︽ᠭᠤᠷᠪᠠ ᠶᠢ ᠨᠡᠶᠢᠳᠡᠮ ᠬᠦᠢᠴᠡᠳᠭᠡᠬᠦ︾ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠪᠠᠯᠳᠠᠳᠤ ᠮᠠᠶ᠋ᠢᠭ ᠤᠨ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/9/13
        ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠣᠪᠴᠢᠶ᠎ᠠ ︽ᠥᠨᠳᠥᠷ ᠪᠦᠲᠦᠮᠵᠢᠲᠡᠢ ᠪᠠᠷ ᠠᠷᠠᠳ ᠲᠤ ᠲᠦᠬᠦᠮ ᠦᠵᠡᠭᠦᠯᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠪᠦᠬᠦ ᠶᠠᠪᠤᠴᠠ ᠳᠤ  ᠳᠣᠣᠱᠯᠠᠭᠤᠯᠬᠤ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠰᠢᠨ᠎ᠡ ᠳᠦᠯᠦᠪᠰᠢᠯ ᠢ ᠪᠣᠢ ᠪᠣᠯᠭᠠᠵᠦ᠂ ᠠᠷᠠᠳ ᠲᠦᠮᠡᠨ ᠳᠤ ᠦᠢᠯᠡᠴᠢᠯᠡᠬᠦ ᠭᠤᠣᠯ ᠪᠠᠬᠢᠯᠡᠯᠲᠡ ᠶᠢ ᠪᠠᠲᠤ ᠴᠣᠭᠴᠠᠯᠠᠵᠤ᠂ ᠰᠢᠨ᠎ᠡ ᠶᠢ ᠡᠭᠦᠳᠬᠦ ᠲᠠᠯ᠎ᠠ ᠪᠠᠷ ︽ᠰᠢᠪᠲᠤᠯᠤᠯᠲᠠ ᠬᠢᠵᠦ︾᠂ ᠠᠷᠠᠳ ᠤᠯᠠᠨ ᠤ ︽ᠰᠠᠨᠠᠭᠠᠰᠢᠷᠠᠵᠤ ᠪᠠᠶᠢᠭ᠎ᠠ ᠶᠠᠪᠤᠳᠠᠯ᠂  ᠵᠣᠪᠠᠵᠦ ᠪᠠᠶᠢᠭ᠎ᠠ ᠶᠠᠪᠤᠳᠠᠯ︾ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ᠂ ᠤᠯᠠᠨ ᠲᠦᠮᠡᠨ ᠳᠤ ᠪᠦᠬᠦ ᠲᠠᠯ᠎ᠠ ᠶᠢᠨ᠂ ᠴᠢᠨᠠᠷ ᠰᠠᠶᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠪᠠᠷ ᠬᠦᠴᠦᠯᠡᠨ ᠴᠢᠷᠮᠠᠶᠢᠪᠠ᠃
      ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠭᠦᠨᠵᠡᠭᠡᠶ ᠠᠬᠢᠭᠤᠯᠪᠠ᠃ ︽ᠠᠯᠠᠱᠠ ᠠᠶᠢᠮᠠᠭ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠭᠡᠨ ᠤ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠵᠤ᠂ ᠪᠥᠬᠦ ᠠᠶᠢᠮᠠᠭ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ 6 ᠲᠠᠯ᠎ᠠ ᠶᠢᠨ 19 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠭᠡᠬᠦ︾ ᠰᠢᠰᠲ᠋ᠧᠮ ᠢ ᠪᠥᠬᠦ ᠲᠠᠯ᠎ᠠ ᠪᠠᠷ ᠡᠬᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠪᠥᠬᠦ ᠠᠶᠢᠮᠠᠭ ᠨᠡᠶᠢᠲᠡ 17448 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠠᠭᠠᠭᠠᠨ ᠠᠪᠴᠤ ᠨᠡᠶᠢᠲᠡᠯᠡᠭᠰᠡᠨ ᠪᠠᠶᠢᠨ᠎ᠠ᠃ ᠲᠤᠬᠠᠶᠢᠯᠠᠪᠠᠯ ᠬᠦᠢᠴᠡᠳᠬᠡᠬᠦ ᠵᠦᠢᠯᠡᠰ ᠤᠨ ᠬᠠᠷᠢᠴᠠᠯ 61 . 04 %᠂ ᠠᠮᠠᠯᠠᠯᠲᠠ ᠶᠢᠨ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ 84 . 81 %᠂ ᠬᠠᠮᠤᠭ ᠤᠨ ᠣᠯᠠᠨ ᠳᠠᠭᠠᠨ ᠨᠢᠭᠡ ᠤᠳᠠᠭ᠎ᠠ ᠬᠦᠶᠦᠬᠦ ᠵᠦᠢᠯᠡᠰ ᠤᠨ ᠬᠠᠷᠢᠴᠠᠯ 99 . 54 %᠂ ᠪᠥᠬᠦ ᠶᠠᠪᠤᠴᠠ ᠳᠤ ᠰᠦᠯᠵᠢᠶ᠎ᠡ ᠪᠠᠷ ᠬᠦᠢᠴᠡᠳᠬᠡᠬᠦ ᠵᠦᠢᠯᠡᠰ ᠤᠨ ᠬᠠᠷᠢᠴᠠᠯ 81 . 25 % ᠪᠣᠯᠤᠨ᠎ᠠ᠃ ᠡᠯᠧᠺᠲᠷᠣᠨ ᠭᠡᠷᠡᠴᠢ ᠦᠨᠡᠮᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 96 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠢ ᠲᠠᠨᠢᠵᠤ ᠠᠪᠴᠤ᠂ 75270 ᠡᠯᠧᠺᠲᠷᠣᠨ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠴᠤᠭᠯᠠᠷᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠯᠧᠺᠲᠷᠣᠨ ᠲᠠᠮᠠᠭ᠎ᠠ ᠶᠢ 168 ᠦᠢᠯᠡᠳᠴᠦ᠂ ᠡᠯᠧᠺᠲᠷᠣᠨ ᠲᠠᠮᠠᠭ᠎ᠠ ᠶᠢ 77645 ᠳᠠᠷᠣᠪᠠ᠃  ︽ᠰᠠᠶᠢᠨ ᠮᠠᠭᠤ ᠦᠨᠡᠯᠡᠯᠲᠡ︾ ᠶᠢ ᠨᠡᠶᠢᠲᠡ 81495 ᠵᠤᠷᠪᠤᠰ ᠦᠨᠡᠯᠡᠪᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠰᠢᠰᠲ᠋ᠧᠮ ᠳᠤ ᠨᠡᠶᠢᠲᠡ 4279 ᠬᠡᠷᠡᠭ ᠢ ᠭᠥᠯᠢᠶᠡᠨ ᠠᠪᠴᠤ ᠬᠦᠢᠴᠡᠳᠬᠡᠪᠡ᠃      ︽ᠮᠤᠵᠢ ᠠᠯᠤᠰᠯᠠᠨ ᠨᠡᠶᠢᠳᠡᠮ ᠬᠦᠢᠴᠡᠳᠬᠡᠬᠦ︾ ᠶᠢ ᠨᠠᠷᠢᠯᠢᠭ ᠠᠬᠢᠭᠤᠯᠪᠠ᠃ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠬᠦᠢᠴᠡᠳᠭᠡᠬᠦ᠂ ᠤᠨᠳᠤᠤ ᠭᠠᠵᠠᠷ ᠲᠤ ᠣᠷᠣᠯᠠᠨ ᠭᠥᠯᠢᠶᠡᠨ ᠠᠪᠴᠤ ᠣᠷᠣᠯᠠᠨ ᠬᠦᠢᠴᠡᠳᠬᠡᠬᠦ᠂ ᠣᠯᠠᠨ ᠭᠠᠵᠠᠷ ᠤᠨ ᠬᠢᠨ ᠬᠠᠮᠲᠤᠷᠠᠨ ᠬᠦᠢᠴᠡᠳᠬᠡᠬᠦ 3 ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ 138 ᠵᠦᠢᠯᠡᠰ ᠢ ᠮᠤᠵᠢ ᠠᠯᠤᠰᠯᠠᠨ ᠨᠡᠶᠢᠳᠡᠮ ᠬᠦᠢᠴᠡᠳᠬᠡᠬᠦ ᠶᠢ ᠪᠡᠶᠡᠯᠡᠭᠦᠯᠪᠡ᠃ ᠤᠯᠤᠰ ᠤᠨ ᠲᠦᠷᠦᠭᠦᠦ ᠪᠦᠯᠦᠭ ᠤᠨ 58 ᠤᠴᠢᠷ ᠶᠠᠪᠤᠳᠠᠯ᠂ ᠠᠯᠠᠱᠠ ᠠᠶᠢᠮᠠᠭ ᠲᠤ ᠬᠤᠯᠪᠣᠭᠳᠠᠭᠰᠠᠨ 41 ᠤᠴᠢᠷ ᠶᠠᠪᠤᠳᠠᠯ ᠢ ᠮᠤᠵᠢ ᠠᠯᠤᠰᠯᠠᠨ ᠨᠡᠶᠢᠳᠡᠮ ᠬᠦᠢᠴᠡᠳᠬᠡᠬᠦ ᠶᠢ ᠪᠡᠶᠡᠯᠡᠭᠦᠯᠪᠡ᠃ ᠬᠤᠶᠠᠳᠤᠭᠠᠷ ᠪᠦᠯᠦᠭ ᠤᠨ 72 ᠤᠴᠢᠷ ᠶᠠᠪᠤᠳᠠᠯ ᠨᠢ ᠠᠯᠠᠱᠠ ᠠᠶᠢᠮᠠᠭ ᠲᠤ 50 ᠤᠴᠢᠷ ᠬᠤᠯᠪᠣᠭᠳᠠᠵᠤ᠂ ᠨᠢᠭᠡᠨᠲᠡ ᠮᠤᠵᠢ ᠠᠯᠤᠰᠯᠠᠨ ᠨᠡᠶᠢᠳᠡᠮ ᠬᠦᠢᠴᠡᠳᠬᠡᠬᠦ ᠶᠢ 13 ᠪᠡᠶᠡᠯᠡᠭᠦᠯᠪᠡ᠃      ︽ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠬᠡᠬᠦ︾ ᠶᠢ ᠦᠷᠭᠦᠯᠵᠢᠯᠡᠨ ᠠᠬᠢᠭᠤᠯᠪᠠ᠃ ᠣᠯᠠᠨ ᠲᠦᠮᠡᠨ ᠪᠠ ᠠᠵᠤ ᠠᠬᠤᠶᠢᠯᠠᠯ ᠤᠨ ᠤᠨᠳᠤᠤ ᠭᠠᠵᠠᠷ ᠰᠦᠯᠵᠢᠶᠡᠨ ᠭᠠᠳᠠᠨ᠎ᠠ ᠠᠵᠢᠯ ᠶᠠᠪᠤᠳᠠᠯ ᠬᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠳᠤ ᠲᠥᠬᠦᠮ ᠦᠵᠡᠭᠦᠯᠬᠦ ᠶᠢᠨ ᠲᠥᠯᠥᠭᠡ᠂ ᠡᠯ᠎ᠡ ᠲᠥᠷᠥᠯ ᠤᠨ ᠤᠴᠢᠷ ᠶᠠᠪᠤᠳᠠᠯ ᠢ ᠤᠨᠳᠤᠤ ᠭᠠᠵᠠᠷ ᠲᠤ ᠬᠦᠢᠴᠡᠳᠬᠡᠬᠦ᠂ ᠣᠶᠢᠷ᠎ᠠ ᠬᠠᠪᠢ ᠳᠤᠨᠢ ᠬᠦᠢᠴᠡᠳᠬᠡᠬᠦ ᠶᠢ ᠬᠡᠷᠡᠭᠵᠢᠭᠦᠯᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠬᠦᠢᠴᠡᠳᠬᠡᠬᠦ ᠥᠪᠡᠷ ᠤᠨ ᠥᠷᠲᠡᠭ ᠢ ᠪᠠᠭᠠᠰᠬᠠᠨ᠂ ᠮᠠᠰᠢᠨ ᠲᠡᠷᠭᠡ ᠳᠠᠩᠰᠠᠯᠠᠭᠤᠯᠬᠤ᠂ ᠡᠷᠦᠬᠡ ᠠᠮᠠ ᠰᠢᠯᠵᠢᠭᠦᠯᠬᠦ᠂ ᠠᠵᠤ ᠠᠬᠤᠶᠢᠯᠠᠯ ᠪᠠᠶᠢᠭᠤᠯᠬᠤ ᠵᠡᠷᠭᠡ 68 ᠭᠤᠤᠯ ᠲᠥᠷᠥᠯ ᠵᠦᠢᠯ ᠤᠨ 243 ᠲᠤᠬᠠᠶᠢᠯᠠᠭᠰᠠᠨ ᠠᠵᠢᠯ ᠤᠨ ᠬᠦᠢᠴᠡᠳᠬᠡᠬᠦ ᠲᠥᠷᠥᠯ ᠵᠦᠢᠯ ᠢ ᠠᠶᠢᠮᠠᠭ ᠤᠨ ᠬᠡᠪᠴᠢᠶᠡᠨ ᠳᠤ ᠨᠡᠶᠢᠳᠡᠮ ᠬᠦᠢᠴᠡᠳᠬᠡᠬᠦ ᠶᠢ ᠪᠡᠶᠡᠯᠡᠭᠦᠯᠵᠦ᠂ ᠣᠳᠣᠬᠠᠨ ᠳᠤ ᠨᠡᠶᠢᠲᠡ 16 . 83 ᠲᠦᠮᠡᠨ ᠤᠴᠢᠷ ᠶᠠᠪᠤᠳᠠᠯ ᠢ ᠬᠦᠢᠴᠡᠳᠬᠡᠵᠡᠢ᠃       ᠰᠢᠨ᠎ᠡ ᠶᠢ ᠡᠭᠦᠳᠦᠨ ᠣᠯᠠᠨ ᠲᠦᠮᠡᠨ ᠳᠤ ᠦᠢᠯᠡᠴᠢᠯᠡᠵᠦ ᠠᠷᠠᠳ ᠤᠨ ᠰᠡᠳᠬᠢᠯ ᠢ ᠳᠣᠯᠠᠭᠠᠴᠠᠭᠤᠯᠪᠠ᠃ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠨᠠᠮ ᠤᠨ ᠲᠡᠦᠬᠡ ᠶᠢ ᠰᠤᠷᠤᠯᠴᠠᠬᠤ ᠪᠠ ᠦᠵᠡᠯ ᠰᠠᠨᠠᠭ᠎ᠠ ᠶᠢ ᠣᠶᠢᠯᠠᠭᠠᠬᠤ ᠶᠢ ᠠᠭᠤᠰᠤᠯᠴᠠᠭᠤᠯᠤᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠪᠣᠳᠠᠲᠤ ᠶᠠᠪᠤᠳᠠᠯ ᠬᠢᠬᠦ ᠪᠠ ᠰᠢᠨ᠎ᠡ ᠪᠠᠶᠢᠳᠠᠯ ᠢ ᠨᠡᠭᠡᠭᠡᠬᠦ ᠳᠤ ᠢᠵᠢᠯ ᠴᠢᠭᠯᠡᠯ ᠢᠶᠠᠷ ᠬᠦᠴᠦᠯᠡᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠬᠦᠴᠢᠷ ᠠᠰᠠᠭᠤᠳᠠᠯ᠂ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠠᠷᠠᠳ ᠲᠤ ᠲᠥᠬᠦᠮ ᠦᠵᠡᠭᠦᠯᠦᠨ ᠪᠣᠳᠠᠲᠤ ᠶᠠᠪᠤᠳᠠᠯ ᠬᠢᠵᠦ᠂ ᠠᠵᠤ ᠠᠬᠤᠶᠢᠯᠠᠯ ᠣᠯᠠᠨ ᠲᠦᠮᠡᠨ ᠳᠤ ᠨᠠᠩ ᠣᠯᠠᠨ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠣᠯᠭᠤᠪᠠ᠃
 
ᠢᠷᠡᠯᠲᠡ᠄ ᠠᠶᠢᠮᠠᠭ ᠤᠨ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠳᠣᠪᠴᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号