ᠤᠴᠢᠪᠠᠭᠠᠲᠤᠷ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠪᠠᠯ ᠰᠣᠶᠣᠯ ᠢ ᠨᠡᠩ ᠰᠠᠶᠢᠲᠤᠷ ᠲᠠᠮᠵᠢᠭᠤᠯᠵᠤ ᠴᠢᠳᠠᠨ᠎ᠠ
ᠨᠡᠶᠢᠲᠡᠯᠡᠭᠰᠡᠨ ᠴᠠᠭ᠄
2021/9/14
    ︽ᠮᠠᠯᠵᠢᠬᠤ ᠣᠷᠣᠨ ᠤ ᠬᠥᠮᠦᠨ ᠨᠢᠭᠡ ᠪᠦᠷᠢ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠳᠠᠮᠵᠢᠭᠤᠯᠤᠨ ᠴᠠᠬᠢᠮ ᠸᠢᠳᠢᠣ᠋ ᠵᠣᠬᠢᠶᠠᠵᠤ ᠪᠣᠯᠤᠨ᠎ᠠ᠂ ᠴᠥᠮ ᠲᠠᠯ᠎ᠠ ᠨᠤᠲᠤᠭ ᠤᠨ ᠰᠦᠯᠵᠢᠶᠡᠨ ᠤᠳᠤᠨ ᠪᠣᠯᠵᠣ ᠪᠤᠯᠤᠨ᠎ᠠ︾ ᠬᠡᠵᠦ ᠲᠠᠯ᠎ᠠ ᠨᠤᠲᠤᠭ ᠤᠨ ᠰᠦᠯᠵᠢᠶᠡᠨ ᠤᠳᠤᠨ ᠤ ᠲᠤᠬᠠᠶ ᠶᠠᠷᠢᠬᠤ ᠳᠠᠭᠠᠨ ᠤᠴᠢᠪᠠᠭᠠᠲᠤᠷ ᠮᠠᠰᠢ ᠰᠡᠳᠬᠢᠯ ᠲᠤᠬᠳᠤᠯᠤᠨ᠎ᠡ᠃     ᠤᠴᠢᠪᠠᠭᠠᠲᠤᠷ ᠪᠣᠯ ᠵᠢᠭᠤᠯᠴᠢᠯᠠᠯ ᠤᠨ ᠠᠮᠲᠠᠲᠤ ᠢᠳᠡᠭᠡᠨ ᠤ ᠪᠦᠷᠭᠡ ᠶᠢᠨ ᠡᠵᠡᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠤ ᠬᠦᠷᠢᠶᠡᠨ ᠳᠠᠬᠢ ᠬᠤᠪᠢ ᠶᠢᠨ ᠵᠠᠭᠤᠴᠢᠯᠠᠭᠤᠷ ᠤᠨ ᠵᠣᠬᠢᠶᠠᠨ ᠪᠦᠲᠦᠭᠡᠭᠴᠢ ᠮᠥᠨ ᠃ ᠲᠡᠭᠦᠨ ᠤ ᠦᠢᠯᠡᠳᠦᠭᠰᠡᠨ ᠴᠠᠬᠢᠮ ᠸᠢᠳᠢᠣ᠋ ᠨᠢ ᠪᠦᠬᠦ ᠰᠦᠯᠵᠢᠶᠡᠨ ᠳᠤ ᠵᠢᠯ ᠳᠤ ᠨᠡᠶᠢᠳᠡ 15 ᠳ᠋ᠦᠩᠰᠢᠭᠤᠷ ᠤᠳᠠᠭ᠎ᠠ ᠨᠡᠪᠲᠡᠷᠡᠭᠦᠯᠦᠭᠳᠡᠵᠦ᠂ 150 ᠲᠦᠮᠡᠨ ᠬᠦᠷᠢᠶᠠᠯᠡᠭᠴᠢ ᠲᠠᠢ ᠪᠤᠯᠵᠠᠢ᠃     ᠤᠴᠢᠪᠠᠭᠠᠲᠤᠷ ᠮᠠᠯᠵᠢᠬᠤ ᠣᠷᠣᠨ ᠳᠤ ᠦᠰᠦᠨ ᠪᠤᠶᠢᠵᠢᠵᠤ᠂ ᠬᠠᠷᠠᠬᠠᠨ ᠪᠠᠭ᠎ᠠ ᠠᠴᠠ ᠪᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠪᠠ᠃ ᠲᠡᠷᠡ ᠳᠤᠮᠳᠠᠳᠤ ᠤᠯᠤᠰ ᠤᠨ ᠴᠢᠯᠠᠭᠤᠨ ᠲᠤᠰᠤᠨ ᠤ ᠶᠡᠭᠡ ᠰᠤᠷᠭᠠᠭᠤᠯᠢ ᠳᠤ ᠰᠢᠯᠭᠠᠨ ᠤᠷᠤᠬᠰᠠᠨ ᠤ ᠲᠠᠷᠠᠭ᠎ᠠ᠂ ᠮᠡᠳᠡᠭᠡ ᠵᠠᠩᠭᠢ ᠶᠢᠨ ᠮᠡᠷᠭᠡᠵᠢᠯ ᠪᠣᠯᠤᠨ ᠠᠮᠤᠷ ᠲᠦᠪᠰᠢᠨ ᠤ ᠲᠤᠰᠬᠠᠢ ᠮᠡᠷᠭᠡᠵᠢᠯ ᠢᠶᠠᠷ ᠰᠤᠷᠤᠯᠴᠠᠪᠠ᠂ ᠡᠨᠡ ᠨᠢ ᠲᠡᠭᠦᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠴᠢᠳᠠᠪᠤᠷᠢ ᠶᠢ ᠴᠢᠨᠠᠬᠰᠢᠳᠠ ᠳᠡᠭᠡᠭᠰᠢᠯᠡᠭᠦᠯᠪᠡ᠃ ᠲᠡᠭᠦᠰᠦᠭᠰᠡᠨ ᠤ ᠪᠠᠨ ᠳᠠᠷᠠᠭ᠎ᠠ᠂ ᠲᠡᠷᠡ ᠪᠡᠭᠡᠵᠢᠩ ᠳᠤ ᠠᠵᠢᠯᠯᠠᠵᠤ ᠠᠮᠢᠳᠤᠷᠠᠬᠤ ᠶᠢᠨ ᠲᠠᠭᠠᠤ ᠶᠠᠪᠠᠭᠠᠨ ᠢᠶᠠᠷ ᠠᠶᠠᠯᠠᠨ ᠵᠢᠭᠤᠯᠴᠢᠯᠠᠪᠠ᠃ ᠪᠠᠷᠢᠮᠵᠢᠶ᠎ᠠ ᠠᠶᠠᠯᠭᠤ ᠪᠠᠷ ᠤᠷᠤᠰᠤᠮ᠎ᠠ ᠶᠠᠷᠢᠵᠦ ᠴᠢᠳᠠᠳᠠᠭ ᠠᠴᠠ ᠡᠭᠡᠯ ᠪᠣᠷᠣᠭᠵᠢᠭᠤᠨ᠂ ᠦᠨᠡᠨᠴᠢ ᠴᠠᠭᠠᠪᠤᠷ ᠤᠴᠢᠪᠠᠭᠠᠲᠤᠷ ᠠᠶᠠᠯᠠᠯ ᠵᠢᠭᠤᠯᠴᠢᠯᠠᠯ ᠤᠨ ᠶᠠᠪᠤᠴᠠ ᠳᠠᠭᠠᠨ ᠮᠠᠰᠢ ᠣᠯᠠᠨ ᠨᠠᠶᠢᠵᠠ ᠨᠥᠬᠦᠳ ᠲᠠᠢ ᠲᠠᠨᠢᠯᠴᠠᠵᠤ᠂ ᠪᠥᠬᠦ ᠤᠯᠤᠰ ᠤᠨ ᠡᠯ᠎ᠡ ᠭᠠᠵᠠᠷ ᠤᠨ ᠰᠤᠶᠤᠯ ᠢᠷᠭᠡᠨᠰᠢᠯ ᠢ ᠣᠶᠢᠯᠠᠭᠠᠳᠠᠬ᠃     ᠨᠤᠲᠤᠭ ᠲᠠᠭᠠᠨ ᠬᠠᠷᠢᠬᠰᠠᠨ ᠤ ᠲᠠᠷᠠᠭ᠎ᠠ᠂ ᠤᠴᠢᠪᠠᠭᠠᠲᠤᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠴᠠᠬᠢᠮ ᠸᠢᠳᠢᠣ᠋ ᠵᠣᠬᠢᠶᠠᠵᠤ᠂ ᠨᠤᠲᠤᠭ ᠤᠨ ᠢᠶᠠᠨ ᠲᠠᠯ᠎ᠠ ᠨᠤᠲᠤᠭ᠂ ᠤᠢ ᠰᠢᠭᠤᠢ᠂ ᠨᠠᠭᠤᠷ ᠪᠦᠷᠢᠳᠤ᠂ ᠦᠨᠳᠦᠰᠦᠲᠡᠨ ᠤ ᠵᠠᠩ ᠦᠢᠯᠡ ᠪᠣᠯᠤᠨ ᠤᠨᠴᠠᠯᠢᠬᠳᠤ ᠠᠮᠲᠠᠲᠤ ᠢᠳᠡᠭᠡᠨ ᠢ ᠲᠠᠨᠢᠯᠴᠠᠭᠤᠯᠬᠤ ᠪᠤᠯᠪᠠ᠃ 2016 ᠣᠨ ᠳᠤ᠂ ᠲᠡᠷᠡ ᠬᠤᠪᠢ ᠶᠢᠨ ᠵᠠᠭᠤᠴᠢᠯᠠᠭᠤᠷ ᠤᠨ ᠺᠣᠮᠫᠠᠨᠢ ᠪᠠᠨ ᠪᠠᠶᠢᠭᠤᠯᠵᠤ᠂ ᠴᠤᠤᠷᠢᠶ᠎ᠠ᠂ ᠪᠤᠰᠢᠭᠤ ᠭᠠᠷ᠂ ᠲᠠᠷᠪᠤᠰ ᠸᠢᠳᠢᠣ᠋ ᠵᠡᠷᠭᠡ ᠠᠷᠪᠠᠭᠠᠳ ᠲᠠᠪᠴᠠᠩ ᠳᠤ ᠥᠪᠥᠷ ᠮᠣᠩᠭᠤᠯ ᠤᠨ ᠰᠣᠶᠣᠯ ᠢ ᠢᠳᠡᠪᠬᠢᠲᠡᠢ ᠤᠯᠠᠮᠵᠢᠯᠠᠵᠤ᠂ ︽ᠬᠥᠳᠡᠭᠡ ᠲᠣᠰᠬᠤᠨ ᠤ ᠰᠦᠯᠵᠢᠶᠡᠨ ᠤᠳᠤᠨ︾ ᠪᠠ ︽ᠨᠤᠲᠤᠭ ᠤᠨ ᠣᠷᠣᠯᠠᠨ ᠥᠭᠦᠯᠡᠭᠴᠢ︾ ᠪᠣᠯᠤᠬᠰᠡᠨ ᠠᠵᠢ᠃     ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠬᠤ ᠨᠢ ᠮᠠᠯᠴᠢᠳ ᠤᠨ ᠣᠷᠣᠯᠭ᠎ᠠ ᠡᠬᠦᠳᠬᠦ ᠶᠢ ᠠᠬᠢᠭᠤᠯᠵᠤ ᠴᠢᠳᠠᠨ᠎ᠠ︾᠃ ᠤᠴᠢᠪᠠᠭᠠᠲᠤᠷ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠠᠭᠤᠯᠭ᠎ᠠ ᠶᠢᠨ ᠲᠠᠮᠵᠢᠭᠤᠯᠭ᠎ᠠ ᠶᠢᠨ ᠳᠠᠪᠠᠭᠤᠯᠢᠭ ᠢᠶᠠᠨ ᠠᠰᠢᠬᠯᠡᠨ᠂ ᠲᠠᠯ᠎ᠠ ᠨᠤᠲᠤᠭ ᠤᠨ ᠣᠨᠴᠠ ᠭᠠᠷᠤᠯᠲᠠ ᠦᠬᠡᠷ ᠬᠤᠨᠢᠨ ᠮᠢᠬᠠᠨ ᠤ ᠪᠣᠷᠣᠯᠠᠭᠤᠯᠭ᠎ᠠ ᠶᠢ ᠨᠠᠩ ᠥᠷᠭᠡᠳᠬᠡᠵᠦ᠂ ᠵᠢᠭᠤᠯᠴᠢᠯᠠᠯ ᠢ ᠨᠠᠩ ᠬᠥᠭᠵᠢᠶᠡᠨᠲᠡᠶ ᠪᠣᠯᠭᠠᠨ᠎ᠠ︾ ᠭᠡᠵᠤ ᠬᠡᠯᠡᠨ᠎ᠡ᠃     ᠨᠢᠳᠤᠨᠤᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠯᠵᠢᠬᠤ ᠣᠷᠣᠨ ᠤ ᠣᠨᠴᠠ ᠭᠠᠷᠤᠯᠲᠠ ᠶᠢᠨ ᠪᠣᠷᠣᠯᠠᠭᠤᠯᠭ᠎ᠠ ᠬᠦᠴᠢᠷᠳᠡᠯᠲᠡᠶ ᠪᠤᠯᠵᠦ᠂ ᠵᠢᠭᠤᠯᠴᠢᠯᠠᠯ ᠤᠨ ᠦᠢᠯᠡᠰ ᠵᠣᠭᠰᠣᠩᠭᠢᠷᠠᠪᠠ᠃ ᠤᠴᠢᠪᠠᠭᠠᠲᠤᠷ ᠪᠣᠯᠤᠨ ᠲᠡᠭᠦᠨ ᠤ ᠪᠦᠯᠬᠦᠮ ᠤᠨ ᠬᠢᠨ ᠰᠢᠨ᠎ᠡ ᠵᠠᠭᠤᠴᠢᠯᠠᠭᠤᠷ ᠤᠨ ᠠᠵᠢᠯᠯᠠᠬᠤ ᠲᠠᠰᠤᠭ ᠪᠠᠶᠢᠭᠤᠯᠵᠤ᠂ ᠲᠠᠯ᠎ᠠ ᠨᠤᠲᠤᠭ ᠲᠤ ᠬᠦᠨᠵᠡᠭᠡᠶᠢᠷᠠᠨ᠂ ᠮᠠᠯᠴᠢᠳ ᠢ ᠬᠠᠪᠰᠤᠷᠤᠨ ᠪᠤᠯᠪᠠᠰᠤᠷᠠᠯ ᠬᠦᠷᠳᠡᠭᠡᠵᠤ ᠬᠤᠪᠢ ᠶᠢᠨ ᠵᠠᠭᠤᠴᠢᠯᠠᠭᠤᠷ ᠢ ᠠᠰᠢᠬᠯᠡᠨ ᠤᠬᠠᠭᠤᠯᠤᠨ ᠪᠤᠷᠤᠯᠠᠭᠤᠯᠪᠠ᠃ ᠬᠠᠭᠤᠴᠢᠨ ᠪᠠᠷᠭᠤ ᠬᠤᠰᠢᠭᠤᠨ ᠤ ᠡᠸᠡᠩᠬᠢ ᠰᠤᠮᠤ ᠶᠢᠨ ᠮᠠᠯᠴᠢᠨ ᠪᠠᠳᠤᠰᠠᠶᠢᠬᠠᠨ ᠪᠣᠯᠤᠨ ᠰᠢᠨ᠎ᠡ ᠪᠠᠷᠭᠤ ᠵᠡᠭᠦᠨ ᠬᠤᠰᠢᠭᠤᠨ ᠤ ᠭᠠᠴᠠᠭᠠᠨ ᠤ ᠨᠠᠮ ᠤᠨ ᠡᠬᠦᠷ ᠤᠨ ᠳᠡᠳ᠋ ᠱᠦᠵᠢ ᠵᠠᠯᠠᠭᠤ ᠮᠠᠯᠴᠢᠨ ᠥᠨᠢᠷ ᠬᠤᠶᠠᠭᠤᠯᠠ ᠰᠤᠷᠤᠯᠴᠠᠯᠭ᠎ᠠ ᠪᠠᠷ ᠳᠡᠮᠵᠢᠨ ᠦᠨᠳᠦᠰᠦᠲᠡᠨ ᠤ ᠠᠮᠲᠠᠲᠤ ᠢᠳᠡᠭᠡᠨ ᠪᠠ ᠲᠠᠯ᠎ᠠ ᠨᠤᠲᠤᠭ ᠤᠨ ᠥᠩᠭᠡ ᠦᠵᠡᠮᠵᠢ ᠶᠢ ᠲᠠᠮᠵᠢᠭᠤᠯᠤᠨ ᠳᠡᠯᠭᠡᠷᠡᠭᠦᠯᠵᠦ᠂ ᠶᠡᠭᠡ ᠤᠯᠠᠨ ᠬᠦᠷᠢᠶᠠᠯᠡᠭᠴᠢ ᠪᠠ ᠣᠨᠴᠠ ᠭᠠᠷᠤᠯᠲᠠ ᠶᠢᠨ ᠵᠠᠬᠢᠶᠠᠯᠠᠭ᠎ᠠ ᠶᠢᠨ ᠬᠠᠭᠤᠳᠠᠰᠤ ᠶᠢ ᠲᠤᠰᠴᠤ᠂ ᠵᠢᠯ ᠤᠨ ᠣᠷᠣᠯᠭ᠎ᠠ ᠨᠢ 3 ᠳᠠᠬᠢᠨ ᠢᠶᠠᠷ ᠨᠡᠮᠡᠭᠳᠡᠪᠡ᠃     ︽ᠦᠨᠳᠦᠰᠦᠲᠡᠨ ᠤ ᠦᠭᠡ ᠬᠡᠯᠡ ᠶᠢ ᠬᠡᠷᠡᠭᠯᠡᠬᠦ ᠨᠢ ᠠᠭᠤᠯᠭ᠎ᠠ ᠶᠢ ᠲᠠᠮᠵᠢᠭᠤᠯᠬᠤ ᠬᠤᠷᠳᠤᠴᠠ ᠵᠢᠴᠢ ᠲᠠᠮᠵᠢᠭᠤᠯᠬᠤ ᠬᠡᠮᠵᠢᠶ᠎ᠡ ᠶᠢ ᠶᠡᠭᠡ ᠪᠠᠷ ᠬᠢᠵᠠᠭᠠᠷᠯᠠᠪᠠ᠂ ᠪᠥᠬᠦ ᠤᠯᠤᠰ ᠤᠨ ᠠᠷᠠᠳ ᠲᠤ ᠮᠠᠯᠵᠢᠬᠤ ᠣᠷᠣᠨ ᠪᠠ ᠨᠡᠭᠦᠳᠡᠯ ᠮᠠᠯᠵᠢᠯ ᠤᠨ ᠰᠣᠶᠣᠯ ᠢ ᠣᠶᠢᠯᠠᠭᠠᠭᠤᠯᠬᠤ ᠶᠢᠨ ᠲᠥᠯᠥᠭᠡ᠂ ᠪᠢᠳᠡ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠵᠦᠴᠦᠭᠡ ᠰᠡᠭᠦᠳᠡᠷᠯᠡᠨ ᠰᠢᠩᠬᠡᠬᠡᠵᠦ ᠵᠣᠬᠢᠶᠠᠨ ᠪᠢᠴᠢᠵᠦ᠂ ᠶᠡᠭᠡ ᠬᠡᠮᠵᠢᠶᠡᠨ ᠤ ᠰᠠᠶᠢᠰᠢᠶᠠᠯ ᠢ ᠤᠯᠵᠦ ᠤᠯᠠᠨᠳᠠ ᠨᠡᠪᠲᠡᠷᠡᠭᠦᠯᠦᠭᠳᠡᠵᠡᠢ︾ ᠭᠡᠵᠦ ᠮᠠᠯᠴᠢᠨ ᠥᠨᠢᠷ ᠬᠡᠯᠡᠨ᠎ᠡ᠃     ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠤᠪᠢ ᠶᠢᠨ ᠵᠠᠭᠤᠴᠢᠯᠠᠭᠤᠷ ᠳᠡᠭᠡᠷ᠎ᠡ ᠪᠠᠨ ᠤᠬᠠᠭᠤᠯᠭ᠎ᠠ ᠬᠢᠪᠡᠯ᠂ ᠮᠠᠨ ᠤ ᠮᠠᠯᠵᠢᠯ ᠤᠨ ᠲᠠᠯᠠᠪᠠᠢ ᠨᠢ ᠲᠠᠷᠤᠢ ᠨᠠᠷᠢᠯᠢᠭ ᠰᠠᠶᠢᠬᠠᠨ ᠵᠢᠭᠤᠯᠴᠢᠯᠠᠯ ᠤᠨ ᠪᠠᠭᠤᠳᠠᠯ ᠪᠣᠯᠴᠢᠬᠠᠨ᠎ᠠ᠂ ᠮᠠᠨ ᠤ ᠦᠬᠡᠷ ᠬᠤᠨᠢ ᠪᠠᠨ ᠤᠯᠠᠷᠢᠯ ᠲᠠᠭᠠᠵᠦ ᠪᠤᠷᠤᠯᠠᠭᠤᠯᠬᠤ ᠴᠢᠬᠤᠯᠠ ᠦᠭᠡᠢ᠂ ᠡᠳᠦᠷ ᠪᠦᠷᠢ ᠴᠢᠨᠠᠷ ᠰᠠᠶᠢᠲᠠᠢ ᠴᠠᠭᠠᠨ ᠢᠳᠡᠭᠡᠨ ᠪᠠ ᠤᠯᠠᠭᠠᠨ ᠢᠳᠡᠭᠡᠨ ᠢᠶᠠᠨ ᠪᠤᠷᠤᠯᠠᠭᠤᠯᠵᠦ ᠪᠣᠯᠤᠨ᠎ᠠ︾ ᠭᠡᠵᠦ ᠮᠠᠯᠴᠢᠨ ᠪᠠᠲᠤᠰᠠᠶᠢᠬᠠᠨ ᠰᠤᠷᠪᠤᠯᠵᠢᠯᠠᠭᠴᠢ ᠳᠤ ᠬᠡᠯᠡᠪᠡ᠃     ︽ᠬᠥᠳᠡᠭᠡ ᠲᠣᠰᠬᠤᠨ ᠢᠶᠠᠷ ᠰᠦᠯᠵᠢᠶᠡᠨ ᠤᠳᠤᠨ ᠤ ᠪᠤᠶᠢᠵᠢᠯᠳᠠ ᠶᠢ ᠠᠭᠢᠭᠤᠯᠵᠤ᠂ ᠰᠦᠯᠵᠢᠶᠡᠨ ᠤᠳᠤᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾᠃ ᠤᠴᠢᠪᠠᠭᠠᠲᠤᠷ ᠥᠪᠡᠷ ᠤᠨ ᠬᠠᠶᠢᠷᠠᠲᠠᠶ ᠵᠠᠭᠤᠴᠢᠯᠠᠭᠤᠷ ᠤᠨ ᠦᠢᠯᠡᠰ ᠢᠶᠠᠨ ᠰᠠᠶᠢᠲᠤᠷ ᠬᠢᠬᠦ ᠢᠲᠡᠭᠡᠯ ᠲᠡᠬᠦᠯᠳᠡᠷ ᠪᠠᠶᠢᠵᠦ᠂ ᠨᠠᠩ ᠣᠯᠠᠨ ᠮᠠᠯᠴᠢᠳ ᠢ ᠳᠠᠶᠢᠴᠢᠯᠠᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠤᠲᠤᠭ ᠤᠰᠤ ᠪᠠᠨ ᠤᠬᠠᠭᠤᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠴᠢᠷᠮᠠᠶᠢᠬᠰᠠᠭᠠᠷ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号