ᠰᠢ ᠶᠢᠨ ᠫᠢᠩ 32 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2021/9/10
     ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ  9 ᠳ᠋ᠦ᠋ᠭᠡᠷ ᠰᠠᠷ᠎ᠠ ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 32 ᠳ᠋ᠤᠭᠠᠷ ᠬᠤᠭᠤᠴᠠᠭᠠᠨ ᠤ ᠤᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯ 20 ᠳ᠋ᠤᠭᠠᠷ ᠵᠠᠭᠤᠨ ᠠᠴᠠ ᠨᠠᠭᠠᠰᠢᠬᠢ ᠬᠥᠭᠵᠢᠯᠲᠡ ᠪᠠᠷ ᠬᠠᠮᠤᠭ ᠤᠨ ᠲᠦᠷᠭᠡᠨ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠨᠥᠯᠥᠭᠡ ᠪᠠᠷ ᠬᠠᠮᠤᠭ ᠤᠨ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠨᠢᠭᠡ ᠪᠣᠯᠤᠨ᠎ᠠ᠃ ᠣᠳᠣᠬᠠᠨ ᠤ ᠳᠡᠯᠡᠬᠡᠶ ᠶᠠᠭ ᠰᠢᠨᠵᠢᠯᠡᠬᠦ ᠤᠬᠠᠭᠠᠨ ᠮᠡᠷᠭᠡᠵᠢᠯ ᠤᠨ ᠭᠦᠨ ᠭᠦᠨᠵᠡᠭᠡᠶ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢ ᠥᠩᠭᠡᠷᠡᠭᠡᠵᠦ᠂ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠲᠣᠬᠢᠶᠠᠯ ᠳᠤ ᠲᠤᠯᠭᠠᠷᠠᠵᠤ ᠪᠠᠶᠢᠨ᠎ᠠ᠃ ᠪᠦᠬᠦ ᠪᠥᠮᠪᠥᠷᠴᠡᠭ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠥᠷᠨᠢᠭᠦᠯᠬᠦ ᠨᠢ ᠲᠦᠢᠯ ᠤᠨ ᠴᠢᠬᠤᠯᠠ ᠪᠥᠭᠡᠳ ᠭᠡᠭᠡᠨ ᠰᠠᠷᠠᠭᠤᠯ ᠢᠷᠡᠭᠡᠳᠦᠢ  ᠲᠠᠢ ᠶᠤᠮ᠃ ᠲᠤᠰ ᠬᠤᠭᠤᠴᠠᠭᠠᠨ ᠤ ᠶᠡᠭᠡ ᠬᠤᠷᠠᠯ ᠨᠢ ᠪᠦᠬᠦ ᠪᠥᠮᠪᠥᠷᠴᠡᠭ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      32 ᠳ᠋ᠤᠭᠠᠷ ᠬᠤᠭᠤᠴᠠᠭᠠᠨ ᠤ ᠣᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠶᠡᠭᠡ ᠬᠤᠷᠠᠯ ᠲᠤᠬᠠᠶ ᠶᠢᠨ ᠡᠳᠦᠷ ᠱᠠᠩᠬᠠᠶ ᠳᠤ ᠶᠠᠪᠤᠭᠳᠠᠵᠤ᠂ ᠣᠯᠠᠨ ᠤᠯᠤᠰ ᠤᠨ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠭᠤᠤᠯᠯᠠᠨ ᠡᠷᠭᠢᠯᠡᠵᠦ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ ᠳᠠᠭᠠᠭᠠᠨ ᠡᠷᠬᠢᠯᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号