| | | | | ︽ᠪᠦᠬᠦ ᠤᠯᠤᠰ ᠤᠨ ᠪᠤᠯᠪᠠᠰᠤᠨ ᠬᠤᠳᠠ︾ ᠶᠢ ᠡᠬᠦᠳᠦᠨ ᠪᠠᠶᠢᠭᠤᠯᠬᠤ ᠠᠵᠢᠯ ᠢ ᠠᠬᠢᠭᠤᠯᠵᠤ᠂ ᠰᠠᠭᠤᠭᠠᠯᠢ | ᠠᠷᠠᠳ ᠤᠨ ᠪᠤᠯᠪᠠᠰᠤᠨ ᠬᠡᠪ ᠴᠢᠨᠠᠷ ᠢ ᠳᠡᠭᠡᠭᠰᠢᠯᠡᠬᠦᠯᠬᠦ ᠶᠢᠨ ᠳᠤᠰᠠᠳᠠ᠂ ᠦᠢᠷ᠎ᠡ ᠳᠤ ᠠᠯᠠᠱᠠ ᠵᠡᠬᠦᠨ ᠬᠤᠰᠢᠭᠤᠨ ᠤ | ᠬᠤᠳᠠ ᠶᠢᠨ ᠨᠡᠶᠢᠳᠡ ᠶᠢᠨ ᠬᠡᠷᠡᠭᠯᠡᠭᠡᠨ ᠤ ᠲᠦᠬᠦᠬᠡᠷᠦᠮᠵᠢ ᠶᠢ ᠰᠡᠯᠪᠢᠨ ᠬᠠᠮᠠᠭᠠᠯᠠᠬᠤ ᠲᠦᠪ ᠤᠨ ᠬᠢᠨ ᠠᠶᠢᠮᠠᠭ ᠤᠨ | ᠨᠠᠪᠴᠢᠨ ᠳᠠᠮᠠᠬᠢ ᠶᠢᠨ ᠺᠤᠮᠫᠠᠨᠢ ᠲᠠᠢ ᠬᠠᠮᠳᠤᠷᠠᠨ ᠪᠠᠶᠠᠨᠬᠤᠳᠠ ᠶᠢᠨ ᠵᠡᠬᠡᠯᠢ ᠳᠤ ᠳᠠᠮᠠᠬᠢ ᠤᠨᠳᠠᠷᠠᠭᠠᠬᠤ ᠱᠤᠩ | ᠤᠭᠰᠠᠷᠠᠭᠰᠠᠨ ᠪᠠᠶᠢᠨ᠎ᠠ᠃ | ︽ᠡᠨᠡ ᠶᠢ ᠴᠢᠨᠢ ᠶᠠᠭᠠᠬᠢᠵᠤ ᠬᠡᠷᠡᠭᠯᠡᠳᠡᠭ ᠶᠤᠮ︖︾ ︽ᠬᠠᠷᠠᠭᠠᠴᠢ᠂ ᠡᠨᠡ ᠪᠤᠯ ᠳᠠᠮᠠᠬᠢᠨ | ᠶᠤᠵᠤᠭᠤᠷ ᠢᠶᠠᠨ ᠬᠠᠶᠠᠳᠠᠭ ᠨᠦᠬᠡ ᠁︾ ᠠᠵᠢᠯᠳᠠᠳ ᠬᠤᠸᠠᠷᠠᠨ ᠤ ᠰᠢᠯᠢ ᠳᠠᠬᠢ ᠦᠵᠡᠮᠦᠷᠢ ᠶᠢᠨ | ᠴᠡᠴᠡᠷᠯᠢᠭ ᠲᠤ ᠳᠠᠮᠠᠬᠢ ᠤᠨᠳᠠᠷᠠᠭᠠᠬᠤ ᠱᠤᠩ ᠤᠬᠰᠠᠷᠠᠬᠤ ᠶᠢᠨ ᠳᠠᠭᠠᠤ ᠰᠤᠨᠢᠭᠤᠴᠢᠯᠠᠨ ᠢᠷᠡᠭᠰᠡᠨ ᠰᠠᠭᠤᠭᠠᠯᠢ | ᠠᠷᠠᠳ ᠲᠤ ᠡᠨᠡᠬᠦ ᠲᠦᠬᠦᠬᠡᠷᠦᠮᠵᠢ ᠶᠢ ᠬᠡᠷᠡᠭᠯᠡᠬᠦ ᠠᠷᠭ᠎ᠠ ᠪᠠᠷᠢᠯ ᠢ ᠳᠠᠶᠢᠯᠪᠦᠷᠢᠯᠠᠵᠤ ᠪᠠᠶᠢᠯ᠎ᠠ᠃ ᠳᠠᠮᠠᠬᠢ ᠤᠨᠳᠠᠷᠠᠭᠠᠬᠤ | ᠱᠤᠩ ᠨᠢ ᠦᠨᠳᠤᠷ ᠢᠶᠠᠷ ᠢᠶᠠᠨ 1.2 ᠮᠧᠲᠷ ᠪᠦᠬᠦᠢ ᠤᠷᠳᠤ ᠪᠤᠰᠤᠭ᠎ᠠ ᠬᠡᠯᠪᠡᠷᠢᠳᠡᠢ᠂ ᠬᠠᠷ᠎ᠠ ᠦᠡᠭᠬᠡᠳᠡᠢ | ᠭᠠᠳᠠᠷᠭᠤ ᠳᠤᠨᠢ ︽ᠳᠠᠮᠠᠬᠢᠨ ᠶᠤᠵᠤᠭᠤᠷ ᠢᠶᠠᠨ ᠭᠠᠵᠠᠷ ᠲᠤ ᠬᠠᠶᠠᠯ ᠦᠬᠡᠢ᠂ ᠳᠡᠮᠡᠬᠡᠳᠤ ᠨᠤᠳᠤᠭ ᠢᠶᠠᠨ ᠭᠤᠶᠤ | ᠪᠠᠶᠢᠯᠭᠠᠶ᠎ᠠ︾ ᠬᠡᠬᠦ ᠤᠬᠠᠭᠤᠯᠭ᠎ᠠ ᠶᠢᠨ ᠯᠤᠽᠦ᠋ᠡᠭ ᠪᠢᠴᠢᠭᠡᠰᠦᠳᠡᠢ ᠪᠠᠶᠢᠯ᠎ᠠ᠃ | ᠦᠢᠯᠠᠭᠠᠬᠰᠠᠨ ᠢᠶᠠᠷ᠂ ᠳᠠᠮᠠᠬᠢ ᠤᠨᠳᠠᠷᠠᠭᠠᠬᠤ ᠱᠤᠩ ᠤᠨ ᠦᠢᠯᠡᠳᠦᠯ ᠴᠢᠳᠠᠪᠬᠢ ᠶᠢ ᠰᠠᠶᠢᠳᠤᠷ | ᠪᠠᠳᠠᠷᠠᠭᠤᠯᠬᠤ ᠶᠢᠨ ᠲᠦᠯᠦᠬᠡ ᠠᠯᠠᠱᠠ ᠵᠡᠬᠦᠨ ᠬᠤᠰᠢᠭᠤᠨ ᠤ ᠬᠤᠳᠠ ᠶᠢᠨ ᠨᠡᠶᠢᠳᠡ ᠶᠢᠨ ᠬᠡᠷᠡᠭᠯᠡᠭᠡᠨ ᠤ | ᠲᠦᠬᠦᠬᠡᠷᠦᠮᠵᠢ ᠶᠢ ᠰᠡᠯᠪᠢᠨ ᠬᠠᠮᠠᠭᠠᠯᠠᠬᠤ ᠲᠦᠪ ᠤᠨ ᠬᠢᠨ ᠤᠷᠢᠳᠴᠢᠯᠠᠨ ᠪᠠᠶᠠᠨᠬᠤᠳᠠ ᠶᠢᠨ ᠡᠯ᠎ᠡ ᠠᠭᠤᠳᠠᠮ ᠳᠠᠯᠠᠪᠡᠢ᠂ | ᠴᠡᠴᠡᠷᠯᠢᠭ ᠵᠡᠷᠬᠡ ᠬᠦᠮᠦᠨ ᠬᠠᠷ᠎ᠠ ᠲᠦᠪᠯᠡᠷᠡᠭᠰᠡᠨ ᠴᠡᠭ ᠤᠳ ᠢᠶᠠᠷ ᠪᠠᠶᠢᠴᠠᠭᠠᠯᠳᠠ ᠪᠦᠷᠢᠳᠬᠡᠯ ᠬᠢᠵᠤ᠂ ᠰᠢᠨᠵᠢᠯᠡᠬᠦ | ᠤᠬᠠᠭᠠᠨᠴᠢ ᠪᠠᠷ ᠲᠦᠰᠦᠪᠯᠡᠬᠡᠳ᠂ ᠠᠶᠢᠮᠠᠭ ᠤᠨ ᠨᠠᠪᠴᠢᠨ ᠳᠠᠮᠠᠬᠢ ᠶᠢᠨ ᠺᠤᠮᠫᠠᠨᠢ ᠨᠢᠬᠡᠳᠦᠯᠳᠡᠢ ᠬᠤᠳᠠᠯᠳᠤᠨ | ᠠᠪᠴᠢᠷᠠᠵᠤ ᠤᠬᠰᠠᠷᠠᠬᠰᠠᠨ ᠪᠠᠶᠢᠨ᠎ᠠ᠃ ᠲᠦᠯᠦᠪᠯᠡᠭᠡ ᠪᠠᠷ ᠨᠠᠶᠢᠳᠠ 30 ᠳᠠᠮᠠᠬᠢ ᠤᠨᠳᠠᠷᠠᠭᠠᠬᠤ ᠱᠤᠩ ᠤᠬᠰᠠᠷᠠᠬᠤ | ᠪᠦᠬᠡᠳ ᠤᠳᠤᠬᠠᠨ ᠳᠤ ᠨᠢᠬᠡᠨᠳᠠ ᠬᠤᠸᠠᠷᠠᠨ ᠤ ᠰᠢᠯᠢ ᠳᠠᠬᠢ ᠦᠵᠡᠮᠦᠷᠢ ᠶᠢᠨ ᠴᠡᠴᠡᠷᠯᠢᠭ᠂ ᠰᠢᠨ᠎ᠡ ᠡᠷᠡᠨ ᠠᠭᠤᠳᠠᠮ | ᠳᠠᠯᠠᠪᠡᠢ ᠵᠡᠷᠬᠡ ᠭᠤᠤᠯᠳᠠᠯᠭᠠᠳᠤ ᠴᠡᠭ ᠤᠳ ᠢᠶᠠᠷ ᠤᠭᠰᠠᠷᠠᠵᠤ ᠳᠠᠭᠤᠰᠬᠠᠵᠠᠢ᠃ | |