ᠡᠨᠡ ᠵᠢᠯ ᠤᠨ 9 ᠳ᠋ᠣᠭᠡᠷ ᠰᠠᠷ᠎ᠠ ᠪᠣᠯ ᠮᠠᠨ ᠤ ᠠᠶᠢᠮᠠᠭ ᠤᠨ ᠥᠷᠨᠢᠭᠦᠯᠦᠭᠰᠡᠨ ᠭᠤᠴᠢᠨ ᠨᠠᠢᠮᠠᠳᠡᠬᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠥᠪᠥᠷ | ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠳᠣᠣᠱᠯᠠᠭᠤᠯᠵᠦ᠂ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠶ ᠰᠢᠢᠳᠪᠦᠷᠢᠳᠦ | ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠳᠤ | ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ | ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠬᠦᠯᠬᠦ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠬᠤ ᠶᠢᠨ ᠲᠥᠯᠥᠭᠡ᠂ 9 ᠳ᠋ᠣᠭᠡᠷ ᠰᠠᠷ᠎ᠠ ᠶᠢᠨ 13 ᠤ ᠡᠳᠦᠷ᠂ ᠮᠠᠨ ᠤ ᠠᠶᠢᠮᠠᠭ ᠭᠤᠴᠢᠨ ᠨᠠᠢᠮᠠᠳᠡᠬᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠯ ᠵᠢᠷᠤᠭ ᠤᠨ | ᠦᠵᠡᠰᠬᠦᠯᠡᠩ ᠢ ᠥᠷᠨᠢᠭᠦᠯᠬᠦ ᠶᠣᠰᠣᠯᠠᠯ ᠶᠠᠪᠤᠭᠤᠯᠪᠠ᠃ | | | | | | | | | | ᠳᠠᠶᠢᠴᠢᠨ᠂ ᠸᠠᠩ ᠸᠧᠶ ᠳ᠋ᠦᠩ᠂ ᠯᠦ ᠯᠢ ᠮᠢᠩ ᠵᠢᠴᠢ ᠠᠶᠢᠮᠠᠭ ᠤᠨ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠭᠡᠰᠢᠬᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ | ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠶᠠᠩ ᠭᠦᠸᠧ ᠱᠦᠨ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠠᠩ ᠬᠠᠶ ᠪᠠᠶᠠᠷ ᠤᠨ ᠦᠭᠡ ᠬᠡᠯᠡᠵᠡᠶ᠃ | | ᠶᠠᠩ ᠭᠦᠸᠧ ᠱᠦᠨ ᠬᠤᠷᠠᠯ ᠢ ᠡᠷᠭᠢᠯᠡᠬᠦ ᠳᠡᠭᠡᠨ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠪᠠᠶᠢᠭᠤᠯᠤᠭᠳᠠᠭᠰᠠᠨ 100 ᠵᠢᠯ ᠤᠨ ᠣᠶ ᠮᠥᠨ᠂ ᠪᠠᠰᠠ ᠴᠤ ᠮᠠᠨ ᠤ ᠠᠶᠢᠮᠠᠭ ᠤᠨ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ | ᠰᠢᠢᠳᠪᠦᠷᠢᠳᠦ ᠢᠯᠠᠯᠲᠠ ᠶᠢ ᠤᠯᠬᠤ ᠵᠢᠯ ᠮᠥᠨ᠃ ᠪᠦᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ | ᠰᠤᠷᠤᠯᠴᠠᠵᠤ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ | ᠨᠢᠭᠡᠳᠬᠡᠵᠦ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠲᠠᠢ ᠨᠢᠭᠲᠠ ᠣᠶᠠᠯᠳᠣᠭᠤᠯᠣᠨ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠡᠭᠦᠳᠦᠨ ᠪᠠᠶᠢᠭᠤᠯᠤᠯᠲᠠ ᠶᠢ | ᠭᠦᠨᠵᠡᠭᠡᠢ ᠠᠬᠢᠭᠤᠯᠣᠨ᠂ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ ᠬᠦᠴᠦᠨ ᠢ ᠨᠢᠭᠳᠠᠷᠠᠭᠤᠯᠣᠨ᠂ | ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ | ᠬᠡᠷᠡᠭᠳᠡᠢ ᠬᠡᠪᠡ᠃ | | ᠶᠠᠩ ᠬᠠᠢ ᠪᠠᠶᠠᠷ ᠤᠨ ᠦᠭᠡ ᠳᠡᠭᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠡᠨᠡᠬᠦ ᠭᠤᠣᠯ ᠰᠢᠵᠢᠮ ᠢ ᠲᠤᠪᠤᠶᠢᠯᠭᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢ ᠭᠦᠨᠵᠡᠭᠡᠢ ᠠᠬᠢᠭᠤᠯᠵᠤ᠂ | ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠦ᠂ ᠰᠡᠳᠬᠢᠯ ᠨᠢᠭᠡᠳᠦᠨ | ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠬᠦᠯᠬᠦ︾ ᠨᠢ ᠪᠦᠬᠦ ᠨᠡᠶᠢᠭᠡᠮ ᠤᠨ ᠬᠠᠮᠲᠤ ᠶᠢᠨ ᠣᠶᠣᠨ ᠰᠠᠨᠠᠭᠠᠨ ᠤ | ᠬᠥᠭᠡᠭᠡᠴᠡᠯᠳᠦᠯ ᠪᠣᠯᠪᠠ᠃ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠲᠠᠢ | ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠭᠡᠷᠡᠯ ᠵᠢᠷᠤᠭ ᠤᠨ ᠦᠵᠡᠰᠬᠦᠯᠡᠩ ᠢ ᠡᠷᠬᠢᠯᠡᠭᠰᠡᠨ ᠨᠢ ᠳᠠᠷᠤᠢ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠭᠦᠨᠵᠡᠭᠡᠢ ᠢᠯᠡᠷᠡᠬᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ | ᠳᠡᠭᠲᠡᠷ ᠲᠤ ᠭᠠᠷᠬᠤ ᠶᠢ ᠠᠬᠢᠭᠤᠯᠬᠤ ᠭᠡᠰᠡᠨ ᠶᠤᠮ ᠭᠡᠪᠡ᠃ | | | | | | | | | | ᠲᠣᠰ ᠤᠳᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠬᠡᠷᠡᠯ ᠵᠢᠷᠤᠭ ᠤᠨ ᠦᠵᠡᠰᠬᠦᠯᠡᠩ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠭᠤᠤᠯᠯᠠᠨ | ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠠᠴᠠ ᠳᠠᠭᠠᠭᠠᠴᠢᠯᠠᠨ ᠡᠷᠭᠢᠯᠡᠵᠦ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠰᠣᠶᠣᠯ ᠪᠡᠶ᠎ᠡ ᠶᠢᠨ ᠲᠠᠮᠢᠷ ᠤᠨ ᠲᠥᠪ ᠲᠤ ᠥᠷᠨᠢᠭᠦᠯᠵᠦ᠂ ᠨᠡᠶᠢᠲᠡ ᠮᠢᠩᠭ᠎ᠠ ᠰᠢᠬᠠᠮ ᠬᠡᠷᠡᠯ | ᠵᠢᠷᠤᠭ ᠢ ᠳᠡᠯᠭᠡᠨ ᠦᠵᠡᠭᠦᠯᠵᠦ᠂ ᠲᠡᠦᠬᠡ ᠶᠢᠨ ᠬᠠᠭᠤᠳᠠᠰᠤ᠂ ᠠᠮᠵᠢᠯᠲᠠ ᠪᠦᠲᠦᠮᠵᠢ ᠶᠢᠨ ᠬᠠᠭᠤᠳᠠᠰᠤ ᠪᠠ | ᠪᠠᠷᠠᠯᠠᠯ ᠤᠨ ᠬᠠᠭᠤᠳᠠᠰᠤ ᠭᠡᠬᠦ ᠭᠤᠷᠪᠠᠨ ᠬᠡᠰᠡᠭ ᠬᠤᠪᠢᠶᠠᠵᠤ᠂ ᠪᠠᠰᠠ ᠮᠠᠨ ᠤ ᠠᠶᠢᠮᠠᠭ ᠲᠤ ᠴᠣᠯᠭᠤᠷᠠᠨ ᠭᠠᠷᠤᠭᠰᠠᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠬᠡᠴᠡ ᠪᠠ ᠬᠤᠪᠢ ᠬᠥᠮᠦᠨ᠂ ᠨᠢᠭᠡᠳᠦᠮᠡᠯ | ᠹᠷᠣᠨᠲ᠂ ᠦᠨᠳᠦᠰᠦᠲᠡᠨ ᠤ ᠠᠵᠢᠯ ᠤᠨ ᠬᠠᠮᠢᠶ᠎ᠠ ᠪᠥᠬᠦᠶ ᠨᠣᠮ ᠪᠢᠴᠢᠭ᠂ ᠰᠣᠨᠢᠨ ᠰᠡᠳᠬᠦᠯ ᠵᠢᠴᠢ | ᠦᠨᠳᠦᠰᠦᠲᠡᠨ ᠨᠦᠭᠦᠳ ᠤᠨ ᠣᠨᠴᠠᠯᠢᠭ ᠲᠠᠢ ᠬᠤᠪᠴᠠᠰᠤ ᠵᠠᠰᠠᠯ ᠤᠨ ᠪᠣᠳᠠᠲᠤ ᠪᠣᠳᠠᠰ ᠤᠨ ᠦᠵᠡᠭᠦᠯᠦᠯᠭᠡ ᠵᠡᠷᠭᠡ ᠨᠢ | ᠮᠠᠨ ᠤ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠡᠮᠡᠬᠡᠶᠢᠯᠡᠨ ᠲᠡᠮᠡᠴᠡᠭᠰᠡᠨ ᠬᠡᠷᠡᠯ | ᠰᠠᠴᠤᠷᠠᠩᠭᠤᠶ ᠥᠩᠭᠡᠷᠡᠯᠲᠡ ᠪᠠ ᠪᠦᠯᠬᠦᠮᠳᠡᠨ ᠲᠡᠮᠡᠴᠡᠭᠰᠡᠨ ᠣᠶᠤᠨ ᠰᠠᠨᠠᠭᠠᠨ ᠤ ᠳᠦᠷᠰᠦ ᠪᠠᠶᠢᠳᠠᠯ ᠢ ᠬᠦᠢᠴᠡᠳ | ᠢᠯᠡᠷᠡᠭᠦᠯᠪᠡ᠃ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠠᠶᠢᠮᠠᠭ ᠤᠨ ᠤᠳᠤᠷᠢᠳᠤᠯᠭ᠎ᠠ ᠠᠶᠢᠮᠠᠭ ᠤᠨ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠡᠰᠢᠬᠦᠨ ᠲᠠᠢ ᠬᠠᠮᠲᠤ ᠬᠡᠷᠡᠯ ᠵᠢᠷᠤᠭ ᠤᠨ ᠦᠵᠡᠰᠬᠦᠯᠡᠩ ᠢ ᠲᠣᠭᠤᠷᠢᠨ ᠦᠵᠡᠪᠡ᠃ | | | | | | | | | | | | | |