ᠡᠶᠢᠮᠦ 4 ᠪᠠᠶᠢᠳᠠᠯ ᠳᠤ ᠠᠷᠢᠬᠢ ᠰᠢᠬᠠᠪᠠᠯ᠂ ᠬᠠᠤᠯᠢ ᠪᠠᠷ ᠰᠢᠢᠳᠬᠡᠭᠳᠡᠨ᠎ᠡ
ᠨᠡᠶᠢᠲᠡᠯᠡᠭᠰᠡᠨ ᠴᠠᠭ᠄
2021/9/10
    ᠣᠶᠢᠷ᠎ᠠ ᠳᠤ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠯᠪᠠᠨ ᠪᠦᠷᠭᠡ ᠣᠶᠢᠷ᠎ᠠ ᠶᠢᠨ ᠬᠤᠭᠤᠴᠠᠭᠠᠨ ᠳᠤ ᠨᠠᠶᠢᠷ ᠬᠥᠷ ᠣᠯᠠᠰᠢᠷᠠᠭᠰᠠᠨ ᠪᠠᠶᠢᠳᠠᠯ ᠳᠤ ᠴᠢᠭᠯᠡᠭᠦᠯᠵᠦ᠂ ᠨᠡᠶᠢᠭᠡᠮ ᠨᠡᠶᠢᠲᠡ ᠳᠤ ᠵᠠᠷᠯᠠᠯ ᠨᠡᠶᠢᠲᠡᠯᠡᠵᠦ᠂ ᠬᠠᠤᠯᠢ ᠪᠤᠰᠤ ᠪᠠᠷ ᠠᠷᠢᠬᠢ ᠰᠢᠬᠠᠬᠤ ᠳᠥᠷᠪᠡᠨ ᠵᠦᠢᠯ ᠤᠨ ᠪᠠᠶᠢᠳᠠᠯ ᠢ ᠲᠣᠳᠣᠷᠬᠠᠶᠢᠯᠠᠨ ᠭᠠᠷᠭᠠᠵᠠᠢ᠃     ᠲᠤᠬᠠᠶᠢᠯᠠᠪᠠᠯ᠂ ᠬᠡᠷᠪᠡ ᠬᠠᠮᠲᠤ ᠠᠷᠢᠬᠢ ᠤᠤᠭᠤᠭᠰᠠᠨ ᠨᠢᠭᠡᠨ ᠨᠢ ᠬᠡᠷᠡᠭ ᠭᠠᠷᠤᠭᠰᠠᠨ ᠪᠠᠶᠢᠪᠠᠯ᠂ ᠡᠶᠢᠮᠦ ᠳᠥᠷᠪᠡᠨ ᠵᠦᠢᠯ ᠤᠨ ᠪᠠᠶᠢᠳᠠᠯ ᠢᠶᠠᠷ ᠠᠷᠢᠬᠢ ᠰᠢᠬᠠᠭᠰᠠᠨ ᠪᠠᠶᠢᠪᠠᠯ᠂ ᠠᠷᠢᠬᠢ ᠰᠢᠬᠠᠭᠰᠠᠨ ᠬᠥᠮᠥᠨ ᠨᠢ ᠮᠥᠨ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠪᠣᠯᠣᠨ᠎ᠠ᠃     ᠨᠢᠭᠡ ᠳᠤ᠂ ᠠᠯᠪᠠ ᠪᠠᠷ ᠠᠷᠢᠬᠢ ᠰᠢᠬᠠᠵᠤ ᠤᠤᠭᠤᠯᠭᠠᠬᠤ᠂ ᠵᠢᠱᠢᠶᠡᠯᠡᠬᠦ ᠳᠤ᠂ ᠨᠥᠭᠦᠭᠡ ᠡᠲᠡᠭᠡᠳ ᠲᠡᠭᠡᠨ ︽ᠬᠡᠷᠪᠡ ᠴᠢ ᠤᠤᠭᠤᠬᠤ ᠦᠭᠡᠢ ᠪᠣᠯ᠂ ᠨᠠᠮᠠᠶᠢ ᠨᠢᠳᠦᠨ ᠳᠡᠭᠡᠨ ᠬᠠᠪᠴᠢᠬᠤ ᠦᠭᠡᠢ ᠪᠠᠶᠢᠨ᠎ᠠ︾ ᠭᠡᠬᠦᠴᠢᠯᠡᠨ ᠶᠠᠷᠢᠬᠤ᠃     ᠬᠤᠶᠠᠷ ᠲᠤ᠂ ᠨᠥᠭᠦᠭᠡ ᠲᠠᠯ᠎ᠠ ᠨᠢ ᠠᠷᠢᠬᠢ ᠤᠤᠭᠤᠵᠤ ᠴᠢᠳᠠᠳᠠᠭ ᠦᠭᠡᠢ ᠭᠡᠰᠡᠨ ᠢ ᠮᠡᠳᠡᠵᠦ ᠪᠠᠶᠢᠭᠠᠳ ᠠᠷᠢᠬᠢ ᠰᠢᠬᠠᠵᠤ ᠤᠤᠭᠤᠯᠭᠠᠬᠤ᠃     ᠭᠤᠷᠪᠠ ᠳᠤ᠂ ᠠᠷᠢᠬᠢ ᠤᠤᠭᠤᠵᠤ ᠰᠣᠭᠲᠣᠭᠰᠠᠨ ᠬᠥᠮᠥᠨ ᠢᠶᠠᠨ ᠠᠮᠤᠷ ᠲᠦᠪᠰᠢᠨ ᠭᠡᠷ ᠲᠤ ᠨᠢ ᠬᠦᠷᠭᠡᠭᠡ ᠦᠭᠡᠢ᠃     ᠳᠥᠷᠪᠡ ᠳᠤ᠂ ᠠᠷᠢᠬᠢ ᠤᠤᠭᠤᠭᠰᠠᠨ ᠪᠤᠶᠤ ᠰᠣᠭᠲᠣᠭᠰᠠᠨ ᠬᠥᠮᠥᠨ ᠨᠢ ᠲᠡᠷᠭᠡ ᠵᠢᠯᠣᠭᠤᠳᠤᠨ᠎ᠠ ᠭᠡᠬᠦᠯᠡᠷ ᠴᠠᠭ ᠲᠤᠬᠠᠢ ᠳᠤ ᠨᠢ ᠡᠰᠡ ᠬᠤᠷᠢᠭᠯᠠᠭᠰᠠᠨ ᠠᠴᠠ ᠪᠣᠯᠵᠤ᠂ ᠵᠠᠮ ᠬᠠᠷᠢᠯᠴᠠᠭᠠᠨ ᠤ ᠠᠳᠡᠯ ᠭᠠᠷᠤᠭᠰᠠᠨ ᠵᠡᠷᠭᠡ ᠪᠠᠶᠢᠳᠠᠯ ᠪᠣᠯᠣᠨ᠎ᠠ᠃  
 
ᠢᠷᠡᠯᠲᠡ᠄ ᠠᠯᠠᠱᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号