ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠦᠨ᠎ᠡ ᠬᠠᠩᠰᠢ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 2025 ᠤᠨ ᠪᠣᠯᠬᠤ ᠳᠤ᠂ ᠥᠷᠢᠰᠥᠯᠳᠦᠭᠡᠨ ᠤ | ᠴᠢᠨᠠᠷᠲᠠᠶ ᠬᠦᠷᠢᠶ᠎ᠡ ᠪᠠ ᠭᠤᠭᠴᠤᠭ᠎ᠠ ᠶᠢᠨ ᠦᠨ᠎ᠡ ᠬᠠᠩᠰᠢ ᠶᠢ ᠭᠤᠤᠯᠳᠠᠭᠤ ᠵᠠᠬ᠎ᠠ ᠳᠡᠯᠭᠡᠭᠦᠷ ᠠᠴᠠ ᠲᠣᠭᠲᠠᠭᠠᠵᠤ᠂ | ᠰᠦᠯᠵᠢᠶᠡᠨ ᠤ ᠬᠡᠯᠪᠡᠷᠢ ᠶᠢᠨ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠰᠢᠨᠵᠢᠯᠡᠬᠦ ᠤᠬᠠᠭᠠᠨᠴᠢ ᠪᠠᠷ | ᠦᠨ᠎ᠡ ᠲᠣᠭᠲᠠᠭᠠᠬᠤ ᠲᠣᠭᠲᠠᠴᠠ ᠶᠢ ᠪᠥᠬᠦ ᠲᠠᠯ᠎ᠠ ᠪᠠᠷ ᠲᠣᠭᠲᠠᠭᠠᠵᠤ᠂ ᠡᠨᠧᠷᠭᠢ ᠡᠬᠢ ᠪᠠᠶᠠᠯᠢᠭ ᠤᠨ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠶᠢ ᠤᠯᠠᠮ ᠴᠢᠨᠠᠬᠰᠢᠲᠠ ᠲᠡᠭᠦᠯᠳᠡᠷᠵᠢᠭᠦᠯᠤᠨ᠂ ᠠᠷᠠᠳ ᠤᠨ ᠠᠮᠢᠳᠤᠷᠠᠯ ᠤᠨ | ᠴᠢᠬᠤᠯᠠ ᠲᠠᠸᠠᠷ ᠤᠨ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠳᠡᠯ ᠤᠨ ᠲᠣᠭᠲᠠᠴᠠ ᠶᠢ ᠨᠠᠩ ᠪᠦᠷᠢᠨᠰᠢᠭᠦᠯᠵᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠦᠨᠳᠦᠰᠦᠨ ᠳᠡᠭᠡᠨ | ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠰᠠᠨ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ ᠭᠡᠵᠡᠶ᠃ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡᠯᠡᠭᠰᠡᠨ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠦᠨ᠎ᠡ ᠬᠠᠩᠰᠢ ᠶᠢᠨ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭᠠᠨ ᠤ ᠲᠥᠰᠦᠯ ᠤᠨ ᠲᠤᠬᠠᠶ ᠮᠡᠳᠡᠭᠳᠡᠯ︾ ᠢ | ᠦᠨᠳᠦᠰᠦᠯᠡᠪᠡᠯ᠂ ᠮᠠᠨ ᠤ ᠤᠯᠤᠰ ᠭᠤᠤᠯᠳᠠᠭᠤ ︽ᠨᠡᠭᠦᠷᠡᠰᠦᠲᠥ᠋ᠷᠥᠭᠴᠢ ᠶᠢ ᠤᠷᠭᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠬᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠡᠬᠢ | ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠠᠬᠢᠭᠤᠯᠵᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠨᠠᠩ ᠰᠠᠶᠢᠲᠤᠷ | ᠪᠠᠲᠤᠯᠠᠨ ᠰᠠᠶᠢᠵᠢᠷᠠᠭᠤᠯᠤᠨ᠂ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠦᠨ᠎ᠡ | ᠬᠠᠩᠰᠢ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠨ᠎ᠡ ᠬᠠᠩᠰᠢ ᠶᠢ ᠵᠠᠰᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠥᠰᠦᠯ ᠳᠤ ᠭᠤᠤᠯᠳᠠᠭᠤ ᠦᠨ᠎ᠡ ᠬᠠᠩᠰᠢ ᠶᠢᠨ ᠲᠣᠬᠢᠷᠠᠭᠤᠯᠭ᠎ᠠ ᠡᠵᠡᠮᠳᠡᠯ ᠢ ᠴᠢᠩᠭᠠᠳᠬᠠᠬᠤ᠂ ᠡᠨᠧᠷᠭᠢ᠂ | ᠤᠰᠤᠨ ᠤ ᠡᠬᠢ ᠪᠠᠶᠠᠯᠢᠭ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠠᠬᠢᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠯᠲᠠ ᠬᠢᠪᠠ᠄ | ᠨᠢᠭᠡ ᠳᠤ᠂ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠢ ᠴᠢᠩᠭᠠᠳᠬᠠᠨ ᠰᠠᠶᠢᠵᠢᠷᠠᠭᠤᠯᠤᠨ᠎ᠠ᠃ | ᠭᠤᠣᠯᠳᠠᠯᠭ᠎ᠠ ᠲᠠᠢ ᠲᠠᠸᠠᠷ ᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠪᠦᠷᠢᠨᠰᠢᠭᠦᠯᠵᠦ᠂ ᠠᠮᠤ ᠪᠤᠳᠠᠭ᠎ᠠ ᠲᠤᠰᠤ ᠮᠢᠬ᠎ᠠ ᠥᠨᠳᠡᠭᠡ ᠨᠣᠭᠤᠭ᠎ᠠ ᠵᠢᠮᠢᠰ ᠰᠦ ᠵᠡᠷᠭᠡ ᠠᠷᠠᠳ ᠤᠨ | ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢᠨ ᠲᠤᠬᠢᠷᠠᠭᠤᠯᠭ᠎ᠠ ᠡᠵᠡᠮᠳᠡᠯ ᠢ ᠴᠢᠩᠭᠠᠳᠬᠠᠵᠤ᠂ | ᠲᠤᠲᠤᠷᠭ᠎ᠠ᠂ ᠪᠤᠭᠤᠳᠠᠢ ᠶᠢᠨ ᠬᠠᠮᠤᠭ ᠤᠨ ᠳᠤᠤᠷ᠎ᠠ ᠬᠤᠳᠠᠯᠳᠤᠨ ᠠᠪᠬᠤ ᠦᠨ᠎ᠡ ᠶᠢᠨ ᠲᠦᠷᠦ ᠶᠢᠨ ᠪᠤᠳᠤᠯᠭ᠎ᠠ ᠶᠢ | ᠪᠠᠷᠢᠮᠲᠠᠯᠠᠨ ᠲᠡᠭᠦᠯᠳᠡᠷᠵᠢᠭᠦᠯᠵᠦ᠂ ᠬᠥᠪᠥᠩ ᠤᠨ ᠬᠠᠷᠠᠯᠳᠠᠳᠦ ᠦᠨ᠎ᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠤᠨ᠂ ᠲᠡᠮᠦᠷ ᠤᠨ ᠬᠦᠳᠡᠷ᠂ ᠵᠡᠰ᠂ ᠡᠷᠳᠡᠨᠢ ᠰᠢᠰᠢ ᠵᠡᠷᠭᠡ ᠪᠦᠭᠡᠮ ᠲᠠᠸᠠᠷ ᠤᠨ ᠦᠨ᠎ᠡ ᠬᠠᠩᠰᠢ ᠶᠢᠨ | ᠬᠡᠪ ᠤᠨ ᠪᠤᠰᠤ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠶᠡᠷᠦᠩᠬᠡᠢ ᠲᠤᠬᠢᠷᠠᠭᠤᠯᠭ᠎ᠠ ᠡᠵᠡᠮᠳᠡᠯ ᠤᠨ | ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠴᠠᠭ ᠲᠤᠬᠠᠢ ᠳᠤᠨᠢ ᠳᠤᠷᠠᠳᠴᠤ᠂ ᠵᠠᠬ᠎ᠠ ᠳᠡᠯᠭᠡᠭᠦᠷ ᠤᠨ ᠵᠢᠱᠢᠯᠲᠡ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ | ᠬᠤᠶᠠᠷ ᠲᠤ᠂ ᠡᠨᠧᠷᠭᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ | ᠬᠦᠷᠭᠡᠵᠦ ᠲᠤᠬᠢᠷᠠᠭᠤᠯᠬᠤ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠤᠤᠷ ᠲᠤ | ᠵᠠᠯᠭᠠᠬᠰᠠᠨ ᠴᠠᠬᠢᠯᠭᠠᠨ ᠤ ᠦᠨ᠎ᠡ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠠᠨᠡᠭ ᠢᠶᠠᠷ ᠴᠠᠬᠢᠯᠭᠠᠨ ᠭᠠᠷᠭᠠᠬᠤ᠂ ᠤᠰᠤ ᠲᠠᠲᠠᠵᠤ | ᠡᠨᠧᠷᠭᠢ ᠬᠠᠳᠠᠭᠠᠯᠠᠬᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠬᠡᠯᠪᠡᠷᠢ ᠶᠢᠨ | ᠡᠨᠧᠷᠭᠢ ᠬᠠᠳᠠᠭᠠᠯᠠᠬᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ︔ ᠡᠨᠧᠷᠭᠢ ᠶᠢᠨ ᠬᠤᠷᠣᠭᠳᠠᠭᠤᠯᠤᠯ | ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠠᠵᠢᠯ ᠲᠦᠷᠦᠯ ᠳᠤ ᠴᠢᠭᠯᠡᠭᠦᠯᠦᠨ᠂ ᠵᠥᠷᠢᠶᠡᠲᠦ ᠴᠠᠬᠢᠯᠭᠠᠨ ᠤ ᠦᠨ᠎ᠡ᠂ | ᠴᠠᠬᠢᠯᠭᠠᠨ ᠤ ᠱᠠᠲᠤᠯᠢᠭ ᠦᠨ᠎ᠡ ᠵᠡᠷᠭᠡ ᠪᠣᠬᠢᠷᠲᠤᠯ ᠦᠭᠡᠢ ᠴᠠᠬᠢᠯᠭᠠᠨ ᠤ ᠦᠨ᠎ᠡ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠤᠨ᠎ᠠ︔ ᠴᠢᠯᠠᠭᠤᠨ | ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ | ᠂ ︽ᠪᠦᠬᠦ ᠤᠯᠤᠰ ᠢᠶᠠᠷ ᠢᠶᠠᠨ ᠨᠢᠭᠡ ᠯᠡ ᠰᠦᠯᠵᠢᠶ᠎ᠡ ᠪᠠᠷ ᠭᠦᠢᠴᠡᠳᠭᠡᠬᠦ︾ ᠬᠥᠭᠵᠢᠯᠲᠡ ᠶᠢᠨ ᠴᠢᠭᠯᠡᠯ ᠳᠤ | ᠵᠣᠬᠢᠴᠠᠭᠤᠯᠤᠨ᠂ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠲᠡᠭᠡᠭᠡᠪᠦᠷᠢ ᠶᠢᠨ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠭᠤᠷᠪᠠ ᠳᠤ᠂ ᠤᠰᠤᠨ ᠤ ᠡᠬᠢ ᠪᠠᠶᠠᠯᠢᠭ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠰᠢᠰᠲ᠋ᠧᠮ ᠲᠠᠢ | ᠠᠬᠢᠭᠤᠯᠤᠨ᠎ᠠ᠃ ᠤᠰᠤᠨ ᠠᠰᠢᠬᠯᠠᠯᠲᠠ ᠶᠢᠨ ᠢᠨᠵᠧᠨᠧᠷᠢᠩ ᠤᠨ ᠬᠠᠩᠭᠠᠬᠤ ᠤᠰᠤᠨ ᠤ ᠦᠨ᠎ᠡ ᠬᠠᠩᠰᠢ ᠶᠢᠨ | ᠪᠦᠷᠢᠯᠳᠦᠬᠦ ᠲᠣᠭᠲᠠᠴᠠ ᠶᠢ ᠰᠢᠨᠡᠴᠢᠯᠡᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ᠂ ᠬᠤᠲᠠ ᠪᠠᠯᠭᠠᠰᠤ ᠶᠢᠨ ᠤᠰᠤ ᠬᠠᠩᠭᠠᠬᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠎ᠠ︔ ᠪᠣᠬᠢᠷ ᠤᠰᠤ ᠰᠢᠢᠳᠪᠦᠷᠢᠯᠡᠬᠦ ᠳᠤ ᠰᠦᠢᠳᠬᠡᠯ ᠬᠤᠷᠢᠶᠠᠬᠤ | ᠲᠣᠭᠲᠠᠴᠠ ᠶᠢ ᠤᠯᠠᠮ ᠴᠢᠨᠠᠬᠰᠢᠲᠠ ᠲᠡᠭᠦᠯᠳᠡᠷᠵᠢᠭᠦᠯᠵᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠪᠣᠬᠢᠷ ᠤᠰᠤ | ᠰᠢᠢᠳᠪᠦᠷᠢᠯᠡᠬᠦ ᠪᠠ ᠪᠣᠬᠢᠷ ᠱᠠᠯᠪᠠᠬ ᠢ ᠬᠤᠣᠷ ᠦᠭᠡᠶ ᠪᠣᠯᠭᠠᠨ ᠰᠢᠢᠳᠪᠦᠷᠢᠡᠯᠬᠦ ᠥᠪᠡᠷ ᠤᠨ ᠥᠷᠲᠡᠭ ᠢ | ᠨᠥᠬᠦᠪᠥᠷᠢᠯᠡᠬᠦ ᠶᠢᠨ ᠬᠠᠮᠲᠤ ᠵᠦᠢ ᠵᠣᠬᠢᠰᠲᠠᠶ ᠠᠰᠢᠭ ᠣᠯᠵᠠᠪᠤᠷᠢ ᠶᠢᠨ ᠬᠡᠮᠵᠢᠶ᠎ᠡ ᠳᠤ ᠬᠦᠷᠲᠡᠯ᠎ᠡ ᠳᠡᠭᠡᠭᠰᠢᠯᠡᠭᠦᠯᠬᠦ ᠶᠢᠨ | ᠬᠠᠮᠲᠤ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠲᠦᠷᠪᠡ ᠳᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠲᠦᠷᠭᠡᠳᠬᠡᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠰᠦᠢᠳᠬᠡᠯ | ᠬᠤᠷᠢᠶᠠᠬᠤ ᠠᠵᠢᠯ ᠢ ᠵᠢᠷᠤᠮᠵᠢᠭᠤᠯᠤᠨ᠎ᠠ︔ ᠨᠠᠰᠤᠵᠢᠯ ᠤᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠰᠤᠵᠢᠯ ᠤᠨ ᠦᠢᠯᠡᠴᠢᠯᠡᠭᠡᠨ ᠤ | ᠬᠥᠭᠵᠢᠯᠲᠡ ᠶᠢ ᠳᠡᠮᠵᠢᠨ᠎ᠡ︔ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥ ᠶᠢᠨ | ᠪᠣᠳᠣᠯᠭ᠎ᠠ ᠶᠢ ᠤᠯᠠᠮ ᠴᠢᠨᠠᠬᠰᠢᠲᠠ ᠲᠡᠭᠦᠯᠳᠡᠷᠵᠢᠭᠦᠯᠵᠦ᠂ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ︔ | ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠪᠦᠷᠢᠨᠰᠢᠬᠦᠯᠵᠦ᠂ | ᠦᠵᠡᠮᠵᠢ ᠶᠢᠨ ᠣᠷᠣᠨ ᠤ ᠳᠣᠲᠣᠷᠠᠬᠢ ᠭᠠᠭᠴᠠᠭᠠᠷ ᠡᠵᠡᠮᠰᠢᠬᠦ ᠴᠢᠨᠠᠷᠲᠠᠶ ᠦᠢᠯᠡᠴᠢᠯᠡᠭᠡᠨ ᠤ ᠦᠨ᠎ᠡ ᠬᠠᠩᠰᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠪᠠ ᠬᠤᠭ | ᠨᠣᠪᠰᠢ ᠶᠢ ᠰᠢᠢᠳᠪᠦᠷᠢᠯᠡᠬᠦ ᠵᠡᠷᠭᠡ ᠤᠯᠠᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠨ᠎ᠡ ᠬᠠᠩᠰᠢ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ | |