︽ᠦᠭᠡ ᠬᠡᠯᠡ ᠦᠰᠦᠭ ᠪᠢᠴᠢᠭ ᠪᠣᠯ ᠬᠥᠮᠦᠰ ᠤᠨ ᠬᠤᠭᠤᠷᠣᠨᠳᠣᠬᠢ ᠰᠣᠯᠢᠯᠴᠠᠭ᠎ᠠ ᠨᠡᠪᠲᠡᠷᠡᠯᠴᠡᠭᠡ ᠶᠢᠨ | ᠴᠢᠬᠤᠯᠠ ᠪᠠᠭᠠᠵᠢ ᠮᠥᠨ᠃ ᠰᠤᠷᠤᠯᠴᠠᠵᠤ ᠠᠵᠢᠯᠯᠠᠬᠤ ᠳᠤᠮᠳᠠ᠂ ᠭᠠᠭᠴᠠ ᠬᠦ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠴᠤ ᠰᠠᠶᠢᠲᠤᠷ ᠬᠡᠷᠡᠭᠯᠡᠪᠡᠯ ᠰᠠᠶ᠋ᠢ ᠴᠠᠭ ᠦᠶ᠎ᠡ ᠶᠢᠨ ᠬᠥᠭᠵᠢᠯᠲᠡ ᠪᠠ | ᠬᠡᠷᠡᠭᠴᠡᠭᠡ ᠳᠤ ᠨᠡᠩ ᠰᠠᠶᠢᠲᠤᠷ ᠵᠣᠬᠢᠴᠠᠵᠤ ᠴᠢᠳᠠᠨ᠎ᠠ᠃ ᠮᠢᠨᠦ ᠦᠵᠡᠬᠦ ᠪᠠᠷ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠪᠣᠯ ᠦᠪᠡᠷ ᠤᠨ ᠬᠠᠷᠠᠭ᠎ᠠ ᠪᠠᠨ ᠦᠷᠬᠡᠵᠢᠬᠦᠯᠬᠦ ᠠᠯᠳᠠᠨ ᠲᠦᠯᠬᠢᠭᠦᠷ ᠮᠥᠨ᠂ | ᠵᠠᠯᠠᠭᠤᠴᠤᠳ ᠤᠨ ᠵᠠᠯᠠᠭᠤ ᠨᠠᠰᠤᠨ ᠤ ᠬᠦᠰᠡᠯ ᠵᠡᠬᠦᠳᠦ ᠪᠠᠨ ᠲᠡᠷᠭᠡᠯᠰᠢᠭᠦᠯᠬᠦ ᠬᠤᠷᠳᠤᠳᠬᠠᠭᠤᠷ ᠮᠥᠨ︾ ᠬᠡᠵᠦ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠬᠡᠯᠲᠡᠰ ᠤᠨ ᠳᠠᠷᠤᠭ᠎ᠠ ᠨᠠᠷᠠᠰᠤ ᠣᠶᠢᠷ᠎ᠠ ᠳᠤ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠯ᠎ᠡ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠵᠤ ᠬᠡᠷᠡᠭᠯᠡᠭᠰᠡᠨ ᠨᠢ ᠲᠡᠭᠦᠨ ᠤ | ᠲᠤᠰᠬᠠᠢ ᠮᠡᠷᠭᠡᠵᠢᠯ ᠤᠨ ᠰᠤᠷᠤᠯᠴᠠᠯᠭ᠎ᠠ ᠳᠤ ᠢᠳᠡᠪᠬᠢᠲᠡᠢ ᠦᠢᠯᠡᠳᠦᠯ ᠦᠵᠡᠭᠦᠯᠪᠡ᠃ ᠶᠡᠭᠡ ᠰᠤᠷᠭᠠᠭᠤᠯᠢ ᠶᠢᠨ | ᠬᠤᠭᠤᠴᠠᠭᠠᠨ ᠳᠠᠭᠠᠨ᠂ ᠨᠠᠷᠠᠰᠤ ᠥᠪᠡᠷ ᠤᠨ ᠳᠤᠷ᠎ᠠ ᠪᠠᠬ᠎ᠠ ᠲᠠᠢ ᠹᠢᠽᠢᠺ ᠤᠨ ᠮᠡᠷᠭᠡᠵᠢᠯ ᠢᠶᠠᠨ ᠰᠣᠩᠭᠤᠪᠠ᠃ | ᠮᠡᠳᠡᠯᠭᠡ ᠮᠡᠳᠡᠴᠡ ᠪᠠᠨ ᠨᠡᠮᠡᠭᠳᠡᠬᠦᠯᠬᠦ ᠳᠤ ᠶᠡᠭᠡ ᠬᠡᠮᠵᠢᠶᠡᠨ ᠤ ᠯᠠᠪᠯᠠᠬᠤ ᠮᠠᠲ᠋ᠧᠷᠢᠶᠠᠯ ᠢ ᠪᠠᠶᠢᠴᠠᠭᠠᠨ ᠦᠵᠡᠬᠦ | ᠴᠢᠬᠤᠯᠠᠲᠠᠢ ᠪᠢᠯᠡ᠂ ᠡᠨᠡ ᠦᠶ᠎ᠡ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠲᠡᠭᠦᠨ ᠤ | ᠰᠠᠶᠢᠨ ᠬᠠᠪᠰᠤᠷᠤᠭᠴᠢ ᠪᠣᠯᠤᠭᠰᠠᠨ ᠪᠠᠶᠢᠪᠠ᠃ ᠲᠡᠷᠡ ᠦᠷᠭᠦᠯᠵᠢ ᠨᠣᠮ ᠤᠨ ᠰᠠᠩ ᠳᠤ ᠬᠦᠷᠴᠦ ᠨᠣᠮ ᠦᠵᠡᠵᠦ᠂ | ᠰᠤᠷᠤᠯᠴᠠᠵᠤ᠂ ᠬᠠᠮᠳᠤ ᠰᠤᠷᠤᠯᠭᠠᠳᠠᠳ ᠲᠠᠢ ᠪᠠᠨ ᠦᠵᠡᠯ ᠪᠤᠳᠤᠯ ᠢᠶᠠᠨ ᠰᠣᠯᠢᠯᠴᠠᠨ᠂ ᠲᠤᠰᠬᠠᠢ ᠮᠡᠷᠭᠡᠵᠢᠯ ᠤᠨ | ᠬᠦᠷᠢᠶᠡᠨ ᠳᠠᠬᠢ ᠮᠡᠳᠡᠯᠭᠡ ᠪᠠᠨ ᠦᠳᠲᠡᠷ ᠲᠦᠷᠭᠡᠨ ᠡᠵᠡᠮᠰᠢᠭᠰᠡᠨ ᠪᠢᠯᠡ᠃ | ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠢᠨᠦ ᠬᠠᠷᠢᠯᠴᠠᠭᠠᠨ ᠤ ᠣᠷᠣᠨ ᠵᠠᠢ ᠶᠢ | ᠥᠷᠭᠡᠳᠬᠡᠪᠡ᠃ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠦᠶ᠎ᠠ ᠳᠤ ᠰᠤᠯᠠ ᠰᠡᠯᠡᠬᠦᠦ ᠴᠠᠭ ᠲᠠᠭᠠᠨ᠂ ᠪᠢ | ᠡᠯ᠎ᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠵᠢᠯ ᠤᠨ ᠤᠷ᠎ᠠ ᠴᠢᠳᠠᠪᠤᠷᠢ ᠪᠠ | ᠶᠡᠷᠦᠩᠬᠡᠶᠢᠯᠡᠭᠰᠡᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠮᠠᠰᠢ ᠰᠠᠶᠢᠨ ᠰᠠᠭᠤᠷᠢ ᠲᠠᠯᠪᠢᠵᠠᠢ︾ ᠬᠡᠵᠦ ᠨᠠᠷᠠᠰᠤ | ᠰᠡᠳᠬᠢᠯ ᠤᠨ ᠦᠬᠡ ᠪᠠᠨ ᠲᠡᠯᠬᠡᠨ᠎ᠠ᠃ | ︽ᠡᠪ ᠬᠠᠮᠲᠤ ᠵᠠᠯᠠᠭᠤᠴᠤᠳ ᠤᠨ ᠡᠪᠯᠡᠯ ᠨᠢ ᠬᠦᠲᠦᠯᠦᠨ ᠳᠠᠭᠠᠭᠤᠯᠵᠤ ᠨᠢᠭᠲᠠᠷᠠᠭᠤᠯᠬᠤ᠂ ᠵᠣᠬᠢᠶᠠᠨ | ᠪᠠᠶᠢᠭᠤᠯᠵᠤ ᠳᠠᠶᠢᠴᠢᠯᠠᠬᠤ᠂ ᠬᠠᠷᠢᠯᠴᠠᠵᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠡᠪ | ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ ᠪᠣᠯᠤᠭᠰᠠᠨ ᠤ ᠬᠤᠪᠢ ᠳᠤ᠂ ᠪᠢ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠴᠤ ᠬᠡᠷᠡᠭᠯᠡᠬᠦ ᠶᠢᠨ ᠴᠢᠬᠤᠯᠠ ᠴᠢᠨᠠᠷ ᠢ ᠶᠠᠪᠤᠬᠤ ᠲᠤᠳᠤᠮ ᠲᠠᠨᠢᠵᠤ | ᠤᠯᠪᠠ᠃ ᠬᠡᠷᠪᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠡᠵᠡᠮᠰᠢᠬᠦ | ᠦᠭᠡᠢ ᠪᠣᠯ ᠥᠷᠭᠡᠨ ᠤᠯᠠᠨ ᠵᠠᠯᠠᠭᠤᠴᠤᠳ ᠤᠨ ᠪᠤᠳᠤᠯ ᠰᠠᠨᠠᠭ᠎ᠠ ᠶᠢ ᠣᠶᠢᠯᠠᠭᠠᠵᠤ ᠴᠢᠳᠠᠬᠤ ᠦᠭᠡᠢ᠂ ᠨᠡᠩ ᠴᠤ | ᠵᠠᠯᠠᠭᠤᠴᠤᠳ ᠲᠠᠢ ᠤ᠊ ᠵᠢᠷᠠᠳᠴᠤ᠂ ᠲᠡᠳᠡᠨ ᠤ ᠰᠡᠳᠬᠢᠯ ᠢ ᠮᠡᠳᠡᠭᠴᠢ᠂ ᠵᠠᠮᠴᠢᠯᠠᠭᠴᠢ ᠪᠤᠯᠵᠤ ᠴᠢᠳᠠᠬᠤ ᠦᠭᠡᠢ ᠶᠤᠮ︾ | ᠭᠡᠵᠦ ᠨᠠᠷᠠᠰᠤ ᠬᠡᠯᠡᠪᠡ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠯᠲᠡ ᠨᠢ ᠨᠠᠷᠠᠰᠤ ᠶᠢᠨ ᠠᠵᠢᠯ ᠳᠤ | ᠠᠮᠵᠢᠯᠳᠠ ᠶᠢᠨ ᠦᠷ᠎ᠡ ᠵᠢᠮᠢᠰ ᠲᠡᠬᠦᠵᠢᠩᠨᠡᠬᠦᠯᠦᠨᠡ᠃ ᠡᠨᠡ ᠵᠢᠯ ᠤᠨ 7 ᠰᠠᠷ᠎ᠠ ᠳᠤ᠂ ᠨᠠᠷᠠᠰᠤ ᠪᠦᠯᠬᠦᠮ | ᠳᠠᠭᠠᠭᠤᠯᠤᠨ ᠵᠧᠵᠢᠶᠠᠩ ᠮᠤᠵᠢ ᠶᠢᠨ ᠢ ᠦ᠋ ᠬᠤᠳᠠ ᠳᠤ ᠬᠦᠷᠴᠦ ᠡᠪᠯᠡᠯ ᠤᠨ ᠲᠥᠪ ᠬᠤᠷᠢᠶᠠᠨ ᠤ ᠪᠣᠯᠪᠠᠰᠤᠷᠠᠯ ᠳᠤ | ᠣᠷᠣᠯᠴᠠᠵᠤ᠂ ᠪᠡᠭᠡᠵᠢᠩ᠂ ᠵᠧᠵᠢᠶᠠᠩ᠂ ᠠᠨᠾᠦ᠋ᠢ ᠵᠡᠷᠭᠡ ᠪᠦᠬᠦ ᠤᠯᠤᠰ ᠤᠨ ᠡᠪᠯᠡᠯ ᠤᠨ ᠺᠠᠳ᠋ᠷᠴᠤᠳ ᠲᠠᠢ ᠬᠠᠮᠲᠤ | ᠰᠤᠷᠤᠯᠴᠠᠨ ᠦᠵᠡᠯ ᠪᠤᠳᠤᠯ ᠢᠶᠠᠨ ᠰᠣᠯᠢᠯᠴᠠᠪᠠ︔ ᠡᠳᠦᠷ ᠲᠤᠳᠤᠮ ᠤᠨ ᠠᠵᠢᠯ ᠳᠠᠭᠠᠨ ᠲᠡᠷᠡ ᠦᠷᠭᠦᠯᠵᠢ ᠪᠡᠭᠡᠵᠢᠩ | ᠂ ᠱᠠᠨ ᠰᠢ᠂ ᠾᠧᠨᠠᠨ᠂ ᠴᠦᠩᠴᠢᠩ ᠵᠡᠷᠭᠡ ᠭᠠᠵᠠᠷ ᠤᠨ ᠡᠪᠯᠡᠯ ᠤᠨ ᠺᠠᠳ᠋ᠷᠴᠤᠳ ᠲᠠᠢ ᠨᠢᠭᠲᠠ ᠬᠠᠷᠢᠯᠴᠠᠵᠤ᠂ | ᠠᠵᠢᠯ ᠤᠨ ᠳᠤᠬᠠᠢ ᠰᠠᠨᠠᠯ ᠢᠶᠠᠨ ᠰᠣᠯᠢᠯᠴᠠᠨ᠂ ᠬᠠᠷᠢᠯᠴᠠᠨ ᠰᠤᠷᠤᠯᠴᠠᠳᠠᠭ᠃ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠰᠠᠶᠢᠨ ᠮᠡᠳᠡᠳᠡᠭ ᠢᠶᠠᠷ ᠢᠶᠠᠨ ᠲᠡᠷᠡ ᠪᠦᠬᠦ ᠤᠯᠤᠰ ᠤᠨ ᠡᠯ᠎ᠡ ᠭᠠᠵᠠᠷ ᠤᠨ ᠮᠠᠰᠢ ᠤᠯᠠᠨ | ᠵᠠᠯᠠᠭᠤ ᠨᠠᠶᠢᠵᠠ ᠨᠠᠷ ᠲᠠᠢ ᠭᠦᠨ ᠵᠤᠵᠠᠭᠠᠨ ᠨᠥᠬᠦᠷᠯᠡᠯ ᠪᠠᠶᠢᠭᠤᠯᠵᠤ᠂ ᠬᠠᠷᠠᠭ᠎ᠠ ᠪᠠᠨ ᠦᠷᠬᠡᠵᠢᠬᠦᠯᠵᠦ ᠴᠢᠳᠠᠭᠰᠠᠨ | ᠶᠤᠮ᠃ | ᠨᠠᠷᠠᠰᠤ᠄ ︽ᠪᠢ ᠠᠵᠢᠯ ᠢᠶᠠᠨ ᠰᠠᠶᠢᠲᠤᠷ ᠬᠢᠵᠦ᠂ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠨᠡᠩ | ᠰᠠᠶᠢᠲᠤᠷ ᠰᠤᠷᠤᠯᠴᠠᠨ ᠣᠶᠢᠯᠠᠭᠠᠵᠤ᠂ ᠡᠯᠪᠡᠭ ᠪᠠᠶᠠᠯᠢᠭ ᠮᠡᠳᠡᠯᠭᠡ ᠶᠢᠨ ᠰᠢᠮ᠎ᠡ ᠲᠡᠵᠢᠭᠡᠯ ᠢ ᠨᠡᠩ ᠠᠮᠠᠷᠬᠠᠨ ᠬᠦᠷᠳᠡᠵᠦ | ᠂ ᠵᠠᠯᠠᠭᠤᠴᠤᠳ ᠲᠤ ᠨᠡᠩ ᠰᠠᠶᠢᠲᠤᠷ ᠦᠢᠯᠡᠴᠢᠯᠡᠵᠦ ᠪᠠᠶᠢᠬᠤ ᠨᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠠᠴᠠ ᠪᠤᠯᠤᠭᠰᠠᠨ ᠶᠤᠮ︾ ᠬᠡᠵᠦ ᠤᠷᠮ᠎ᠠ ᠲᠠᠢ ᠬᠡᠯᠡᠨ᠎ᠠ᠃ | ᠨᠠᠷᠠᠰᠤ ᠪᠦᠬᠦ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠬᠤᠷᠠᠯ ᠳᠤ ᠣᠯᠠᠨᠲᠠ ᠣᠷᠣᠯᠴᠠᠪᠠ᠃ ᠶᠠᠷᠢᠯᠴᠠᠭ᠎ᠠ ᠰᠣᠯᠢᠯᠴᠠᠭ᠎ᠠ ᠬᠢᠬᠦ | ᠳᠤᠮᠳᠠ᠂ ᠲᠡᠷᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠢ ᠬᠡᠷᠡᠭᠯᠡᠨ | ᠥᠪᠥᠷ ᠮᠣᠩᠭᠤᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠲᠠᠪᠰᠢᠯᠳᠠ ᠶᠢ ᠶᠠᠷᠢᠵᠤ᠂ ᠥᠪᠥᠷ ᠮᠣᠩᠭᠤᠯ ᠤᠨ ᠴᠤᠭ ᠵᠢᠪᠬᠤᠭ᠎ᠠ ᠶᠢ | ᠭᠠᠶᠢᠬᠠᠭᠤᠯᠤᠨ᠎ᠠ᠃ | ᠨᠠᠷᠠᠰᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠠᠮ ᠤᠨ ᠬᠠᠪᠰᠤᠷᠤᠭᠴᠢ ᠪᠠ ᠪᠡᠯᠡᠳᠬᠡᠯ ᠴᠡᠷᠢᠭ ᠮᠥᠨ᠂ | ᠪᠢ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ | ᠡᠭᠦᠷᠭᠡᠯᠡᠵᠦ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠨᠠᠮ ᠤᠨ ᠦᠭᠡ ᠶᠢ ᠰᠣᠨᠣᠰᠴᠤ ᠨᠠᠮ ᠢᠶᠠᠨ | ᠳᠠᠭᠠᠬᠤ ᠶᠢ ᠬᠦᠮᠦᠵᠢᠬᠦᠯᠦᠨ ᠵᠢᠯᠤᠭᠤᠳᠴᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠲᠤᠬᠠᠶ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠵᠥᠪ ᠤᠯᠤᠰ ᠤᠷᠤᠨ ᠤ ᠦᠵᠡᠯᠲᠡ᠂ | ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ | ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠬᠢᠵᠢᠬᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ | ᠠᠭᠤᠤ ᠶᠡᠭᠡ ᠳᠤᠮᠳᠠᠳᠤ ᠶᠢᠨ ᠬᠦᠰᠡᠯ ᠢᠶᠠᠨ ᠬᠠᠮᠲᠤ ᠪᠠᠷ ᠲᠡᠷᠭᠡᠯᠰᠢᠭᠦᠯᠬᠦ︾ ᠳᠤ ᠵᠠᠯᠠᠭᠤ ᠨᠠᠰᠤᠨ ᠤ ᠬᠦᠴᠦᠨ | ᠴᠢᠳᠠᠯ ᠢ ᠨᠢᠭᠳᠠᠷᠠᠭᠤᠯᠤᠨ᠎ᠠ ᠬᠡᠵᠦ ᠶᠠᠷᠢᠨ᠎ᠠ᠃ |