ᠠᠯᠠᠱᠠ ᠠᠶᠢᠮᠠᠭ ᠤᠨ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠶᠢ ᠪᠠᠲᠤᠯᠠᠬᠤ ᠵᠡᠷᠭᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/13
      9 ᠰᠠᠷ᠎ᠠ ᠶᠢᠨ 10 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠠᠲᠤᠯᠠᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠵᠤ ᠴᠡᠭᠴᠡᠯᠡᠨ ᠵᠠᠰᠠᠬᠤ᠂ ᠠᠵᠢᠯ ᠲᠥᠷᠥᠯ ᠤᠨ ᠬᠦᠷᠢᠶᠡᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠪᠥᠬᠦ ᠠᠶᠢᠮᠠᠭ ᠤᠨ ᠣᠷᠣᠨ ᠰᠠᠭᠤᠴᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠵᠤ᠂ ᠠᠶᠢᠮᠠᠭ ᠤᠨ ᠳᠡᠳ᠋ ᠳᠠᠷᠤᠭ᠎ᠠ ᠮᠥᠩᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠯᠦᠸᠧ ᠰᠢᠶᠤᠤ ᠴᠦᠨ ᠬᠠᠮᠢᠶ᠎ᠠ ᠪᠥᠬᠦᠶ ᠠᠵᠢᠯ ᠤᠨ ᠪᠠᠶᠢᠳᠠᠯ ᠢ ᠮᠡᠳᠡᠭᠳᠡᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠽᠧᠩ ᠯᠢᠩ ᠭᠤᠸᠠᠩ ᠬᠤᠷᠠᠯ ᠢ ᠡᠷᠭᠢᠯᠡᠪᠡ᠃
       ᠬᠤᠷᠠᠯ ᠠᠴᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠥᠨᠳᠥᠷ᠂ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠣᠯᠠᠨ ᠪᠣᠯᠬᠤᠷ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠤᠷ ᠬᠢᠬᠦ ᠨᠢ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ᠂ ᠲᠣᠭᠲᠠᠭᠤᠨ ᠢ ᠪᠠᠳᠣᠯᠠᠬᠤ ᠳᠤ  ᠳᠣᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠰᠢᠭᠤ         ︵ᠨᠡᠬᠡᠬᠡᠯᠳᠡ ᠶᠢᠨ ᠣᠷᠣᠨ︶᠂ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ ᠲᠥᠷᠥ ᠪᠠᠷᠢᠬᠤ ᠣᠶᠢᠯᠠᠭᠠᠭᠳᠠᠬᠤᠨ ᠢ ᠦᠢᠯᠡᠳᠦᠯᠬᠡᠵᠢᠬᠦᠯᠵᠦ᠂ ᠠᠵᠢᠯ ᠤᠨ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠴᠠᠭ ᠬᠤᠭᠤᠴᠠᠭ᠎ᠠ ᠶᠢ ᠡᠵᠡᠮᠳᠡᠵᠦ᠂ ᠡᠯ᠎ᠡ ᠵᠦᠢᠯ ᠤᠨ ᠠᠵᠢᠯ ᠢ ᠵᠡᠷᠭᠡ ᠪᠠᠷ ᠠᠬᠢᠭᠤᠯᠵᠤ᠂ ᠣᠯᠠᠨ ᠲᠠᠯ᠎ᠠ ᠪᠠᠷ ᠦᠷ᠎ᠡ ᠪᠦᠳᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠪᠡ᠃        ᠬᠤᠷᠠᠯ ᠠᠴᠠ᠂ ᠪᠥᠬᠦ ᠣᠷᠣᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠨᠥᠬᠦᠷ ᠤᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠥᠬᠦ ᠠᠶᠢᠮᠠᠭ ᠤᠨ ᠠᠷᠠᠳ ᠣᠯᠠᠨ ᠤ ᠳᠤᠯᠠᠭᠠᠨ ᠳᠠᠪᠠᠳᠠᠢ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠨᠢᠭᠡ ᠳᠤ᠂ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠳᠤᠯᠠᠭᠠᠯᠠᠭ᠎ᠠ ᠬᠠᠩᠭᠠᠬᠤ ᠠᠴᠠ ᠡᠮᠦᠨᠡᠬᠢ ᠬᠠᠮᠤᠭ ᠤᠨ ᠰᠡᠭᠦᠯᠴᠢ ᠶᠢᠨ ᠨᠢᠭᠡ ᠰᠠᠷ᠎ᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠨᠢᠭᠡᠳᠦᠯᠲᠡᠶ ᠲᠥᠯᠥᠪᠵᠢᠭᠦᠯᠦᠨ᠂ ᠵᠣᠬᠢᠴᠠᠯᠳᠤᠨ ᠬᠠᠮᠵᠢᠯᠴᠠᠵᠤ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠡᠨᠧᠷᠭᠢ ᠶᠢᠨ ᠨᠥᠭᠡᠴᠡᠯᠡᠯ᠂ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠪᠠᠯᠠ ᠮᠥᠩᠭᠦ ᠴᠤᠭᠯᠠᠭᠤᠯᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠤ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠬᠦ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠤᠯᠤᠰ ᠲᠦᠷᠦ ᠶᠢᠨ ᠦᠨᠳᠦᠷᠴᠡ ᠠᠴᠠ᠂ ᠢᠯᠴᠢ ᠬᠠᠩᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠪᠤᠳᠤᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠢᠯᠴᠢ ᠬᠠᠩᠭᠠᠬᠤ ᠬᠠᠯᠠᠮᠰᠢᠯ ᠢᠶᠠᠷ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠯᠠᠭᠠᠴᠠ ᠶᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ᠂ ᠤᠯᠠᠨ ᠠᠷᠭ᠎ᠠ ᠶᠢ ᠵᠡᠷᠭᠡ ᠪᠠᠷ ᠬᠡᠷᠡᠭᠯᠡᠬᠦ᠂ ᠤᠯᠠᠨ ᠡᠨᠧᠷᠭᠢ ᠪᠠᠷ ᠬᠠᠷᠢᠯᠴᠠᠨ ᠨᠥᠬᠦᠪᠥᠷᠢᠯᠡᠬᠦ᠂ ᠰᠢᠲᠠᠮᠠᠬᠠᠢ ᠬᠡᠢ ᠬᠡᠷᠡᠭᠯᠡᠵᠦ ᠪᠣᠯᠬᠤ ᠪᠣᠯ ᠰᠢᠲᠠᠮᠠᠬᠠᠢ ᠬᠡᠢ ᠬᠡᠷᠡᠭᠯᠡᠵᠦ᠂ ᠴᠠᠬᠢᠯᠭᠠᠨ ᠬᠡᠷᠡᠭᠯᠡᠵᠦ ᠪᠣᠯᠬᠤ ᠪᠣᠯ ᠴᠠᠬᠢᠯᠭᠠᠨ ᠬᠠᠩᠭᠠᠬᠤ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠳᠤᠯᠠᠭᠠᠯᠠᠭ᠎ᠠ ᠬᠠᠩᠭᠠᠬᠤ ᠵᠠᠭᠪᠤᠷ ᠢ ᠢᠳᠡᠪᠬᠢᠲᠡᠢ ᠬᠥᠭᠵᠢᠭᠦᠯᠵᠦ᠂ ︽ᠬᠠᠩᠭᠠᠵᠤ ᠳᠡᠶᠢᠯᠬᠦ᠂ ᠰᠠᠶᠢᠲᠤᠷ ᠬᠠᠩᠭᠠᠬᠤ᠂ ᠡᠨᠧᠷᠭᠢ ᠶᠢᠨ ᠬᠤᠷᠣᠭᠳᠠᠯ ᠪᠠᠭ᠎ᠠ᠂ ᠭᠠᠳᠠᠭᠰᠢᠯᠠᠭᠤᠯᠤᠯᠲᠠ ᠪᠠᠭ᠎ᠠ︾ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠠᠭᠤᠴᠢᠨ ᠬᠤᠭᠤᠯᠠᠶ ᠲᠤᠤᠷ ᠢ ᠥᠭᠡᠷᠡᠴᠢᠯᠡᠬᠦ ᠪᠠ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ᠂ ᠢᠯᠴᠢ ᠬᠠᠩᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃
      ᠬᠤᠷᠠᠯ ᠠᠴᠠ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠯᠠᠮ ᠨᠢᠬᠡ ᠠᠯᠬᠤᠮ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠢ ᠨᠢᠭᠡᠨᠲᠡ ᠪᠡᠶᠡᠯᠡᠭᠦᠯᠦᠭᠰᠡᠨ ᠲᠠᠯ᠎ᠠ ᠪᠠᠷ ᠳᠠᠬᠢᠨ ᠪᠠᠷᠢᠮᠵᠢᠶᠠᠯᠠᠵᠤ᠂ ᠥᠪᠡᠷ ᠢᠶᠠᠨ ᠪᠠᠶᠢᠭᠤᠯᠬᠤ ᠢᠨᠵᠧᠨᠧᠷᠢᠩ ᠤᠨ ᠪᠠᠯᠠ ᠮᠥᠩᠭᠦ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠵᠤ ᠪᠠᠶᠢᠴᠠᠭᠠᠨ ᠴᠡᠭᠴᠡᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠭᠦᠨᠵᠡᠭᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠦᠵᠡᠯ ᠰᠠᠨᠠᠭ᠎ᠠ ᠦᠵᠡᠯᠲᠡ ᠲᠠᠨᠢᠯᠲᠠ ᠪᠠᠨ ᠦᠨᠡᠨᠬᠦ ᠬᠤᠪᠢᠷᠠᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠪᠥᠬᠦ ᠠᠶᠢᠮᠠᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃
       ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠤᠯ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠡᠯ᠎ᠡ ᠬᠤᠰᠢᠭᠤ ︵ᠨᠡᠭᠡᠭᠡᠯᠳᠡ ᠶᠢᠨ ᠣᠷᠣᠨ︶ ᠶᠢᠨ ᠬᠤᠷᠠᠯ ᠤᠨ ᠬᠤᠪᠢᠶᠠᠷᠢ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠠᠶᠢᠮᠠᠭ ᠤᠨ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠳᠣᠪᠴᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号