ᠥᠯᠵᠡᠶ ᠪᠣᠭᠤᠮᠲᠠ ᠶᠢᠨ ᠨᠠᠮ ᠤᠨ ᠠᠵᠢᠯ ᠤᠨ ᠬᠤᠷᠢᠶ᠎ᠠ ᠬᠠᠮᠢᠶᠠᠷᠤᠯᠲᠠ ᠶᠢᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/9/13
     9 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠯᠵᠡᠶ ᠪᠣᠭᠤᠮᠲᠠ ᠶᠢᠨ ᠠᠵᠢᠯ ᠤᠨ ᠬᠤᠷᠢᠶ᠎ᠠ᠂ ᠥᠯᠵᠡᠶ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ᠠᠯᠪᠠᠨ ᠶᠣᠰᠣ ᠪᠠᠷ ᠫᠠᠶᠢᠰᠠ ᠰᠡᠬᠦᠵᠦ ᠪᠠᠶᠢᠭᠤᠯᠤᠭᠳᠠᠵᠤ᠂ ᠠᠶᠢᠮᠠᠭ ᠤᠨ ᠳᠡᠳ᠋ ᠳᠠᠷᠤᠭ᠎ᠠ ᠮᠥᠩᠬᠡ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ ᠥᠯᠵᠡᠶ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ ︵ᠬᠠᠮᠢᠶᠠᠷᠤᠯᠲᠠ ᠶᠢᠨ ᠵᠥᠪᠯᠡᠯ ᠭᠡᠵᠦ ᠲᠣᠪᠴᠢᠯᠠᠨ᠎ᠠ︶ ᠨᠢ ᠠᠶᠢᠮᠠᠭ ᠤᠨ ᠵᠠᠬᠢᠷᠭ᠎ᠠ ᠶᠢᠨ ᠲᠣᠮᠢᠯᠠᠭᠰᠠᠨ ᠪᠠᠶᠢᠭᠤᠯᠤᠮᠵᠢ ᠪᠠᠶᠢᠵᠤ᠂ ᠠᠯᠠᠱᠠ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠨᠠᠶᠢᠳᠠᠨ ᠬᠠᠮᠢᠶᠠᠷᠤᠭᠤᠯᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠭᠠᠵᠠᠷ ᠤᠨ ᠲᠠᠰ ᠤᠨ ᠪᠠᠶᠢᠭᠤᠯᠣᠯᠭ᠎ᠠ ᠪᠠᠶᠢᠵᠦ᠂ ᠳᠣᠲᠣᠭᠠᠳᠤ ᠳᠠᠭᠠᠨ 6 ᠪᠠᠶᠢᠭᠤᠯᠤᠮᠵᠢ ᠲᠣᠬᠢᠷᠠᠭᠤᠯᠪᠠ᠃ ᠡᠭᠦᠨ ᠳᠤ ᠨᠠᠮ ᠪᠠ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ᠂ ᠨᠠᠮ ᠣᠯᠠᠨ ᠲᠦᠮᠡᠨ ᠤ ᠠᠵᠢᠯ ᠤᠨ ᠬᠡᠯᠲᠡᠰ᠂ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ᠂ ᠪᠣᠭᠤᠮᠲᠠ ᠶᠢᠨ ᠬᠡᠷᠡᠭ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠠᠭᠲᠠᠨ᠎ᠠ᠃ ᠪᠠᠰᠠ ᠬᠤᠶᠠᠳᠤᠭᠠᠷ ᠳᠡᠰ ᠤᠨ ᠨᠢᠬᠡ ᠨᠢᠬᠡᠴᠡ ᠥᠯᠵᠡᠶ ᠪᠣᠭᠤᠮᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠥᠪ ᠢ ᠳᠣᠬᠢᠷᠠᠭᠤᠯᠪᠠ᠃      ᠥᠯᠵᠡᠶ ᠪᠣᠭᠤᠮᠲᠠ 2004 ᠣᠨ ᠠᠴᠠ ᠡᠬᠢᠯᠡᠨ ᠭᠤᠶᠤᠴᠢᠯᠠᠨ ᠮᠡᠳᠡᠭᠦᠯᠵᠦ᠂ 2016 ᠣᠨ ᠤ 1 ᠳ᠋ᠣᠭᠡᠷ ᠰᠠᠷ᠎ᠠ ᠶᠢᠨ 31 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠯᠵᠡᠶ ᠪᠣᠭᠤᠮᠲᠠ ᠶᠢᠨ ᠭᠠᠳᠠᠭᠠᠳᠤ ᠨᠡᠭᠡᠭᠡᠯᠲᠡ ᠬᠢᠬᠦ ᠶᠢ ᠴᠣᠬᠤᠯᠠᠪᠤᠷᠢᠯᠠᠨ ᠵᠦᠪᠰᠢᠶᠡᠷᠡᠵᠦ᠂ ᠪᠣᠭᠤᠮᠲᠠ ᠶᠢᠨ ᠰᠢᠨᠵᠢ ᠴᠢᠨᠠᠷ ᠨᠢ ᠬᠤᠶᠠᠷ ᠲᠠᠯ᠎ᠠ ᠶᠢᠨ ᠴᠢᠨᠠᠷᠲᠠᠶ ᠪᠠᠶᠢᠩᠭᠤ ᠶᠢᠨ ᠴᠢᠨᠠᠷᠲᠠᠶ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠪᠣᠭᠤᠮᠲᠠ ᠪᠣᠯᠤᠨ᠎ᠠ᠃ 2016 ᠣᠨ ᠤ 5 ᠰᠠᠷ᠎ᠠ ᠳᠤ ᠪᠣᠭᠤᠮᠲᠠ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠱᠠᠲᠤᠨ ᠳᠤ ᠤᠷᠤᠬᠰᠠᠨ ᠠᠴᠠ ᠨᠠᠰᠢ᠂ ᠨᠡᠶᠢᠳᠡ 20 ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 26 . 3 ᠳ᠋ᠦᠩᠰᠢᠭᠤᠷ ᠲᠥᠭᠦᠷᠢᠭ ᠲᠤ ᠬᠦᠷᠴᠦ᠂ ᠨᠡᠶᠢᠳᠡ 13 . 4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ᠣᠳᠣᠬᠠᠨ ᠳᠤ᠂ ᠪᠣᠭᠤᠮᠲᠠ ᠶᠢᠨ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ ᠪᠦᠬᠦᠨ ᠢ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠴᠢᠳᠠᠮᠵᠢ ᠶᠢᠨ ᠴᠢᠨᠠᠷᠲᠠᠶ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠵᠤ᠂ ᠲᠦᠷ ᠴᠠᠭ ᠤᠨ ᠨᠡᠭᠡᠭᠡᠯᠲᠡ ᠬᠢᠬᠦ ᠨᠥᠬᠦᠴᠡᠯ ᠢ ᠨᠢᠭᠡᠨᠲᠡ ᠪᠦᠷᠢᠯᠳᠦᠭᠦᠯᠪᠡ᠃ 2020 ᠣᠨ ᠤ 12 ᠰᠠᠷ᠎ᠠ ᠶᠢᠨ 22 ᠤᠨ ᠡᠳᠦᠷ᠂ ᠤᠯᠤᠰ ᠤᠨ ᠪᠣᠭᠤᠮᠲᠠ ᠶᠢᠨ ᠠᠯᠪᠠᠨ ᠬᠡᠷ ᠠᠴᠠ ᠥᠯᠵᠡᠶ ᠪᠣᠭᠤᠮᠲᠠ ᠶᠢᠨ ᠲᠦᠷ ᠴᠠᠭ ᠤᠨ ᠨᠡᠭᠡᠭᠡᠯᠲᠡ ᠬᠢᠬᠦ ᠶᠢ ᠵᠥᠪᠰᠢᠶᠡᠷᠡᠪᠡ᠃      ᠥᠯᠵᠡᠶ ᠪᠣᠭᠤᠮᠲᠠ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢᠨ ᠸᠧᠶ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠪᠣᠭᠤᠮᠲᠠ ᠶᠢᠨ ᠨᠠᠮ ᠤᠨ  ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠵᠦ᠂ ᠪᠣᠭᠤᠮᠲᠠ ᠶᠢᠨ ᠨᠡᠭᠡᠭᠡᠯᠲᠡ ᠬᠢᠬᠦ ᠶᠢ ᠡᠷᠲᠡᠬᠡᠨ ᠪᠡᠶᠡᠯᠡᠭᠦᠯᠬᠦ ᠶᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠭᠤᠮᠲᠠ ᠶᠢᠨ ᠠᠵᠤ ᠦᠢᠯᠡᠰ ᠤᠨ ᠳᠣᠭᠳᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠭᠠᠷᠤᠭ᠎ᠠ ᠳᠡᠭᠡᠷ᠎ᠡ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠥᠯᠵᠡᠶ ᠪᠣᠭᠤᠮᠲᠠ ᠶᠢ ᠡᠬᠡ ᠤᠯᠤᠰ ᠤᠨ ᠤᠮᠠᠷᠠᠰᠢ ᠨᠡᠭᠡᠭᠡᠯᠲᠡ ᠬᠢᠬᠦ ᠰᠢᠨ᠎ᠡ ᠪᠠᠬᠢᠯᠡᠯᠲᠡ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠪᠣᠭᠤᠮᠲᠠ ᠶᠢ ︽ᠨᠢᠭᠡ ᠪᠦᠰᠡ ᠨᠢᠭᠡ ᠵᠠᠮ︾ ᠤᠨ ᠬᠥᠭᠵᠢᠯᠲᠡ ᠳᠤ ᠠᠭᠤᠰᠤᠯᠴᠠᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠨᠡᠪᠲᠡᠷᠡᠬᠦ ᠵᠠᠮ ᠪᠠ ᠲᠤᠯᠬᠤ ᠴᠡᠭ ᠪᠣᠯᠭᠠᠨ ᠪᠥᠲᠥᠭᠡᠨ ᠪᠠᠶᠢᠭᠤᠯᠤᠨ᠎ᠠ ᠭᠡᠵᠡᠶ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号