ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 73 ᠵᠢᠯ ᠤᠨ ᠤᠢ ᠳᠤ ᠵᠣᠷᠢᠭᠤᠯᠵᠤ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠦᠨ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2021/9/14
     9 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 73 ᠵᠢᠯ ᠤᠨ ᠤᠢ ᠳᠤ ᠵᠣᠷᠢᠭᠤᠯᠵᠤ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠷᠢᠶᠠᠨ ᠳᠠᠷᠤᠭ᠎ᠠ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠥᠬᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠲᠤᠷᠰᠢ᠂ ᠰᠣᠯᠣᠩᠭᠤᠰ ᠤᠨ ᠬᠥᠳᠡᠯᠮᠦᠷᠢᠴᠢᠨ ᠤ ᠨᠠᠮ ᠰᠣᠯᠣᠩᠭᠤᠰ ᠤᠨ ᠠᠷᠠᠳ ᠲᠦᠮᠡᠨ ᠢ ᠪᠦᠯᠬᠦᠮᠳᠡᠭᠦᠯᠦᠨ ᠤᠳᠤᠷᠢᠳᠴᠤ ᠴᠥᠬᠦᠷᠡᠰᠢ ᠥᠬᠡᠶ ᠴᠢᠷᠮᠠᠶᠢᠵᠤ᠂ ᠨᠡᠶᠢᠭᠡᠮ ᠵᠢᠷᠤᠮ ᠤᠨ ᠦᠢᠯᠡᠰ ᠤᠨ ᠯᠤᠲᠤ ᠶᠡᠭᠡ ᠠᠮᠵᠢᠯᠲᠠ ᠤᠯᠬᠤ ᠶᠢ ᠠᠬᠢᠭᠤᠯᠪᠠ᠃ ᠨᠥᠬᠦᠷ ᠪᠠ ᠨᠠᠶᠢᠵᠠ ᠶᠢᠨ ᠬᠤᠪᠢ ᠳᠤ᠂ ᠡᠭᠦᠨ ᠳᠤ ᠪᠢᠳᠡ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠡ᠃ ᠣᠳᠣᠬᠠᠨ ᠳᠤ᠂ ᠰᠣᠯᠣᠩᠭᠤᠰ ᠤᠨ ᠠᠷᠠᠳ ᠲᠦᠮᠡᠨ ᠶᠠᠭ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠨᠠᠢᠮᠠᠳᠤᠭᠠᠷ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ ᠪᠠᠶᠢᠨ᠎ᠡ᠃ ᠶᠡᠷᠦᠩᠬᠡᠢ ᠱᠦᠵᠢ ᠨᠥᠬᠦᠷ ᠢᠶᠠᠷ ᠲᠦᠷᠦᠭᠦᠯᠡᠭᠦᠯᠦᠭᠰᠡᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠣᠯᠣᠩᠭᠤᠰ ᠤᠨ ᠠᠷᠠᠳ ᠲᠦᠮᠡᠨ ᠪᠦᠯᠬᠦᠮᠳᠡᠨ ᠲᠡᠮᠡᠴᠡᠵᠤ᠂ ᠯᠠᠪᠲᠠᠶ᠎ᠠ ᠤᠯᠤᠰ ᠢᠶᠠᠨ ᠨᠡᠩ ᠰᠠᠶᠢᠲᠤᠷ ᠪᠦᠳᠦᠭᠡᠨ ᠪᠠᠶᠢᠭᠤᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠡ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠶᠠᠪᠤᠬᠤ ᠳᠤᠳᠤᠮ ᠪᠠᠬᠢᠵᠢᠵᠤ᠂ ᠬᠤᠶᠠᠷ ᠲᠠᠯ᠎ᠠ ᠶᠢᠨ ᠬᠠᠮᠲᠤ ᠶᠢᠨ ᠡᠷᠬᠢᠮ ᠨᠠᠨᠳᠢᠨ ᠥᠪ ᠬᠦᠷᠦᠩᠬᠡ ᠪᠣᠯᠵᠠᠢ᠃ ᠤᠢᠢᠷ᠎ᠠ ᠶᠢᠨ ᠵᠢᠯ ᠠᠴᠠ᠂ ᠪᠢ ᠶᠡᠷᠦᠩᠬᠡᠢ ᠱᠦᠵᠢ ᠨᠥᠬᠦᠷ ᠲᠠᠢ ᠨᠢᠭᠲᠠ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠲᠣᠭᠲᠠᠭᠤᠨ ᠢᠶᠠᠷ ᠤᠷᠤᠭᠰᠢ ᠬᠥᠭᠵᠢᠬᠦ ᠶᠢ ᠬᠦᠳᠦᠯᠥᠨ ᠳᠠᠭᠠᠭᠤᠯᠵᠤ᠂ ᠲᠠᠰᠤᠷᠠᠯᠳᠡ ᠦᠭᠡᠢ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠤ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠳᠤ ᠰᠢᠨ᠎ᠡ ᠠᠭᠤᠯᠤᠭᠳᠠᠬᠤᠨ ᠨᠡᠮᠡᠷᠢᠯᠡᠪᠡ᠃ ᠪᠢ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶ ᠱᠦᠵᠢ ᠨᠥᠬᠦᠷ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ ᠬᠤᠶᠠᠷ ᠤᠯᠤᠰ ᠪᠣᠯᠤᠨ ᠬᠤᠶᠠᠷ ᠤᠯᠤᠰ  ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号