᠢ ᠲᠤᠷᠠᠳᠴᠦ᠂ ᠡᠯ᠎ᠡ ᠭᠠᠵᠠᠷ ᠤᠷᠤᠨ ᠳᠤ ᠤᠷᠤᠭᠰᠢᠲᠠᠢ ᠬᠡᠷᠡᠭᠵᠢᠬᠦᠯᠦᠭᠳᠡᠵᠦ ᠪᠤᠢ᠃ ︽ᠤᠳᠤ ᠪᠢᠳᠡᠨᠡᠷ ᠤᠨ ᠭᠠᠷᠠᠭ ᠤᠨ ᠠᠮᠠᠷᠠᠯᠲᠠ ᠮᠠᠰᠢ ᠴᠢᠯᠦᠭᠡᠲᠡᠢ ᠪᠤᠯᠵᠦ᠂ ᠬᠢᠴᠢᠶᠠᠯ ᠰᠤᠷᠤᠯᠭ᠎ᠠ ᠶᠢᠨ ᠲᠠᠷᠤᠭᠠᠰᠤ ᠴᠤ ᠶᠡᠬᠡᠪᠡᠷ ᠬᠦᠩᠭᠡᠷᠡᠵᠦ ᠪᠠᠶᠢᠨ᠎ᠠ᠃ ᠬᠢᠴᠢᠶᠠᠯ ᠤᠨ ᠭᠠᠳᠠᠨᠠᠬᠢ ᠤᠳᠬ᠎ᠠ ᠠᠭᠤᠯᠭ᠎ᠠ ᠲᠠᠢ᠂ ᠪᠡᠶ᠎ᠡ ᠰᠡᠳᠬᠢᠴᠡ ᠶᠢᠨ ᠡᠷᠡᠬᠦᠯ ᠮᠡᠨᠲᠤ ᠳᠤ ᠠᠰᠢᠭᠲᠠᠢ ᠬᠦᠳᠡᠯᠭᠡᠭᠡᠨ ᠴᠤ ᠵᠤᠬᠢᠬᠤ ᠬᠡᠮᠵᠢᠶᠠᠨ ᠳᠤ ᠤᠯᠠᠰᠢᠷᠠᠵᠦ ᠪᠠᠶᠢᠨ᠎ᠠ︾ ᠭᠡᠵᠦ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠠᠳᠢᠰ ᠶᠠᠷᠢᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号