ᠮᠠᠨ ᠤ ᠠᠶᠢᠮᠠᠭ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ  ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2021/9/13
       ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ  ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ ᠠᠶᠢᠮᠠᠭ ᠤᠨ ᠵᠠᠬᠢᠷᠭ᠎ᠠ ︽ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ  ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠯᠠᠱᠠ ᠠᠶᠢᠮᠠᠭ ᠤᠨ ᠰᠠᠨᠠᠯ︾ ︵ᠳᠣᠷᠣᠭᠰᠢ     ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃
       ︽ᠰᠠᠨᠠᠯ︾ ᠨᠢ ᠤᠯᠤᠰ ᠤᠨ ︽ᠨᠢᠭᠡ ᠪᠦᠰᠡ ᠨᠢᠭᠡ ᠵᠠᠮ︾ ᠤᠨ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠪᠠ ᠴᠢᠨᠠᠷ ᠰᠠᠶᠢᠲᠠᠢ ᠬᠥᠭᠵᠢᠯᠲᠡ︾ ᠵᠢᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠬᠢᠨ ︽ᠳᠡᠭᠡᠳᠦ ᠰᠢᠨᠵᠢᠯᠡᠭᠡ ᠮᠡᠷᠭᠡᠵᠢᠯ ᠢ ᠬᠥᠭᠵᠢᠭᠦᠯᠵᠦ᠂ ᠠᠵᠤ ᠦᠢᠯᠡᠰᠵᠢᠯᠲᠡ ᠶᠢ ᠪᠡᠶᠡᠯᠡᠭᠦᠯᠬᠦ︾ ᠴᠢᠭᠯᠡᠯ ᠢ ᠪᠠᠷᠢᠮᠲᠠᠯᠠᠵᠤ᠂ ︽ᠳᠡᠭᠡᠳᠦ︾ ᠪᠠ ︽ᠰᠢᠨ᠎ᠡ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠯᠠᠱᠠ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠵᠦ᠂ ︽ᠬᠤᠣᠰ ᠣᠷᠴᠢᠯ︾ ᠤᠨ ᠬᠥᠭᠵᠢᠯᠲᠡ ᠶᠢᠨ ᠪᠠᠶᠢᠷᠢᠰᠢᠯ ᠳᠤ ᠭᠦᠨᠵᠡᠭᠡᠢ ᠠᠭᠤᠰᠤᠯᠴᠠᠬᠤ ᠬᠡᠷᠡᠭᠲᠡᠢ︔ ᠳᠡᠯᠡᠬᠡᠢ ᠳᠡᠭᠡᠷ᠎ᠡ ᠦᠷᠢᠰᠦᠯᠳᠦᠬᠦ ᠬᠦᠴᠦᠨ ᠪᠦᠬᠦᠢ ᠠᠵᠤ ᠠᠬᠤᠶᠢᠯᠠᠯ ᠪᠠ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠥᠪᠡᠷᠮᠢᠴᠡ ᠣᠨᠴᠠᠯᠢᠭ ᠪᠦᠬᠦᠢ ᠠᠵᠤ ᠦᠢᠯᠡᠰ ᠤᠨ ᠪᠥᠭᠡᠮᠨᠡᠷᠡᠯ ᠢ ᠪᠤᠢ ᠪᠣᠯᠭᠠᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠳᠣᠭᠤᠷᠢᠨ ᠢ ᠪᠤᠢ ᠪᠣᠯᠭᠠᠬᠤ ᠪᠠᠷ ᠭᠠᠷᠳᠠᠴᠠ ᠪᠣᠯᠭᠠᠵᠤ᠂ ᠬᠠᠮᠵᠢᠯᠴᠠᠭᠰᠠᠨ ᠥᠨᠳᠥᠷ ᠪᠦᠲᠦᠮᠵᠢᠲᠡᠢ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠲᠡᠭᠦᠯᠳᠡᠷᠵᠢᠭᠦᠯᠦᠨ᠎ᠡ︔ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠵᠤ᠂ ᠠᠵᠤ  ᠦᠢᠯᠡᠰ ᠤᠨ ᠬᠥᠭᠵᠢᠯᠲᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠢ  ᠰᠢᠨᠡᠴᠢᠯᠡᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠪᠣᠯᠭᠠᠨ ᠪᠥᠲᠥᠭᠡᠨ ᠪᠠᠶᠢᠭᠤᠯᠤᠨ᠎ᠠ ᠭᠡᠵᠦ ᠳᠣᠷᠠᠳᠪᠠ᠃
       ︽ᠰᠠᠨᠠᠯ︾ ᠳᠤ ᠲᠠᠪᠤᠨ ᠦᠨᠳᠦᠰᠦᠨ ᠵᠠᠷᠴᠢᠮ ᠢ ᠲᠣᠭᠲᠠᠭᠠᠪᠠ᠃ ᠲᠤᠬᠠᠶᠢᠯᠠᠪᠠᠯ ᠪᠣᠬᠢᠷᠲᠤᠯ ᠥᠬᠡᠶ ᠣᠷᠴᠢᠯ ᠢ ᠪᠠᠷᠢᠮᠲᠠᠯᠠᠵᠤ᠂ ᠥᠨᠳᠥᠷ ᠪᠦᠲᠦᠮᠵᠢᠲᠡᠶ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠦᠨ᠎ᠡ︔ ᠡᠬᠢ ᠪᠠᠶᠠᠯᠢᠭ ᠢ ᠲᠥᠪᠯᠡᠷᠡᠭᠦᠯᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ᠎ᠡ︔ ᠳᠡᠭᠡᠳᠦ ᠰᠢᠨ᠎ᠡ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠵᠤ ᠦᠢᠯᠡᠰ ᠤᠨ ᠦᠨᠳᠦᠷ ᠳᠦᠪᠰᠢᠨ ᠢ ᠪᠣᠢ ᠪᠣᠯᠭᠠᠨ᠎ᠠ︔ ᠳᠠᠪᠠᠭᠤᠯᠢᠭ ᠢᠶᠠᠨ ᠳᠣᠪᠤᠶᠢᠯᠭᠠᠬᠤ ᠶᠢ ᠪᠠᠷᠢᠮᠲᠠᠯᠠᠵᠤ᠂ ᠣᠷᠣᠨ ᠪᠦᠰᠡ ᠶᠢᠨ ᠣᠨᠴᠠᠯᠢᠭ ᠢᠶᠠᠨ ᠢᠯᠡᠷᠡᠭᠦᠯᠬᠦ ᠬᠡᠷᠡᠭᠲᠡᠶ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂  ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽2025 ᠣᠨ ᠪᠣᠯᠬᠤ ᠳᠤ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠣᠷᠣᠨ ᠤ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠪᠦᠯᠦᠭᠯᠡᠯ ᠤᠨ ᠬᠥᠭᠵᠢᠯᠲᠡ ᠶᠢᠨ ᠦᠢᠯᠡᠳᠦᠯ ᠢ ᠲᠦᠷᠭᠡᠨ ᠢᠯᠡᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠠᠵᠤ ᠦᠢᠯᠡᠰ ᠤᠨ ᠥᠷᠢᠰᠥᠯᠳᠦᠬᠦ ᠬᠦᠴᠦᠨ ᠢ ᠶᠡᠭᠡ ᠪᠠᠷ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠵᠦ᠂ ᠪᠦᠬᠦ ᠤᠯᠤᠰ ᠲᠤ ᠠᠯᠳᠠᠷᠲᠠᠢ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠣᠬᠢᠷᠲᠤᠯ ᠦᠭᠡᠢ ᠠᠮᠤᠷ ᠲᠦᠪᠰᠢᠨ ᠥᠨᠳᠥᠷ ᠪᠦᠲᠦᠮᠵᠢᠲᠡᠢ ᠬᠥᠭᠵᠢᠯᠲᠡ ᠶᠢᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠬᠤ︾ ᠬᠥᠭᠵᠢᠯᠲᠡ ᠶᠢᠨ ᠬᠠᠷᠠᠯᠲᠠ ᠪᠣᠯᠭᠠᠨ᠎ᠠ᠃
        ︽ᠰᠠᠨᠠᠯ︾ ᠳᠤ ᠨᠡᠶᠢᠲᠡ 19 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠶᠢ ᠳᠣᠷᠠᠳᠪᠠ᠃ ︽ᠰᠢᠨ᠎ᠡ ᠶᠢ ᠡᠭᠦᠳᠦᠨ ᠣᠷᠣᠨ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ᠂ ᠭᠤᠤᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠶ︔ ᠳᠡᠭᠡᠳᠦ ᠲᠡᠰ ᠤᠨ ᠰᠢᠨ᠎ᠡ ᠶᠢ ᠡᠭᠦᠳᠬᠦ ᠲᠠᠪᠴᠠᠩ ᠢ ᠲᠦᠷᠭᠡᠪᠴᠢᠯᠡᠨ ᠪᠠᠶᠢᠷᠢᠯᠠᠭᠤᠯᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠲᠠᠪᠴᠠᠩ ᠤᠨ ᠰᠢᠰᠲ᠋ᠧᠮ ᠢ ᠪᠠᠶᠢᠭᠤᠯᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠱᠠᠲᠤ ᠳᠠᠷᠠᠭᠠᠯᠠᠨ ᠪᠤᠶᠢᠵᠢᠭᠤᠯᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠮᠥᠩᠭᠦᠨ ᠬᠦᠢᠯᠬᠡᠬᠡᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠠᠵᠤ ᠦᠢᠯᠡᠰ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ᠂ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠶ︔ ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠣᠯᠴᠠᠨ ᠬᠥᠭᠵᠢᠬᠦ ᠶᠢ ᠲᠦᠷᠭᠡᠳᠬᠡᠨ᠎ᠡ︔ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠬᠥᠭᠵᠢᠭᠦᠯᠦᠨ᠎ᠡ᠃ ︽ᠠᠮᠢ ᠠᠬᠤᠶ ᠪᠠᠷ ᠣᠷᠣᠨ ᠢᠶᠠᠨ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢᠨ ᠬᠠᠮᠢᠶᠠᠷᠤᠯᠲᠠ ᠶᠢ ᠦᠨᠡᠨᠬᠦ ᠴᠢᠩᠭᠠᠷᠠᠭᠤᠯᠬᠤ ᠬᠡᠷᠡᠭᠲᠡᠶ︔ ᠠᠮᠢ ᠠᠬᠤᠢ ᠶᠢ ᠡᠷᠬᠢᠮᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠢ ᠰᠢᠨᠡᠴᠢᠯᠡᠨ ᠬᠥᠭᠵᠢᠭᠦᠯᠦᠨ᠎ᠡ᠃ ︽ᠨᠡᠭᠡᠭᠡᠯᠳᠡ ᠬᠢᠵᠦ ᠣᠷᠣᠨ ᠢᠶᠠᠨ ᠠᠮᠢᠵᠢᠷᠠᠭᠤᠯᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠯ᠎ᠠ ᠪᠠᠷ ᠣᠷᠣᠨ ᠪᠦᠰᠡ ᠶᠢᠨ ᠬᠠᠮᠲᠤᠷᠠᠯᠴᠠᠭ᠎ᠠ ᠬᠥᠭᠵᠢᠯᠲᠡ ᠶᠢ ᠴᠢᠩᠭᠠᠳᠬᠠᠬᠤ ᠬᠡᠷᠡᠭᠲᠡᠢ︔ ᠠᠵᠢᠯᠲᠠᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠲᠡᠷᠢᠭᠦᠨ ᠵᠡᠷᠭᠡ ᠶᠢᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠪᠤᠢ ᠪᠣᠯᠭᠠᠨ᠎ᠠ︔ ᠰᠢᠨ᠎ᠡ ᠶᠢ ᠡᠭᠦᠳᠬᠦ ᠴᠢᠳᠠᠪᠤᠷᠢᠲᠠᠨ ᠤ ᠥᠨᠳᠦᠷᠯᠢᠭ ᠢ ᠴᠣᠭᠴᠠᠯᠠᠨ᠎ᠠ︔ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢᠨ ᠠᠷᠭ᠎ᠠ ᠵᠠᠮ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠡ︔ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号