ᠡᠨᠡ ᠵᠢᠯ ᠤᠨ ᠪᠠᠭᠠᠳᠤᠷᠴᠤᠳ ᠤᠨ ᠴᠤᠭᠯᠠᠭᠠᠨ ᠪᠠᠳᠠᠢ ᠶᠢᠨ ᠵᠢᠷᠠᠨ ᠡᠯᠡᠰᠤᠨ ᠳᠤ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2021/9/14
       ᠲᠡᠯᠡᠬᠡᠢ ᠶᠢᠨ ᠭᠤᠷᠪᠠᠳᠤᠭᠠᠷ᠂ ᠲᠤᠮᠳᠠᠳᠤ ᠤᠯᠤᠰ ᠤᠨ ᠬᠤᠶᠠᠳᠤᠭᠠᠷ ᠲᠤᠮᠤ ᠡᠯᠡᠰᠦᠨ ᠴᠦᠯ ᠪᠤᠯᠬᠤ ᠪᠠᠳᠠᠢ ᠶᠢᠨ ᠵᠢᠷᠠᠨ ᠡᠯᠡᠰᠦᠨ ᠳᠤ ᠲᠡᠯᠡᠬᠡᠢ ᠶᠢᠨ ᠬᠠᠮᠤᠬ ᠤᠨ ᠦᠨᠳᠦᠷ ᠡᠯᠡᠰᠦᠨ ᠴᠤᠬᠢᠶ᠎ᠠ ᠪᠠᠶᠢᠬᠤ ᠠᠴᠠ ᠭᠠᠳᠠᠨ᠎ᠠ ᠨᠠᠭᠤᠷ ᠪᠦᠷᠢᠳᠦ᠂ ᠲᠠᠭᠤᠳᠤ ᠡᠯᠡᠰᠦ᠂ ᠴᠤᠬᠢᠶ᠎ᠠ ᠮᠠᠩᠬ᠎ᠠ᠂ ᠷᠠᠰᠢᠶᠠᠨ ᠪᠤᠯᠠᠭ᠂ ᠡᠷᠳᠡᠨ ᠤ ᠰᠦᠮ᠎ᠡ ᠬᠡᠶᠢᠳ ᠬᠡᠳ ᠠᠯᠢ ᠤᠯᠠᠨ ᠭᠠᠶᠢᠬᠠᠮᠰᠢᠬᠳᠤ ᠪᠠᠶᠢᠭᠠᠯᠢ ᠶᠢᠨ ᠦᠩᠭᠡ ᠦᠵᠡᠮᠵᠢ᠂ ᠦᠯᠢᠭᠡᠷ ᠲᠤᠮᠤᠭ᠂ ᠲᠡᠤᠬᠡ ᠰᠤᠶᠤᠯ ᠢ ᠬᠠᠳᠠᠭᠠᠯᠠᠵᠤ᠂ ᠲᠡᠯᠡᠬᠡᠢ ᠶᠢᠨ ᠴᠣᠷᠢ ᠶᠢᠨ ᠭᠠᠭᠴᠠ ᠡᠯᠡᠰᠦ ᠮᠠᠩᠬᠠᠨ ᠤ ᠭᠠᠵᠠᠷ ᠰᠢᠨᠵᠢᠯᠡᠭᠡᠨ ᠤ ᠴᠡᠴᠡᠷᠯᠢᠭ ᠪᠤᠯᠬᠤ ᠠᠯᠠᠱᠠ ᠶᠢᠨ ᠡᠯᠡᠰᠦ ᠮᠠᠩᠬᠠᠨ ᠤ ᠲᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠭᠤᠤᠯ ᠤᠷᠤᠨ ᠪᠤᠯᠤᠬᠰᠠᠨ ᠢᠶᠠᠷ ᠢᠶᠠᠨ ᠲᠡᠭᠦᠨ ᠤ ᠠᠯᠳᠠᠷ ᠨᠢ ᠪᠦᠬᠦ ᠲᠡᠯᠡᠬᠡᠢ ᠳᠤ ᠲᠠᠭᠤᠷᠢᠰᠤᠬᠳᠠᠵᠤ ᠪᠠᠶᠢᠳᠠᠭ᠃        ᠲᠡᠯᠡᠬᠡᠢ ᠳᠤ ᠠᠯᠳᠠᠷ ᠲᠠᠢ ᠪᠠᠳᠠᠢ ᠶᠢᠨ ᠵᠢᠷᠠᠨ ᠡᠯᠡᠰᠦ ᠨᠢ ᠡᠨᠡ ᠵᠢᠯ ᠤᠨ ᠠᠯᠳᠠᠨ ᠰᠢᠷᠭᠠᠯ ᠨᠠᠮᠤᠷ ᠤᠨ ᠠᠷᠪᠠᠨ ᠰᠠᠷ᠎ᠠ ᠶᠢᠨ ᠦᠶ᠎ᠡ ᠪᠠᠷ ᠲᠡᠯᠡᠬᠡᠢ ᠶᠢᠨ ᠬᠠᠮᠤᠭ ᠤᠨ ᠲᠤᠮᠤ ᠡᠯᠡᠰᠦ ᠮᠠᠩᠬᠠᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠭᠠᠳᠤᠷᠴᠤᠳ ᠤᠨ ᠴᠤᠬᠯᠠᠭᠠᠨ ᠢ ᠤᠬᠳᠤᠨ ᠠᠪᠬᠤ ᠪᠤᠯᠤᠬᠰᠠᠨ ᠨᠢ ︽ᠡᠯᠡᠰᠦ ᠲᠡᠷᠭᠡ︾ ᠬᠤᠶᠠᠷ ᠤᠨ ᠲᠠᠭᠤᠷᠢᠰᠤᠯ ᠢ ᠤᠯᠠᠮ ᠢᠯᠡᠭᠦᠦ ︽ᠲᠡᠯᠡᠬᠡᠶᠢᠵᠢᠭᠦᠯᠬᠦ︾ ᠳᠤ ᠵᠤᠤᠵᠡᠢ ᠬᠤᠯᠪᠤᠵᠤ᠂ ᠰᠢᠨ᠎ᠡ ᠠᠶᠠᠨ ᠢᠶᠠᠨ ᠡᠬᠢᠯᠡᠭᠦᠯᠬᠦ ᠪᠤᠯᠤᠨ᠎ᠠ᠃ 9 ᠰᠠᠷ᠎ᠠ ᠶᠢᠨ 6 ᠤ ᠡᠳᠦᠷ᠂ 2021 · ᠠᠷᠪᠠᠨ ᠲᠤᠯᠤᠳᠤᠭᠠᠷ ᠬᠤᠭᠤᠴᠠᠭᠠᠨ ᠤ ᠪᠠᠳᠠᠢ ᠶᠢᠨ ᠵᠢᠷᠠᠨ ᠡᠯᠡᠰᠦᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠭᠠᠳᠤᠷᠴᠤᠳ ᠤᠨ ᠴᠤᠬᠯᠠᠭᠠᠨ ᠤ ᠵᠢᠯᠤᠭᠤᠳᠬᠤ ᠭᠠᠵᠠᠷ ᠠᠴᠠ ᠠᠯᠪᠠᠨ ᠤ ᠸᠢᠴᠠᠲ ᠤᠨ ᠲᠠᠪᠴᠠᠩ ᠢᠶᠠᠷ ᠲᠠᠮᠵᠢᠭᠤᠯᠤᠨ ᠨᠢᠭᠡᠳᠦᠭᠡᠷ ᠤᠳᠠᠭᠠᠨ ᠤ ᠠᠮᠤᠷ ᠢ ᠬᠠᠮᠠᠭᠠᠯᠠᠬᠤ ᠠᠵᠢᠯ ᠤᠨ ᠠᠯᠪᠠᠨ ᠮᠡᠳᠡᠭᠡ ᠨᠡᠶᠢᠳᠡᠯᠡᠬᠦ ᠳᠡᠭᠡᠨ᠂ 2021 · ᠠᠷᠪᠠᠨ ᠲᠤᠯᠤᠳᠤᠭᠠᠷ ᠬᠤᠭᠤᠴᠠᠭᠠᠨ ᠤ ᠪᠠᠳᠠᠢ ᠶᠢᠨ ᠵᠢᠷᠠᠨ ᠡᠯᠡᠰᠦᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠠᠷᠪᠠᠨ ᠵᠢᠷᠭᠤᠳᠤᠭᠠᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠭᠢ ᠶᠢᠨ ᠪᠠᠭᠠᠳᠤᠷᠴᠤᠳ ᠤᠨ ᠴᠤᠬᠯᠠᠭᠠᠨ ᠢ 2021 ᠤᠨ ᠤ 10 ᠰᠠᠷ᠎ᠠ ᠶᠢᠨ 1 ᠤ ᠡᠳᠦᠷ ᠠᠴᠠ 7 ᠤ ᠡᠳᠦᠷ ᠪᠤᠯᠳᠠᠯ᠎ᠠ ᠠᠯᠠᠱᠠ ᠪᠠᠷᠠᠭᠤᠨ ᠬᠤᠰᠢᠭᠤᠨ ᠳᠤ ᠡᠷᠬᠢᠯᠡᠨ ᠶᠠᠪᠤᠬᠳᠠᠭᠤᠯᠬᠤ ᠪᠤᠯᠤᠬᠰᠠᠨ ᠢ ᠵᠠᠷᠯᠠᠬᠰᠠᠨ ᠪᠠᠶᠢᠨ᠎ᠠ᠃ ᠲᠤᠰ ᠠᠯᠪᠠᠨ ᠮᠡᠳᠡᠭᠡ ᠳᠤ᠂ 2021 ᠤᠨ ᠤ 9 ᠰᠠᠷ᠎ᠠ ᠶᠢᠨ 28 ᠤ ᠡᠳᠦᠷ ᠤᠨ ᠳᠡᠭ ᠴᠠᠭ ᠠᠴᠠ 10 ᠰᠠᠷ᠎ᠠ ᠶᠢᠨ 7 ᠤ ᠡᠳᠦᠷ ᠤᠨ 24 ᠴᠠᠭ ᠤᠨ ᠬᠤᠭᠤᠷᠤᠨᠳᠤ ᠠᠯᠠᠱᠠ ᠪᠠᠷᠠᠭᠤᠨ ᠬᠤᠰᠢᠭᠤᠨ ᠤ ᠨᠤᠳᠤᠭ ᠲᠡᠪᠢᠰᠭᠡᠷ ᠲᠤ ᠤᠷᠤᠵᠤ ᠢᠷᠡᠭᠰᠡᠨ ᠵᠤᠭᠠᠴᠠᠬᠰᠠᠳ᠂ ᠬᠡᠭᠡᠷᠡᠯᠡᠨ ᠠᠶᠠᠯᠠᠬᠤ e ᠠᠩᠭᠢ ᠶᠢᠨ ᠭᠡᠰᠢᠭᠦᠳ ᠵᠢᠴᠢ ᠵᠠᠮ ᠠᠯᠤᠰᠯᠠᠨ ᠵᠠᠭᠠᠬ ᠱᠤᠭᠤᠮ ᠦᠩᠭᠡᠷᠡᠬᠦ ᠬᠦᠮᠦᠰ ᠡᠷᠬᠡᠪᠰᠢ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠬᠤᠶᠠᠷ ᠤᠳᠠᠭ᠎ᠠ ᠳᠠᠷᠢᠭᠰᠠᠨ ᠭᠡᠷᠡᠴᠢ᠂ ᠡᠷᠡᠭᠦᠯ ᠮᠡᠨᠳᠦ ᠶᠢᠨ ᠺᠤᠳ᠋᠂ ᠠᠶᠠᠯᠠᠯ ᠤᠨ ᠺᠤᠳ᠋ ᠢᠶᠠᠨ ᠭᠠᠷᠭᠠᠵᠤ᠂ ᠬᠢᠵᠢᠭ ᠢ ᠰᠡᠷᠭᠡᠶᠢᠯᠡᠨ ᠬᠤᠷᠢᠬᠯᠠᠬᠤ ᠴᠡᠭ ᠤᠨ ᠠᠵᠢᠯᠳᠠᠨ ᠤ ᠪᠠᠶᠢᠴᠠᠭᠠᠯᠳᠠ ᠶᠢ ᠦᠩᠭᠡᠷᠡᠭᠡᠵᠤ᠂ ᠬᠤᠶᠠᠷ ᠤᠳᠠᠭᠠᠨ ᠤ ᠲᠠᠷᠢᠯᠭ᠎ᠠ ᠳᠠᠷᠢᠭᠰᠠᠨ ᠭᠡᠷᠡᠴᠢ ᠪᠤᠯᠤᠨ ᠡᠷᠡᠭᠦᠯ ᠮᠡᠨᠳᠦ ᠶᠢᠨ ᠺᠤᠳ᠋ ᠨᠢ ᠬᠡᠪ ᠤᠨ ᠪᠠᠶᠢᠳᠠᠯ ᠢᠶᠠᠨ ᠪᠠᠳᠤᠯᠠᠵᠤ᠂ ᠠᠶᠠᠯᠠᠯ ᠤᠨ ᠺᠤᠳ᠋ ᠨᠢ ᠬᠢᠵᠢᠭ ᠤᠨ ᠰᠡᠷᠭᠡᠶᠢᠯᠡᠯᠳᠡ ᠶᠢᠨ ᠲᠤᠮᠳᠠ ᠦᠨᠳᠦᠷ ᠲᠦᠭᠰᠢᠭᠦᠷᠢᠳᠦ ᠤᠷᠤᠨ ᠠᠴᠠ ᠢᠷᠡᠭᠰᠡᠨ ᠦᠭᠡᠢ ᠪᠤᠶᠤ ᠵᠠᠮ ᠲᠠᠭᠠᠷᠢᠬᠰᠠᠨ ᠦᠭᠡᠢ ᠪᠠᠶᠢᠬᠤ ᠶᠢ ᠬᠡᠷᠡᠴᠢᠯᠡᠭᠰᠡᠨ ᠪᠠᠶᠢᠪᠠᠯ ᠰᠠᠶ᠋ᠢ ᠠᠯᠠᠱᠠ ᠪᠠᠷᠠᠭᠤᠨ ᠬᠤᠰᠢᠭᠤᠨ ᠳᠤ ᠤᠷᠤᠭᠤᠯᠬᠤ ᠶᠢ ᠵᠦᠪᠰᠢᠶᠡᠷᠡᠵᠤ᠂ ᠲᠡᠭᠡᠷᠡᠬᠢ ᠭᠡᠷᠡᠴᠢ ᠪᠠᠷᠢᠮᠳᠠ ᠨᠢ ᠬᠡᠪ ᠤᠨ ᠪᠤᠰᠤ ᠪᠠᠶᠢᠳᠠᠯ ᠢᠯᠡᠷᠡᠭᠰᠡᠨ ᠬᠦᠮᠦᠰ ᠢ ᠢᠳᠬᠠᠨ ᠪᠤᠴᠠᠭᠠᠬᠤ ᠪᠤᠯᠤᠨ᠎ᠠ ᠭᠡᠰᠡᠨ ᠪᠠᠶᠢᠨ᠎ᠠ᠃       ᠬᠡᠭᠡᠷᠡᠯᠡᠨ ᠠᠶᠠᠯᠠᠬᠤ e ᠠᠩᠭᠢ ᠶᠢᠨ ᠪᠠᠭᠠᠳᠤᠷᠴᠤᠳ ᠤᠨ ᠴᠤᠬᠯᠠᠭᠠᠨ ᠢ 2006 ᠤᠨ ᠳᠤ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠳᠤ ᠲᠤᠷ᠎ᠠ ᠪᠠᠭ᠋ᠠᠳᠠᠢ ᠬᠦᠮᠦᠰ ᠠᠴᠠ ᠦᠪᠡᠷ ᠤᠨ ᠰᠠᠶᠢᠨ ᠲᠤᠷ᠎ᠠ ᠠᠴᠠ ᠪᠠᠨ ᠡᠭᠦᠰᠭᠡᠨ ᠵᠤᠬᠢᠶᠠᠨ ᠪᠠᠶᠢᠭᠤᠯᠵᠤ᠂ 2011 ᠤᠨ ᠳᠤ ᠠᠯᠠᠱᠠ ᠵᠡᠭᠦᠨ ᠬᠤᠰᠢᠭᠤᠨ ᠳᠤ ᠡᠷᠬᠢᠯᠡᠭᠳᠡᠭᠰᠡᠨ ᠠᠴᠠ ᠬᠤᠶᠢᠰᠢ ᠠᠷᠪᠠᠨ ᠵᠢᠯ ᠤᠨ ᠲᠤᠳᠤᠷ᠎ᠠ ᠬᠡᠭᠡᠷᠡᠯᠡᠨ ᠠᠶᠠᠯᠠᠬᠤ e ᠠᠩᠭᠢ ᠶᠢᠨ ᠪᠦᠬᠦ ᠭᠡᠰᠢᠭᠦᠳ᠂ ᠨᠡᠶᠢᠬᠡᠮ ᠤᠨ ᠡᠯ᠎ᠡ ᠡᠳᠡᠭᠡᠳ ᠤᠨ ᠬᠠᠮᠵᠢᠯᠴᠠᠭ᠎ᠠ ᠪᠤᠯᠤᠨ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠬᠠᠮᠳᠤ ᠶᠢᠨ ᠴᠢᠷᠮᠠᠶᠢᠯᠭ᠎ᠠ ᠪᠠᠷ ᠠᠷᠪᠠᠨ ᠬᠤᠭᠤᠴᠠᠭ᠎ᠠ ᠠᠮᠵᠢᠯᠳᠠ ᠲᠠᠢ ᠵᠤᠬᠢᠶᠠᠨ ᠪᠠᠶᠢᠭᠤᠯᠤᠬᠳᠠᠵᠤ᠂ ᠤᠷᠤᠯᠳᠤᠭᠠᠨ᠂ ᠦᠵᠡᠬᠦᠯᠦᠯᠭᠡ᠂ ᠨᠠᠭᠠᠳᠤᠮ ᠲᠤᠬᠯᠠᠭᠠᠮ᠂ ᠢᠳᠡᠭᠡᠨ ᠤᠮᠳᠠᠭᠠᠨ᠂ ᠰᠤᠶᠤᠯ ᠵᠤᠭᠠᠴᠠᠯ ᠵᠡᠷᠭᠡ ᠤᠯᠠᠨ ᠠᠭᠤᠯᠭ᠎ᠠ ᠶᠢ ᠪᠠᠭᠳᠠᠭᠠᠬᠰᠠᠨ ᠲᠡᠯᠡᠬᠡᠢ ᠶᠢᠨ ᠬᠠᠮᠤᠭ ᠤᠨ ᠲᠤᠮᠤ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠰᠤᠶᠤᠯ ᠤᠨ ᠴᠤᠬᠯᠠᠭᠠᠨ ᠢ ᠪᠦᠷᠢᠯᠳᠦᠭᠦᠯᠵᠤ᠂ ᠦᠷᠭᠡᠨ ᠤᠯᠠᠨ ᠮᠠᠰᠢᠨ ᠲᠡᠷᠭᠡᠨ ᠤ ᠪᠠᠭ᠋ᠠᠳᠠᠳ ᠤᠨ ᠲᠤᠷ᠎ᠠ ᠰᠤᠨᠢᠷᠬᠠᠯ ᠢ ᠲᠠᠳᠠᠵᠤ ᠴᠢᠳᠠᠬᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠲᠠᠶᠢᠴᠢᠯᠠᠵᠤ᠂ ᠪᠠᠶᠠᠷ ᠲᠤᠷᠠᠰᠬᠠᠯ ᠤᠨ ᠡᠳᠦᠷ ᠤᠨ ᠬᠦᠮᠦᠰ ᠤᠨ ᠵᠠᠬ᠎ᠠ ᠲᠡᠯᠭᠡᠭᠦᠷ ᠤᠨ ᠬᠡᠷᠡᠭᠯᠡᠭᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃       ᠡᠨᠡ ᠵᠢᠯ ᠤᠨ ᠪᠠᠭᠠᠳᠤᠷᠴᠤᠳ ᠤᠨ ᠴᠤᠬᠯᠠᠭᠠᠨ ᠢ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠡᠨ ᠡᠯᠡᠰᠦᠨ ᠳᠤ ᠡᠷᠬᠢᠯᠡᠬᠦ ᠪᠤᠯᠤᠬᠰᠠᠨ ᠤ ᠭᠤᠤᠯ ᠤᠴᠢᠷ ᠨᠢ ᠪᠠᠳᠠᠢ ᠶᠢᠨ ᠵᠢᠷᠠᠨ ᠡᠯᠡᠰᠦ ᠨᠢ ᠬᠡᠭᠡᠷᠡᠯᠡᠨ ᠠᠶᠠᠯᠠᠬᠤ ᠮᠠᠰᠢᠨ ᠲᠡᠷᠭᠡᠨ ᠤ ᠤᠷᠤᠯᠳᠤᠭᠠᠨ ᠪᠤᠶᠤ ᠦᠵᠡᠬᠦᠯᠦᠯᠭᠡ ᠳᠤ ᠨᠡᠩ ᠲᠤᠬᠢᠷᠠᠮᠵᠢᠳᠠᠢ ᠨᠦᠭᠦᠴᠡᠯ ᠪᠦᠷᠢᠯᠳᠦᠭᠦᠯᠦᠨ ᠦᠭᠴᠦ᠂ ᠦᠩᠭᠡᠷᠡᠭᠰᠡᠨ ᠵᠢᠯ ᠤᠳ ᠲᠤ ᠮᠠᠨ ᠤ ᠤᠯᠤᠰ ᠠᠴᠠ ᠬᠠᠪᠰᠤᠷᠤᠨ ᠡᠷᠬᠢᠯᠡᠭᠰᠡᠨ ᠲᠤᠮᠳᠠᠳᠤ ᠹᠷᠨᠨᠼᠢ ᠶᠢᠨ ᠮᠠᠰᠢᠨ ᠲᠡᠷᠭᠡᠨ ᠤ ᠤᠷᠤᠯᠳᠤᠭᠠᠨ᠂ ᠳ᠋ᠠᠺᠠᠷ ᠤᠨ ᠮᠠᠰᠢᠨ ᠲᠡᠷᠭᠡᠨ ᠤ ᠤᠷᠤᠯᠳᠤᠭᠠᠨ ᠤ ᠲᠤᠮᠳᠠᠳᠤ ᠤᠯᠤᠰ ᠲᠠᠬᠢ ᠤᠷᠤᠯᠳᠤᠭᠠᠨ ᠤ ᠬᠡᠰᠡᠭ᠂ ᠲᠤᠷᠭᠠᠨ ᠵᠠᠮ ︵ᠲᠤᠮᠳᠠᠳᠤ ᠤᠷᠤᠰ︶ ᠤᠨ ᠮᠠᠰᠢᠨ ᠲᠡᠷᠭᠡᠨ ᠤ ᠤᠷᠤᠯᠳᠤᠭᠠᠨ ᠵᠡᠷᠭᠡ ᠲᠡᠯᠡᠬᠡᠢ ᠶᠢᠨ ᠴᠢᠨᠠᠷᠳᠠᠢ ᠤᠯᠠᠨ ᠲᠦᠷᠦᠯ ᠤᠨ ᠲᠤᠮᠤ ᠬᠡᠪᠴᠢᠶᠡᠨ ᠤ ᠤᠷᠤᠯᠳᠤᠭᠠᠨ ᠢ ᠪᠠᠳᠠᠢ ᠶᠢᠨ ᠵᠢᠷᠠᠨ ᠡᠯᠡᠰᠦᠨ ᠳᠤ ᠠᠮᠵᠢᠯᠳᠠ ᠲᠠᠢ ᠵᠤᠬᠢᠶᠠᠨ ᠪᠠᠶᠢᠭᠤᠯᠵᠤ ᠡᠷᠬᠢᠯᠡᠭᠰᠡᠨ ᠨᠢ ᠠᠯᠠᠱᠠ ᠶᠢᠨ ᠪᠠᠭᠠᠳᠤᠷᠴᠤᠳ ᠤᠨ ᠴᠤᠬᠯᠠᠭᠠᠨ ᠢ ᠠᠳᠡ ᠶᠠᠪᠤᠬᠳᠠᠭᠤᠯᠬᠤ ᠳᠤ ᠮᠠᠰᠢ ᠰᠠᠶᠢᠨ ᠰᠠᠭᠤᠷᠢ ᠲᠠᠯᠪᠢᠵᠡᠢ᠃ ᠡᠨᠡ ᠵᠢᠯ ᠤᠨ ᠴᠤᠬᠯᠠᠭᠠᠨ ᠤ ᠭᠤᠤᠯ ᠲᠠᠯᠠᠪᠠᠢ ᠶᠢ ᠪᠠᠳᠠᠢ ᠶᠢᠨ ᠵᠢᠷᠠᠨ ᠪᠠᠯᠭᠠᠰᠤᠨ ᠳᠤ ᠲᠤᠬᠢᠷᠠᠭᠤᠯᠵᠤ᠂ ᠡᠵᠡᠯᠡᠬᠦ ᠲᠠᠯᠠᠪᠠᠢ ᠨᠢ ᠪᠠᠷᠤᠭ 6 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠴᠦ᠂ ᠪᠠᠳᠠᠢ ᠶᠢᠨ ᠵᠢᠷᠠᠨ ᠡᠯᠡᠰᠦᠨ ᠤ ᠡᠮᠦᠨ᠎ᠡ ᠬᠡᠰᠡᠭ ᠲᠤ ᠪᠠᠶᠢᠷᠢᠯᠠᠵᠤ᠂ ᠰᠠᠭᠤᠷᠢ ᠪᠦᠳᠦᠭᠡᠨ ᠪᠠᠶᠢᠭᠤᠯᠤᠯᠳᠠ ᠶᠢᠨ ᠨᠦᠭᠦᠴᠡᠯ ᠪᠦᠷᠢᠨ ᠭᠦᠢᠴᠡᠳ ᠮᠦᠷᠳᠡᠭᠡᠨ ᠠᠮᠢᠳᠤᠷᠠᠯ ᠤᠨ ᠬᠡᠷᠡᠭᠯᠡᠭᠡᠨ ᠪᠤᠯᠤᠨ ᠤᠷᠤᠯᠳᠤᠭᠠᠨ ᠤ ᠲᠦᠷᠦᠯ ᠢ ᠦᠢᠷᠠᠳᠤᠭᠤᠯᠬᠤ ᠳᠤ ᠮᠠᠰᠢ ᠲᠤᠬᠢᠷᠠᠮᠵᠢᠳᠠᠢ ᠭᠠᠵᠠᠷ ᠪᠠᠶᠢᠵᠤ᠂ ᠮᠠᠰᠢᠨ ᠲᠡᠷᠭᠡᠨ ᠤ ᠰᠤᠶᠤᠯ ᠢ ᠲᠡᠯᠭᠡᠨ ᠬᠠᠷᠠᠭᠤᠯᠬᠤ ᠪᠠᠷ ᠭᠤᠤᠯ ᠠᠭᠤᠯᠭ᠎ᠠ ᠪᠠᠨ ᠪᠤᠯᠭᠠᠵᠤ᠂ ᠤᠷᠤᠯᠳᠤᠭᠠᠨ᠂  ᠦᠵᠡᠬᠦᠯᠦᠯᠬᠡ᠂ ᠪᠡᠶᠡᠳᠡᠨ ᠤᠷᠤᠯᠴᠠᠬᠤ ᠨᠠᠭᠠᠳᠤᠮ ᠲᠤᠬᠯᠠᠭᠠᠮ᠂ ᠢᠳᠡᠭᠡᠨ ᠤᠮᠳᠠᠭᠠᠨ᠂ ᠰᠤᠶᠤᠯ ᠤᠷᠠᠯᠢᠭ ᠵᠡᠷᠭᠡ ᠶᠢ ᠪᠠᠭᠳᠠᠭᠠᠬᠰᠠᠨ ᠨᠢᠭᠡ ᠤᠳᠠᠭᠠᠨ ᠤ ᠴᠤᠬᠯᠠᠭᠠᠨ ᠪᠤᠯᠭᠠᠨ ᠡᠷᠬᠢᠯᠡᠬᠦ ᠪᠤᠯᠤᠨ᠎ᠠ᠃ ᠡᠨᠡᠬᠦ ᠴᠤᠬᠯᠠᠭᠠᠨ ᠢᠶᠠᠷ ᠲᠠᠮᠵᠢᠭᠤᠯᠤᠨ ᠠᠯᠠᠱᠠ ᠪᠠᠷᠠᠭᠤᠨ ᠬᠤᠰᠢᠭᠤᠨ ᠤ ᠰᠤᠶᠤᠯ ᠵᠢᠭᠤᠯᠴᠢᠯᠠᠯ ᠤᠨ ᠦᠢᠯᠡᠰ ᠢ ᠲᠠᠶᠢᠴᠢᠯᠠᠨ᠂ ᠠᠯᠠᠱᠠ ᠶᠢᠨ ᠡᠯᠡᠰᠦ ᠮᠠᠩᠬᠠᠨ ᠤ ᠲᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠠᠪᠠᠭᠤᠯᠢᠬ ᠢ ᠪᠠᠳᠠᠷᠠᠭᠤᠯᠤᠨ᠂ ᠪᠠᠳᠠᠢ ᠶᠢᠨ ᠵᠢᠷᠠᠨ ᠡᠯᠡᠰᠦᠨ ᠤ ᠭᠠᠶᠢᠬᠠᠮᠰᠢᠬᠳᠤ ᠰᠠᠶᠢᠬᠠᠨ ᠪᠤᠯᠤᠨ ᠮᠠᠰᠢᠨ ᠲᠡᠷᠭᠡᠨ ᠤ ᠪᠠᠷᠳᠠᠭ᠎ᠠ ᠲᠤᠭᠤᠯᠵᠤ ᠬᠡᠭᠡᠷᠡᠯᠡᠨ ᠠᠶᠠᠯᠠᠬᠤ ᠶᠢᠨ ᠤᠶᠠᠯᠳᠤᠯ ᠢᠶᠠᠷ ᠬᠠᠨ ᠲᠡᠭᠷᠢ ᠠᠯᠠᠱᠠ ᠶᠢᠨ ᠨᠡᠷ᠎ᠡ ᠠᠯᠳᠠᠷᠰᠢᠯ ᠢ ᠭᠠᠳᠠᠬᠰᠢ ᠤᠬᠠᠭᠤᠯᠤᠨ ᠲᠠᠨᠢᠭᠤᠯᠬᠤ ᠳᠤ ᠨᠡᠩ ᠴᠢᠬᠤᠯᠠ ᠦᠢᠯᠡᠳᠦᠯ ᠦᠵᠡᠭᠦᠯᠬᠦ ᠪᠤᠯᠤᠨ᠎ᠠ᠃       ᠡᠨᠡ ᠵᠢᠯ ᠤᠨ ᠠᠯᠠᠱᠠ ᠶᠢᠨ ᠪᠠᠭᠠᠳᠤᠷᠴᠤᠳ ᠤᠨ ᠴᠤᠬᠯᠠᠭᠠᠨ ᠪᠠᠳᠠᠢ ᠶᠢᠨ ᠵᠢᠷᠠᠨ ᠡᠯᠡᠰᠦᠨ ᠳᠤ ᠡᠷᠬᠢᠯᠡᠭᠳᠡᠬᠦ ᠪᠤᠯᠤᠬᠰᠠᠨ ᠨᠢ ᠵᠦᠪᠬᠡᠨ ᠠᠯᠠᠱᠠ ᠪᠠᠷᠠᠭᠤᠨ ᠬᠤᠰᠢᠭᠤᠨ ᠤ ᠰᠤᠶᠤᠯ ᠵᠢᠭᠤᠯᠴᠢᠯᠠᠯ ᠪᠤᠯᠤᠨ ᠪᠠᠳᠠᠢ ᠶᠢᠨ ᠵᠢᠷᠠᠨ ᠡᠯᠡᠰᠦᠨ ᠤ ᠵᠤᠭᠠᠴᠠᠯ ᠤᠨ ᠬᠦᠭᠵᠢᠯᠳᠡ ᠶᠢ ᠠᠬᠢᠭᠤᠯᠬᠤ ᠪᠠᠷ ᠪᠠᠷᠠᠬᠤ ᠦᠭᠡᠢ 9 ᠰᠠᠷ᠎ᠠ ᠶᠢᠨ 27 ᠤ ᠡᠳᠦᠷ ᠡᠬᠢᠯᠡᠬᠦ ᠡᠵᠡᠨ᠎ᠡ ᠬᠤᠰᠢᠭᠤᠨ ᠤ ᠬᠤᠷᠢᠨ ᠬᠤᠶᠠᠳᠤᠭᠠᠷ ᠬᠤᠭᠤᠴᠠᠭᠠᠨ ᠤ ᠰᠢᠷᠭᠠᠯ ᠨᠠᠮᠤᠷ ᠤᠨ ᠲᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠤᠨ ᠴᠠᠬ ᠲᠠᠢ ᠠᠪᠴᠠᠯᠳᠤᠵᠤ᠂ ᠬᠤᠶᠠᠷ ᠬᠤᠰᠢᠭᠤᠨ ᠤ ᠭᠠᠵᠠᠷ ᠤᠨ ᠪᠠᠶᠢᠷᠢᠰᠢᠯ ᠤᠨ ᠵᠠᠢ ᠬᠤᠯᠠ ᠪᠢᠰᠢ ᠪᠠᠶᠢᠳᠠᠯ ᠳᠤ ᠬᠤᠶᠠᠷ ᠭᠠᠵᠠᠷ ᠤᠷᠤᠨ ᠤ ᠵᠢᠭᠤᠯᠴᠢᠯᠠᠯ ᠤᠨ ᠬᠦᠭᠵᠢᠯᠳᠡ ᠶᠢ ᠬᠠᠷᠢᠯᠴᠠᠨ ᠠᠬᠢᠭᠤᠯᠵᠤ ᠴᠢᠳᠠᠨ᠎ᠠ᠃ ᠡᠨᠡ ᠵᠢᠯ ᠤᠨ ᠲᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠤᠨ ᠬᠤᠭᠤᠴᠠᠭᠠᠨ ᠳᠤ ᠪᠤᠳᠠᠰ ᠤᠨ ᠪᠤᠰᠤ ᠰᠤᠶᠤᠯ ᠤᠨ ᠦᠪ ᠤᠨ ᠲᠡᠯᠭᠡᠨ  ᠦᠵᠡᠬᠦᠯᠦᠯᠭᠡ ᠲᠤᠬᠯᠠᠯᠳᠠ ᠶᠢᠨ ᠰᠢᠷᠢᠰ ᠠᠵᠢᠯᠯᠠᠭ᠎ᠠ ᠪᠠᠶᠢᠬᠤ ᠠᠴᠠ ᠭᠠᠳᠠᠨ᠎ᠠ ᠲᠤᠮᠳᠠᠳᠤ ᠮᠤᠩᠭᠤᠯ ᠤᠨ ᠤᠯᠠᠨ ᠤᠯᠤᠰ ᠤᠨ ᠪᠠᠷᠠᠭ᠎ᠠ ᠲᠠᠸᠠᠷ ᠤᠨ ᠲᠡᠯᠬᠡᠨ ᠪᠤᠷᠤᠯᠠᠭᠤᠯᠭ᠎ᠠ᠂ ︽ᠠᠯᠳᠠᠨ ᠲᠤᠤᠷᠠᠢ︾ ᠪᠤᠳᠠᠳᠤ ᠦᠵᠡᠭᠳᠡᠯ ᠤᠨ ᠲᠠᠭᠤᠤ ᠬᠦᠭᠵᠢᠮ ᠤᠨ ᠵᠦᠴᠦᠭᠡ᠂ ᠲᠤᠤᠷᠠᠢ ᠶᠢᠨ ᠤᠢ ᠶᠢ ᠲᠤᠭᠤᠷᠢᠬᠤ ᠲᠤᠭᠤᠢ ᠲᠡᠷᠭᠡᠨ ᠤ ᠤᠷᠤᠯᠳᠤᠭᠠᠨ ᠵᠡᠷᠭᠡ ᠤᠯᠠᠨ ᠲᠦᠷᠦᠯ ᠤᠨ ᠠᠭᠤᠯᠭ᠎ᠠ ᠶᠢ ᠲᠤᠬᠢᠷᠠᠭᠤᠯᠤᠬᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号