ᠳᠠᠶᠢᠴᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/14
       9 ᠰᠠᠷ᠎ᠠ ᠶᠢᠨ 13 ᠤ ᠡᠳᠦᠷ᠂ ᠠᠯᠠᠱᠠ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠤᠯᠠᠮ ᠴᠢᠨᠠᠭᠰᠢᠳᠠ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠢ ᠳᠠᠶᠢᠴᠢᠯᠠᠨ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠪᠠ᠃
      ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳᠠᠶᠢᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠸᠧᠶ ᠳ᠋ᠦᠩ᠂ ᠯᠦ ᠯᠢ ᠮᠢᠩ᠂ ᠵᠠᠩ ᠶᠢᠨ ᠫᠢᠩ ᠬᠤᠷᠠᠯ ᠳᠤ ᠣᠷᠣᠯᠴᠠᠵᠤ᠂ ᠤᠳᠤᠷᠢᠳᠬᠤ ᠳᠤᠭᠤᠶᠢᠯᠠᠩ ᠤᠨ ᠡᠯ᠎ᠡ ᠭᠡᠰᠢᠬᠦᠨ ᠬᠤᠷᠠᠯ ᠳᠤ ᠣᠷᠣᠯᠴᠠᠪᠠ᠃       ᠬᠤᠷᠠᠯ ᠠᠴᠠ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠣᠯ ᠮᠠᠨ ᠤ ᠠᠶᠢᠮᠠᠭ ᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠬᠤ ᠦᠢᠯᠡᠳᠦᠯᠬᠡ ᠶᠢᠨ ᠠᠷᠭ᠎ᠠ ᠬᠡᠮᠵᠢᠶ᠎ᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠴᠢᠶᠠᠯᠠᠪᠤᠷᠢ ᠪᠠ ᠬᠦᠴᠦᠲᠡᠶ ᠭᠠᠷᠳᠠᠴᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠱᠠᠭᠠᠷᠳᠠᠯᠭ᠎ᠠ ᠪᠠᠷ ᠡᠭᠦᠳᠦᠨ ᠪᠠᠶᠢᠭᠤᠯᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠬᠦᠴᠦᠨ ᠢ ᠨᠢᠭᠲᠠᠷᠠᠭᠤᠯᠤᠨ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠪᠠ᠃       ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠰᠢᠯᠭᠠᠨ ᠲᠣᠭᠲᠠᠭᠠᠬᠤ ᠪᠠᠷᠢᠮᠵᠢᠶ᠎ᠠ ᠪᠠ ᠡᠭᠦᠷᠭᠡ ᠶᠢ ᠵᠠᠳᠠᠯᠬᠤ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠵᠦᠢᠯ ᠳᠠᠷᠠᠭᠠᠯᠠᠨ ᠪᠠᠷᠢᠮᠵᠢᠶᠠᠯᠠᠨ ᠪᠠᠶᠢᠴᠠᠭᠠᠵᠤ᠂ ᠪᠦᠬᠦ ᠲᠠᠯ᠎ᠠ ᠪᠠᠷ ᠨᠠᠷᠢᠯᠢᠭ ᠪᠠᠶᠢᠴᠠᠭᠠᠵᠤ ᠳᠤᠲᠠᠭᠤᠳᠠᠯ ᠢᠶᠠᠨ ᠨᠥᠬᠦᠪᠥᠷᠢᠯᠡᠨ᠂ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠵᠦᠢᠯ ᠤᠨ ᠬᠡᠯᠪᠡᠷᠢ ᠪᠦᠬᠦᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠪᠥᠬᠦ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠬᠠᠯᠠᠮᠵᠢᠯᠠᠨ ᠳᠡᠮᠵᠢᠵᠦ᠂ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠶ ᠣᠷᠣᠯᠴᠠᠨ᠂ ᠡᠭᠦᠳᠦᠨ ᠪᠠᠶᠢᠭᠤᠯᠬᠤ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ︽ᠭᠤᠷᠪᠠᠨ ᠬᠡᠨ ᠠᠯᠢᠨ ᠠᠴᠠ ᠪᠠᠨ ᠰᠠᠯᠵᠤ ᠴᠢᠳᠠᠬᠤ ᠥᠬᠡᠶ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠬᠤᠨᠣᠭᠰᠢᠭᠤᠯᠬᠤ ᠬᠡᠷᠡᠭᠲᠡᠶ᠃ ᠡᠭᠦᠳᠦᠨ ᠪᠠᠶᠢᠭᠤᠯᠬᠤ ᠠᠵᠢᠯ ᠤᠨ ᠠᠮᠵᠢᠯᠳᠠ ᠪᠦᠳᠦᠮᠵᠢ ᠶᠢ ᠢᠳᠡᠪᠬᠢᠲᠡᠶ ᠡᠭᠦᠳᠴᠦ᠂ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠰᠠᠶᠢᠨ ᠠᠷᠭ᠎ᠠ ᠬᠢᠳᠡᠯ ᠪᠠ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠳ᠋ᠦᠩᠨᠡᠨ  ᠢᠯᠡᠷᠡᠬᠦᠯᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠯᠠᠱᠠ ᠶᠢᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠦᠨᠡᠨᠬᠦ ᠰᠠᠶᠢᠲᠤᠷ ᠶᠠᠷᠢᠵᠤ᠂ ᠮᠠᠨ ᠤ ᠠᠶᠢᠮᠠᠭ ᠤᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠪᠠ ᠬᠢᠷᠢ ᠲᠦᠪᠰᠢᠨ ᠢ ᠬᠦᠢᠴᠡᠳ ᠢᠯᠡᠷᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠰᠢᠮᠳᠠᠭᠤᠯᠣᠨ ᠪᠠᠶᠢᠴᠠᠭᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号