ᠠᠯᠠᠱᠠ ᠵᠡᠭᠦᠨ ᠬᠤᠰᠢᠭᠤ ᠪᠠᠶᠢᠴᠠᠭᠠᠨ ᠵᠢᠯᠣᠭᠤᠳᠬᠤ ᠪᠠᠨ ᠴᠢᠩᠭᠠᠳᠬᠠᠵᠤ 2021 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2021/9/13
      9 ᠰᠠᠷ᠎ᠠ ᠶᠢᠨ 7 ᠤ ᠡᠳᠦᠷ—9 ᠤ ᠡᠳᠦᠷ ᠪᠣᠯᠳᠠᠯ᠎ᠠ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠵᠢᠯᠲᠠᠳ ᠢᠶᠠᠨ ᠵᠣᠬᠢᠶᠠᠨ ᠪᠠᠶᠢᠭᠤᠯᠵᠤ ᠠᠯᠠᠱᠠ ᠵᠡᠭᠦᠨ ᠬᠤᠰᠢᠭᠤᠨ ᠤ 2021 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠭᠠᠵᠠᠷ ᠪᠠ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠥᠷᠲᠡᠭᠡ ᠭᠠᠵᠠᠷ ᠲᠤ ᠭᠦᠨᠵᠡᠭᠡᠶᠢᠷᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢᠨ ᠪᠠᠶᠢᠳᠠᠯ ᠪᠠ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠪᠠᠶᠢᠴᠠᠭᠠᠨ ᠵᠢᠯᠣᠭᠤᠳᠪᠠ᠃ ᠡᠭᠦᠨ ᠤ ᠬᠠᠮᠲᠤ᠂ ᠨᠢᠭᠡ ᠳᠤ᠂ ᠵᠦᠢ ᠵᠣᠬᠢᠰᠲᠠᠢ ᠪᠦᠲᠦᠮᠵᠢᠲᠡᠢ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠲᠥᠯᠥᠪᠯᠡᠭᠡ ᠲᠣᠭᠲᠠᠭᠠᠵᠤ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠦᠲᠦᠮᠵᠢᠲᠡᠢ ᠪᠠᠷᠢᠯᠭ᠎ᠠ ᠶᠢᠨ ᠬᠤᠭᠤᠴᠠᠭ᠎ᠠ ᠶᠢ ᠠᠮᠵᠢᠵᠤ᠂ ᠬᠥᠮᠦᠨ ᠤ ᠬᠦᠴᠦᠨ ᠪᠣᠳᠠᠰ ᠤᠨ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠯ᠎ᠡ ᠵᠦᠢᠯ ᠤᠨ ᠳᠦᠷᠢᠮᠵᠢᠯ᠂ ᠳᠦᠷᠢᠮ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠵᠠᠩᠭᠢᠯᠠᠭ᠎ᠠ ᠶᠢᠨ ᠣᠷᠣᠨ ᠪᠠᠶᠢᠷᠢ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠤᠬᠠᠶ ᠶᠢᠨ ᠲᠠᠯᠠᠪᠠᠶ ᠳᠤ ᠰᠣᠭᠤᠴᠢᠨ ᠪᠠᠶᠢᠴᠠᠭᠠᠬᠤ ᠶᠢ ᠰᠠᠶᠢᠲᠤᠷ ᠬᠢᠵᠦ᠂ ᠲᠤᠰᠢᠶᠠᠨ ᠰᠢᠯᠭᠠᠭᠤᠯᠬᠤ ᠳᠡᠰ ᠳᠠᠷᠠᠭᠠᠯᠠᠯ ᠢ ᠴᠢᠩᠭ᠎ᠠ ᠭᠦᠢᠴᠡᠳᠬᠡᠨ᠂ ᠪᠠᠷᠢᠯᠭ᠎ᠠ ᠶᠢᠨ ᠶᠠᠰᠤ ᠴᠢᠨᠠᠷ ᠢ ᠪᠦᠲᠦᠮᠵᠢᠲᠡᠶ ᠡᠵᠡᠮᠳᠡᠬᠦ ᠬᠡᠷᠡᠭᠲᠡᠶ᠃ ᠭᠤᠷᠪᠠ ᠳᠤ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠬᠤ᠂ ᠪᠠᠷᠢᠯᠭ᠎ᠠ ᠶᠢᠨ ᠠᠵᠢᠯ ᠤᠨ ᠴᠤᠪᠤᠷᠠᠯ ᠢ ᠳᠦᠷᠢᠮᠵᠢᠬᠦᠯᠬᠦ᠂ ᠳᠦᠷᠢᠮ ᠤᠨ ᠬᠢᠵᠠᠭᠠᠷᠯᠠᠯ ᠢ ᠴᠢᠩᠭᠠᠷᠠᠭᠤᠯᠬᠤ ᠪᠠᠷ ᠳᠠᠮᠵᠢᠭᠤᠯᠤᠨ᠂ ᠬᠡᠪᠰᠢᠭᠰᠡᠨ ᠬᠠᠮᠢᠶᠠᠷᠤᠯᠲᠠ ᠶᠢ ᠪᠠᠷᠢᠮᠲᠠᠯᠠᠨ᠂ ᠠᠶᠤᠯ ᠦᠭᠡᠶ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠥᠷᠪᠡ ᠳᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠯᠭ᠎ᠠ ᠪᠠᠷᠢᠬᠤ ᠶᠠᠪᠤᠴᠠ ᠳᠤ ᠭᠠᠵᠠᠷ ᠰᠢᠷᠣᠶ ᠡᠵᠡᠯᠡᠨ ᠬᠡᠷᠡᠭᠯᠡᠬᠦ ᠪᠠ ᠤᠷᠭᠤᠮᠠᠯ ᠤᠨ ᠪᠦᠷᠬᠦᠴᠡ ᠶᠢ ᠡᠪᠳᠡᠬᠦ ᠶᠢ ᠠᠯᠢ ᠴᠢᠳᠠᠬᠤ ᠪᠠᠷ ᠪᠠᠭᠠᠰᠬᠠᠵᠤ᠂ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠶᠢ ᠲᠥᠪᠯᠡᠷᠡᠭᠦᠯᠦᠨ  ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠤᠰᠤ ᠰᠦᠷᠴᠢᠨ ᠪᠡᠶ᠎ᠡ ᠪᠠᠨ ᠰᠤᠪᠢᠯᠠᠵᠤ᠂ ᠲᠣᠭᠤᠰᠣ ᠳᠡᠭᠳᠡᠬᠦ ᠶᠢ ᠪᠠᠭᠠᠰᠬᠠᠬᠤ ᠬᠡᠷᠡᠭᠲᠡᠶ᠃ ᠲᠠᠪᠤ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠶ ᠶᠢᠨ ᠲᠠᠯᠠᠪᠠᠶ ᠶᠢᠨ ᠬᠥᠮᠦᠰ ᠢ ᠵᠢᠭᠰᠠᠭᠠᠨ ᠪᠠᠶᠢᠴᠠᠭᠠᠬᠤ ᠪᠠ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠡᠭᠦᠳᠡᠯ ᠬᠥᠮᠦᠰ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠶᠢ ᠲᠡᠭᠦᠯᠳᠡᠷᠵᠢᠭᠦᠯᠬᠦ ᠬᠡᠷᠡᠭᠲᠡᠶ᠃ ᠵᠢᠷᠭᠤᠭ᠎ᠠ ᠳᠤ᠂ ᠨᠢᠭᠡᠨᠲᠡ ᠪᠠᠷᠢᠯᠭ᠎ᠠ ᠳᠠᠭᠤᠰᠤᠭᠰᠠᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠠᠵᠢᠯ ᠲᠤᠰᠢᠶᠠᠭᠰᠠᠨ ᠢ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠲᠡᠭᠦᠯᠳᠡᠷᠵᠢᠭᠦᠯᠵᠦ᠂ ᠠᠵᠢᠯ ᠲᠤᠰᠢᠶᠠᠭᠰᠠᠨ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠦ᠂ ᠵᠢᠯ ᠤᠨ ᠡᠴᠦᠰ ᠲᠤ ᠠᠵᠢᠯ ᠲᠤᠰᠢᠶᠠᠭᠰᠠᠨ ᠢ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠᠷ ᠴᠢᠷᠮᠠᠶᠢᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠲᠥᠰᠦᠪ ᠤᠨ ᠭᠦᠢᠴᠡᠳᠬᠡᠯ ᠢᠶᠠᠷ ᠬᠢᠨᠠᠨ ᠪᠣᠳᠣᠯᠲᠠ ᠬᠢᠯᠭᠡᠬᠦ ᠬᠡᠷᠡᠭᠲᠡᠶ᠃ ᠳᠣᠯᠤᠭ᠎ᠠ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠡᠪᠳᠡᠭᠳᠡᠭᠰᠡᠨ ᠵᠠᠮ ᠤᠨ ᠭᠠᠳᠠᠷᠭᠤ᠂ ᠡᠯᠡᠰᠦ ᠮᠠᠩᠬ᠎ᠠ ᠵᠡᠷᠭᠡ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号