ᠠᠷᠪᠠᠨ ᠲᠤᠯᠤᠳᠤᠭᠠᠷ ᠬᠤᠭᠤᠴᠠᠭᠠᠨ ᠤ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠤᠶᠤᠯ ᠵᠢᠭᠤᠯᠴᠢᠯᠡᠯ ᠤᠨ ᠨᠠᠶᠢᠷ ᠡᠬᠢᠯᠡᠬᠦ ᠪᠠᠷ ᠪᠡᠯᠡᠬᠡᠨ ᠪᠠᠶᠢᠨ᠎ᠠ
ᠨᠡᠶᠢᠲᠡᠯᠡᠭᠰᠡᠨ ᠴᠠᠭ᠄
2021/9/14
       ᠭᠠᠵᠡᠷ ᠤᠷᠤᠨ ᠤ ᠡᠬᠢ ᠰᠤᠷᠪᠦᠯᠵᠢ ᠶᠢᠨ ᠲᠠᠪᠠᠭᠤᠯᠢᠭ ᠢ ᠪᠠᠳᠠᠷᠠᠭᠤᠯᠤᠨ᠂ ᠬᠠᠰ ᠡᠷᠳᠡᠨᠢ · ᠦᠵᠡᠮᠦᠷᠢ ᠶᠢᠨ ᠴᠢᠯᠠᠭᠤᠨ ᠤ ᠰᠤᠶᠥᠯ ᠤᠨ ᠦᠢᠯᠡᠰ ᠢ ᠬᠦᠭᠵᠢᠭᠦᠯᠵᠦ᠂ ᠠᠯᠠᠱᠠ ᠶᠢᠨ ᠬᠠᠰ ᠡᠷᠳᠡᠨᠢ ᠶᠢᠨ ᠠᠵᠦ ᠦᠢᠯᠡᠰ ᠢ ᠬᠦᠴᠦᠷᠭᠡᠭᠵᠢᠭᠦᠯᠤᠨ ᠪᠤᠵᠠᠭᠠᠢᠢᠷᠠᠭᠤᠯᠵᠦ᠂ ᠠᠯᠠᠱᠠ ᠶᠢᠨ ᠬᠠᠰ ᠡᠷᠳᠡᠨᠢ ᠶᠢᠨ ᠠᠯᠳᠡᠷᠰᠢᠯ ᠢ ᠮᠠᠨᠳᠦᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠪᠤᠯᠤᠨ ᠬᠤᠳᠡ ᠪᠠᠯᠭᠠᠰᠦᠨ ᠤ ᠲᠠᠬᠢᠨ ᠠᠵᠢᠯ ᠤᠯᠭᠤᠯᠳᠡ ᠶᠢ ᠠᠬᠢᠭᠤᠯᠵᠦ᠂ ᠭᠠᠵᠡᠷ ᠤᠷᠤᠨ ᠤ ᠠᠵᠦ ᠠᠬᠤᠢ ᠶᠢᠨ ᠬᠦᠭᠵᠢᠯᠳᠡ ᠶᠢ ᠲᠠᠶᠢᠴᠢᠯᠡᠬᠤ ᠶᠢᠨ ᠲᠤᠰᠠᠳᠡ᠂ ᠠᠯᠠᠱᠠ ᠵᠡᠬᠦᠨ ᠬᠤᠰᠢᠭᠤ ᠠᠷᠪᠠᠨ ᠲᠤᠯᠤᠳᠤᠭᠠᠷ ᠬᠤᠭᠤᠴᠠᠭᠠᠨ ᠤ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠰᠤᠶᠤᠯ ᠵᠢᠭᠤᠯᠴᠢᠯᠡᠯ ᠤᠨ ᠨᠠᠶᠢᠷ᠂ ᠠᠷᠪᠡᠨ ᠬᠤᠶᠠᠳᠦᠭᠠᠷ ᠬᠤᠭᠤᠴᠠᠭᠠᠨ ᠤ ︽ᠤᠡᠭᠭᠤᠨ ᠲᠡᠮᠡᠭᠡ︾ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠪᠤᠯᠤᠨ ︽ᠲᠢᠶᠡᠨ ᠭᠦᠡᠭ ᠦᠵᠡᠬᠦᠯᠦᠯᠬᠡ︾ ᠶᠢᠨ ᠰᠢᠯᠭᠠᠷᠠᠭᠤᠯᠤᠯᠳᠡ ᠵᠡᠷᠭᠡ ᠪᠠᠶᠠᠯᠢᠭ ᠠᠭᠤᠯᠭ᠎ᠠ ᠪᠦᠬᠦᠢ ᠬᠦᠳᠡᠯᠭᠡᠭᠡᠨ ᠢ ᠶᠠᠪᠤᠭᠳᠠᠭᠤᠯᠬᠤ ᠪᠠᠷ ᠪᠤᠢ᠃        ᠦᠢᠯᠠᠭᠠᠭᠰᠠᠠ ᠢᠶᠠᠷ᠂ ᠲᠤᠰ ᠤᠳᠠᠭᠠᠨ ᠤ ᠨᠠᠶᠢᠷ ᠢ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ ᠠᠴᠠ ᠭᠤᠤᠯᠯᠡᠨ᠂ ᠠᠯᠠᠱᠠ ᠵᠡᠭᠦᠨ ᠬᠤᠰᠢᠭᠤᠨ ᠤ ᠰᠤᠶᠤᠯ ᠵᠢᠭᠤᠯᠴᠢᠯᠡᠯ ᠤᠨ ᠲᠤᠪᠴᠢᠶ᠎ᠠ ᠠᠴᠠ ᠲᠠᠭᠠᠭᠠᠴᠢᠯᠡᠨ ᠡᠷᠬᠢᠯᠡᠵᠦ᠂ 9 ᠰᠠᠷ᠎ᠠ ᠶᠢᠨ 23 ᠤ ᠡᠳᠦᠷ ᠠᠴᠠ 10 ᠰᠠᠷ᠎ᠠ ᠶᠢᠨ 7 ᠤ ᠡᠳᠦᠷ ᠬᠦᠷᠳᠡᠯ᠎ᠠ ᠶᠠᠪᠤᠭᠳᠠᠭᠤᠯᠬᠤ ᠪᠠᠷ ᠪᠤᠢ᠃ ᠡᠨᠡ ᠤᠳᠠᠭᠠᠨ ᠤ ᠨᠠᠶᠢᠷ ᠲᠤ 300 ᠭᠠᠷᠤᠢ ᠬᠠᠴᠢᠨ ᠴᠢᠯᠠᠭᠤᠨ ᠤ ᠲᠡᠯᠭᠡᠨ ᠪᠤᠷᠤᠯᠠᠭᠤᠯᠬᠤ ᠤᠷᠤ ᠲᠤᠬᠢᠷᠠᠭᠤᠯᠵᠦ᠂ 8 ᠰᠠᠷ᠎ᠠ ᠶᠢᠨ 26 ᠤ ᠡᠳᠦᠷ ᠠᠴᠠ ᠬᠠᠴᠢᠨ ᠴᠢᠯᠠᠭᠤᠨ ᠤ ᠬᠦᠷᠢᠶᠡᠯᠡᠩ ᠤᠨ ᠶᠤᠸᠠᠢ ᠯᠢᠶᠠᠩ ᠬᠠᠴᠢᠨ ᠴᠢᠯᠠᠭᠤᠨ ᠤ ᠲᠡᠯᠭᠡᠭᠦᠷ ᠲᠤ ᠪᠤᠷᠤᠯᠠᠭᠤᠯᠵᠦ ᠡᠬᠢᠯᠡᠭᠰᠡᠡ ᠪᠠᠶᠢᠨ᠎ᠠ᠃ ᠪᠤᠷᠤᠯᠠᠭᠤᠯᠬᠤ ᠴᠠᠬ ᠨᠢ ᠦᠳᠡ ᠶᠢᠨ ᠡᠮᠦᠨ᠎ᠠ ᠶᠢᠨ 9 : 00  ᠠᠴᠠ 11 : 30᠂ ᠦᠳᠡ ᠶᠢᠨ ᠬᠤᠶᠢᠨ᠎ᠠ ᠶᠢᠨ 15 : 00 ᠠᠴᠠ18 : 00᠃ ᠪᠤᠷᠤᠯᠠᠭᠤᠯᠭ᠎ᠠ ᠶᠢᠨ ᠤᠷᠤ ᠶᠢᠨ ᠲᠠᠯᠠᠪᠠᠢ ᠨᠢ 3 ᠲᠡᠭᠰᠢ ᠲᠦᠷᠪᠡᠯᠵᠢᠨ ᠮᠧᠲᠷ᠂ ᠪᠠᠶᠢᠷᠢᠯᠡᠯ ᠤᠨ ᠠᠳᠠᠯᠢ ᠪᠤᠰᠦ ᠠᠴᠠ ᠭᠤᠷᠪᠡᠨ ᠵᠦᠢᠯ ᠤᠨ ᠦᠨ᠎ᠠ ᠬᠠᠨᠭ᠍ᠰᠢ ᠲᠠᠢ᠂ ᠲᠤᠰᠪᠤᠷᠢ 2300 ᠲᠦᠭᠦᠷᠢᠭ᠂ 1800 ᠲᠦᠭᠦᠷᠢᠭ ᠪᠤᠯᠤᠨ 1600 ᠲᠦᠭᠦᠷᠢᠭ ᠪᠤᠯᠤᠨ᠎ᠠ᠃       ᠠᠷᠪᠡᠨ ᠬᠤᠶᠠᠳᠦᠭᠠᠷ ᠬᠤᠭᠤᠴᠠᠭᠠᠨ ᠤ ︽ᠤᠡᠭᠭᠤᠨ ᠲᠡᠮᠡᠭᠡ︾ ᠱᠠᠩᠨᠠᠯ ᠢ ᠰᠢᠯᠭᠠᠷᠠᠭᠤᠯᠬᠤ ᠠᠵᠢᠯᠯᠠᠭ᠎ᠠ ᠶᠢ 9 ᠰᠠᠷ᠎ᠠ ᠶᠢᠨ 22 ᠤᠨ ᠡᠳᠦᠷ ᠲᠤ ᠶᠠᠪᠤᠭᠳᠠᠭᠤᠯᠬᠤ ᠪᠠᠷ ᠪᠠᠶᠢᠨ᠎ᠠ᠃ ᠰᠢᠯᠭᠠᠷᠠᠭᠤᠯᠤᠯᠳᠡ ᠶᠢ ᠬᠠᠰ ᠰᠡᠶᠢᠯᠦᠮᠡᠯ᠂ ᠰᠤᠪᠤᠤᠨ ᠡᠷᠳᠡᠨᠢ ᠬᠡᠬᠦ ᠬᠤᠶᠡᠷ ᠶᠡᠭᠡ ᠲᠦᠷᠤᠯ ᠳᠤ ᠬᠤᠪᠢᠶᠠᠡ ᠦᠨᠡᠯᠡᠵᠦ᠂ ᠲᠤᠰᠪᠤᠷᠢ ᠠᠯᠳᠡᠨ ᠱᠠᠩ 1᠂ ᠮᠦᠡᠭᠭᠦᠨ ᠱᠠᠩ 2᠂ ᠬᠦᠷᠡᠯ ᠱᠠᠩ 3᠂ ᠭᠠᠷ ᠤᠷᠡᠯᠡᠯ ᠤᠨ ᠱᠠᠩ 1᠂ ᠰᠢᠨ᠎ᠠ ᠶᠢ ᠡᠭᠦᠳᠦᠭᠰᠡᠡ ᠱᠠᠩ 1 ᠶᠢ ᠰᠢᠯᠭᠠᠷᠠᠭᠤᠯᠵᠦ ᠭᠠᠷᠭᠠᠬᠤ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号