ᠯᠢ ᠺᠧ ᠴᠢᠶᠠᠩ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠳᠤ ᠣᠷᠣᠯᠴᠠᠬᠤ ᠳᠤ ᠪᠠᠨ ᠬᠥᠷᠰᠢ ᠵᠡᠷᠭᠡᠯᠡᠳᠡᠭᠡ ᠶᠢᠨ | ᠨᠥᠬᠦᠷᠰᠡᠭ ᠬᠠᠷᠢᠯᠴᠠᠭ᠎ᠠ ᠶᠢ ᠪᠠᠷᠢᠮᠲᠠᠯᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠵᠦ᠂ ᠳᠡᠳ᠋ ᠣᠷᠣᠨ | ᠪᠦᠰᠡ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠭᠠᠵᠠᠷ ᠣᠷᠣᠨ ᠤ ᠠᠮᠤᠷ ᠲᠣᠭᠲᠠᠭᠤᠨ ᠪᠠᠶᠢᠳᠠᠯ ᠢ ᠬᠠᠮᠠᠭᠠᠯᠠᠶ᠎ᠠ ᠭᠡᠵᠦ | ᠴᠢᠬᠤᠯᠠᠴᠢᠯᠠᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 9 ᠤ | ᠡᠳᠦᠷ ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠡᠭᠡ ᠮᠸᠢᠢᠭᠤᠩ ᠮᠥᠷᠡᠨ ᠤ ᠳᠡᠳ᠋ ᠣᠷᠣᠨ | ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠺᠠᠮᠪᠣᠵᠠ ᠶᠢᠨ ᠲᠡᠷᠢᠭᠦᠨ ᠰᠠᠶᠢᠳ ᠬᠤᠨᠰᠧᠨ ᠬᠤᠷᠠᠯ ᠢ ᠡᠷᠬᠢᠯᠡᠵᠦ᠂ ᠯᠠᠤᠰ ᠤᠨ | ᠵᠠᠰᠠᠭ ᠤᠨ ᠣᠷᠳᠣᠨ ᠤ ᠶᠡᠷᠦᠩᠬᠡᠢ ᠰᠠᠶᠢᠳ ᠫᠠᠨᠺᠠᠮ᠂ ᠪᠢᠷᠮᠠ ᠶᠢᠨ ᠤᠯᠤᠰ ᠤᠨ ᠬᠠᠮᠢᠶᠠᠷᠤᠯᠲᠠ ᠶᠢᠨ ᠵᠥᠪᠯᠡᠯ ᠤᠨ | ᠲᠡᠷᠢᠭᠦᠯᠡᠭᠴᠢ ᠮᠢᠨ ᠠᠦ᠋ᠩ ᠾᠯᠠᠶᠢᠩ᠂ ᠲᠠᠢ ᠤᠯᠤᠰ ᠤᠨ ᠶᠡᠷᠦᠩᠬᠡᠢ ᠰᠠᠶᠢᠳ ᠫᠷᠠᠶᠦ᠋ᠲ᠂ ᠸᠢᠶᠧᠲᠨᠠᠮ ᠤᠨ ᠶᠡᠷᠦᠩᠬᠡᠢ | ᠰᠠᠶᠢᠳ ᠹᠠᠨ ᠮᠢᠩ ᠵᠧᠩ ᠪᠣᠯᠤᠨ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠠᠰᠠᠺᠠᠸᠠ | ᠮᠠᠰᠠᠼᠦᠬᠦ ᠬᠤᠷᠠᠯ ᠳᠤ ᠣᠷᠣᠯᠴᠠᠪᠠ᠃ ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠶᠠᠪᠤᠭᠳᠠᠪᠠ᠃ | | | | | | | | | | | | ᠯᠢ ᠺᠧ ᠴᠢᠶᠠᠩ ᠶᠠᠷᠢᠶᠠᠨ ᠳᠤ ᠪᠠᠨ᠂ ᠳᠤᠮᠳᠠᠳᠤ ᠤᠯᠤᠰ ᠪᠣᠯᠤᠨ ᠮᠸᠢᠢᠭᠤᠩ ᠮᠥᠷᠡᠨ ᠤ ᠤᠯᠤᠰ ᠤᠳ ᠪᠣᠯ | ᠬᠥᠷᠰᠢ ᠵᠡᠷᠭᠡᠯᠡᠳᠡᠭᠡ ᠤᠯᠤᠰ ᠪᠠᠶᠢᠵᠤ᠂ ᠨᠢᠭᠡ ᠭᠡᠷ ᠤᠨ ᠬᠥᠮᠦᠨ ᠰᠢᠭ ᠣᠶᠢᠷ᠎ᠠ ᠳᠣᠲᠣᠨᠣ ᠪᠠᠶᠢᠳᠠᠭ᠃ ᠰᠢ ᠶᠢᠨ ᠫᠢᠩ | ᠲᠡᠷᠢᠭᠦᠯᠡᠭᠴᠢ᠂ ᠡᠷᠬᠢᠨ ᠲᠣᠭᠤᠷᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ ᠭᠡᠵᠦ | ᠳᠤᠷᠠᠳᠪᠠ᠃ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠲᠠᠴᠠ | ᠪᠠᠶᠢᠭᠤᠯᠤᠭᠳᠠᠭᠰᠠᠨ ᠠᠴᠠ ᠨᠠᠭᠠᠰᠢ᠂ ᠥᠪᠡᠷ ᠥᠪᠡᠷ ᠤᠨ ᠤᠯᠤᠰ ᠤᠨ ᠢᠶᠠᠨ ᠠᠵᠤ ᠠᠬᠤᠶ ᠨᠡᠶᠢᠭᠡᠮ ᠤᠨ ᠬᠥᠭᠵᠢᠯᠲᠡ ᠪᠠ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠠᠰᠢᠭ ᠬᠦᠷᠲᠡᠭᠡᠵᠦ᠂ ᠭᠠᠵᠠᠷ ᠣᠷᠣᠨ ᠤ ᠲᠣᠭᠲᠠᠭᠤᠨ ᠪᠠᠶᠢᠳᠠᠯ ᠪᠠ | ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ ᠭᠡᠵᠦ ᠢᠯᠡᠷᠬᠡᠶᠢᠯᠡᠪᠡ᠃ | | | | | | | | | | | | | | ᠯᠢ ᠺᠧ ᠴᠢᠶᠠᠩ ᠵᠢᠭᠠᠬᠤ ᠳᠤ ᠪᠠᠨ᠂ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠲᠠᠬᠢᠨ ᠳᠠᠪᠲᠠᠨ ᠥᠷᠪᠢᠰᠴᠦ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ | ᠪᠤᠰᠤ ᠴᠢᠨᠠᠷ᠂ ᠥᠯᠥ ᠮᠡᠳᠡᠬᠦ ᠴᠢᠨᠠᠷ ᠨᠡᠮᠡᠭᠳᠡᠵᠦ᠂ ᠳᠡᠳ᠋ ᠣᠷᠣᠨ ᠪᠦᠰᠡ ᠶᠢᠨ ᠡᠯ᠎ᠡ ᠤᠯᠤᠰ ᠤᠨ ᠠᠵᠤ ᠠᠬᠤᠢ ᠶᠢᠨ | ᠰᠡᠷᠭᠦᠯᠲᠡ ᠪᠣᠯᠤᠨ ᠦᠷᠭᠦᠯᠵᠢᠯᠡᠬᠦᠶᠢᠴᠡ ᠨᠡᠮᠡᠭᠳᠡᠯ ᠨᠢ ᠰᠢᠨ᠎ᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ ᠪᠢᠳᠡ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ | ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠳᠡᠳ᠋ | ᠣᠷᠣᠨ ᠪᠦᠰᠡ ᠶᠢᠨ ᠦᠷᠭᠦᠯᠵᠢᠯᠡᠬᠦᠶᠢᠴᠡ ᠪᠠ ᠪᠠᠭᠲᠠᠭᠠᠮᠵᠢᠲᠤ ᠬᠥᠭᠵᠢᠯᠲᠡ ᠶᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠡᠢ᠃ | ᠯᠢ ᠺᠧ ᠴᠢᠶᠠᠩ ᠡᠭᠦᠨ ᠤ ᠲᠤᠬᠠᠢ ᠵᠢᠷᠭᠤᠭᠠᠨ ᠲᠠᠯ᠎ᠠ ᠶᠢᠨ ᠰᠠᠨᠠᠭᠤᠯᠭ᠎ᠠ ᠳᠤᠷᠠᠳᠪᠠ᠄ | ᠨᠢᠭᠡ ᠳᠤ᠂ ᠤᠰᠤᠨ ᠤ ᠡᠬᠢ ᠪᠠᠶᠠᠯᠢᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠡᠷᠭᠢ ᠳᠠᠭᠠᠤ | ᠤᠯᠤᠰ ᠤᠳ ᠲᠤ ᠪᠤᠶᠠᠨ ᠦᠢᠯᠡᠳᠦᠨ᠎ᠡ᠃ ᠡᠯ᠎ᠡ ᠤᠯᠤᠰ ᠤᠨ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ | ᠠᠰᠢᠭᠯᠠᠬᠤ ᠵᠦᠢ ᠶᠣᠰᠣᠨ ᠤ ᠡᠷᠬᠡ ᠠᠰᠢᠭ ᠢ ᠭᠦᠢᠴᠡᠳ ᠬᠦᠨᠳᠦᠳᠬᠡᠵᠦ᠂ ᠤᠴᠢᠷ ᠶᠠᠪᠤᠳᠠᠯ ᠪᠠᠶᠢᠪᠠᠯ ᠤᠯᠠᠨ ᠢᠶᠠᠷ ᠢᠶᠠᠨ | ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠡᠷᠡᠭᠲᠡᠶ᠃ ᠳᠤᠮᠳᠠᠳᠤ ᠶᠢᠨ ᠲᠠᠯ᠎ᠠ ᠶᠢᠨ ᠬᠢᠨ ᠨᠢᠳᠤᠨᠤᠨ ᠠᠴᠠ ᠡᠬᠢᠯᠡᠨ | ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠲᠥᠰᠦᠪ ᠤᠨ ᠳᠣᠣᠷ᠎ᠠ | ᠮᠸᠢᠢᠭᠤᠩ ᠮᠥᠷᠡᠨ ᠤ ᠲᠠᠪᠤᠨ ᠤᠯᠤᠰ ᠲᠤ ᠯᠠᠨᠼᠠᠩᠵᠢᠶᠠᠩ ᠮᠥᠷᠡᠨ ᠤ ᠪᠦᠬᠦ ᠵᠢᠯ ᠤᠨ ᠤᠰᠤᠨ ᠵᠦᠢ ᠶᠢᠨ ᠮᠡᠳᠡᠭᠡ | ᠵᠠᠩᠭᠢ ᠶᠢ ᠬᠠᠩᠭᠠᠵᠤ᠂ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ ᠤᠰᠤᠨ ᠤ ᠡᠬᠢ ᠪᠠᠶᠠᠯᠢᠭ ᠤᠨ | ᠬᠠᠮᠲᠤᠷᠠᠯᠴᠠᠭᠠᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠤᠨ ᠰᠦᠯᠵᠢᠶ᠎ᠡ ᠶᠢ ᠬᠠᠮᠤᠭ ᠤᠨ | ᠲᠡᠷᠢᠭᠦᠨ ᠳᠤ ᠨᠡᠪᠲᠡᠷᠡᠭᠦᠯᠪᠡ᠃ ᠬᠤᠶᠠᠳᠤᠭᠠᠷ ᠬᠤᠭᠤᠴᠠᠭᠠᠨ ᠤ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠤ | ᠤᠰᠤᠨ ᠤ ᠡᠬᠢ ᠪᠠᠶᠠᠯᠢᠭ ᠤᠨ ᠬᠠᠮᠲᠤᠷᠠᠯᠴᠠᠭᠠᠨ ᠤ ᠰᠠᠶᠢᠳ ᠤᠨ ᠳᠡᠰ ᠤᠨ ᠬᠤᠷᠠᠯ ᠪᠣᠯᠤᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠢ ᠬᠠᠮᠲᠤ ᠪᠠᠷ ᠰᠠᠶᠢᠲᠤᠷ ᠡᠷᠬᠢᠯᠡᠵᠦ᠂ ᠳᠡᠭᠡᠳᠦ ᠲᠤᠤᠷᠠᠳᠤ ᠤᠷᠤᠰᠬᠠᠯ ᠤᠨ ᠪᠦᠯᠬᠦᠮᠳᠡᠯ ᠬᠠᠮᠲᠤᠷᠠᠯᠴᠠᠭ᠎ᠠ ᠶᠢ | ᠴᠢᠩᠭᠠᠳᠬᠠᠵᠤ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠤᠰᠤᠨ ᠤ ᠡᠬᠢ ᠪᠠᠶᠠᠯᠢᠭ ᠢ ᠬᠠᠮᠢᠶᠠᠷᠬᠤ ᠴᠢᠳᠠᠪᠤᠷᠢ ᠶᠢ | ᠳᠡᠭᠡᠭᠰᠢᠯᠡᠭᠦᠯᠬᠦ ᠶᠢ ᠬᠦᠰᠡᠮᠵᠢᠯᠡᠵᠦ ᠪᠠᠶᠢᠨ᠎ᠠ᠃ | ᠬᠤᠶᠠᠷ ᠲᠤ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠭᠠᠷ ᠭᠠᠷ ᠢᠶᠠᠨ ᠬᠤᠯᠪᠣᠯᠴᠠᠨ ᠰᠠᠶᠢᠲᠤᠷ ᠬᠢᠨ᠎ᠡ᠃ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ | ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ | ᠬᠠᠮᠲᠤᠷᠠᠯᠴᠠᠭ᠎ᠠ ᠶᠢ ᠬᠠᠮᠲᠤ ᠪᠠᠷ ᠥᠷᠨᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ ᠦᠷᠭᠦᠯᠵᠢᠯᠡᠨ ᠴᠢᠳᠠᠯ ᠤᠨ | ᠬᠢᠷᠢ ᠪᠠᠷ ᠢᠶᠠᠨ ᠮᠸᠢᠢᠭᠤᠩ ᠮᠥᠷᠡᠨ ᠤ ᠤᠯᠤᠰ ᠤᠳ ᠲᠤ ᠸᠠᠺᠼᠢᠨ ᠵᠡᠷᠭᠡ ᠡᠮᠴᠢᠯᠡᠭᠡᠨ ᠤ ᠡᠳ᠋ ᠪᠣᠳᠠᠰ ᠤᠨ ᠲᠤᠰᠠᠯᠠᠮᠵᠢ ᠶᠢ | ᠤᠷᠢᠳ ᠢᠶᠠᠷ ᠬᠠᠩᠭᠠᠵᠤ᠂ ᠨᠢᠭᠡᠨᠲᠡ ᠪᠠᠶᠢᠭᠤᠯᠤᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠢ ᠪᠡᠯᠡ | ᠮᠥᠩᠭᠦ ᠶᠢ ᠠᠰᠢᠭᠯᠠᠵᠤ᠂ ᠬᠢᠵᠢᠭ ᠤᠨ ᠪᠠᠶᠢᠳᠠᠯ ᠢ ᠬᠢᠨᠠᠨ ᠰᠢᠨᠵᠢᠯᠡᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ | ᠬᠠᠮᠲᠤᠷᠠᠯᠴᠠᠭ᠎ᠠ ᠶᠢ ᠳᠤᠷᠠᠲᠠᠶ᠎ᠠ ᠥᠷᠨᠢᠭᠦᠯᠦᠨ᠎ᠡ᠃ | ᠭᠤᠷᠪᠠ ᠳᠤ᠂ ᠠᠷᠠᠯᠵᠢᠶᠠᠨ ᠤ ᠪᠡᠯᠡ ᠣᠷᠣᠭᠤᠯᠤᠯᠲᠠ ᠶᠢ ᠴᠢᠩᠭᠠᠳᠬᠠᠵᠤ᠂ ᠠᠵᠤ ᠠᠬᠤᠶ ᠶᠢᠨ ᠰᠡᠷᠭᠦᠯᠲᠡ ᠶᠢ | ᠬᠠᠮᠲᠤ ᠪᠠᠷ ᠠᠬᠢᠭᠤᠯᠤᠨ᠎ᠠ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ | ᠬᠡᠯᠡᠯᠴᠡᠭᠡᠷ︾ ︵RCEP︶ ᠢ ᠬᠠᠷᠭᠤᠭᠤᠯᠤᠨ ᠵᠥᠪᠰᠢᠶᠡᠷᠡᠬᠦ ᠶᠢ ᠠᠬᠢᠭᠤᠯᠬᠤ ᠶᠢᠨ ᠬᠠᠮᠲᠤ ᠠᠯᠢ ᠲᠥᠷᠭᠡᠨ ᠢᠶᠠᠷ | ᠬᠡᠷᠡᠭᠵᠢᠭᠦᠯᠵᠦ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠬᠤᠯᠪᠣᠭᠠᠨ ᠤ ᠴᠢᠯᠥᠭᠡᠲᠦ ᠠᠷᠠᠯᠵᠢᠶᠠᠨ ᠤ | ᠣᠷᠣᠨ ᠢ ᠲᠡᠰ ᠳᠡᠪᠰᠢᠭᠦᠯᠬᠦ ︽ᠵᠥᠪᠯᠡᠨ ᠲᠣᠭᠲᠠᠭᠠᠭᠰᠠᠨ ᠪᠢᠴᠢᠭ︾ ᠢ ᠰᠠᠶᠢᠲᠤᠷ ᠨᠠᠶᠢᠳᠠᠪᠤᠷᠢᠵᠢᠭᠤᠯᠵᠤ᠂ ᠳᠡᠳ᠋ ᠣᠷᠣᠨ | ᠪᠦᠰᠡ ᠶᠢᠨ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠨ᠎ᠡ᠃ | ᠲᠦᠷᠪᠡ ᠳᠤ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠵᠣᠬᠢᠴᠠᠯᠳᠤᠨ ᠬᠥᠭᠵᠢᠬᠦ ᠶᠢ | ᠪᠡᠶᠡᠯᠡᠭᠦᠯᠦᠨ᠎ᠡ᠃ ︽2030 ᠣᠨ ᠤ ᠵᠠᠮ ᠬᠠᠷᠢᠯᠴᠠᠭᠠᠨ ᠤ ᠪᠠᠶᠢᠯᠳᠤᠬᠤ ᠪᠣᠳᠣᠯᠭ᠎ᠠ︾ ᠶᠢ ᠨᠠᠶᠢᠳᠠᠪᠤᠷᠢᠵᠢᠭᠤᠯᠵᠤ᠂ | ᠳᠤᠮᠳᠠᠳᠤ ᠯᠠᠤᠰ ᠤᠨ ᠲᠡᠮᠦᠷ ᠵᠠᠮ ᠤᠨ ᠤᠳᠠᠯ ᠥᠬᠡᠶ ᠲᠡᠷᠭᠡ ᠨᠡᠪᠲᠡᠷᠡᠬᠦ ᠭᠡᠵᠦ ᠪᠠᠶᠢᠭ᠎ᠠ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠳᠤᠮᠳᠠᠳᠤ ᠲᠠᠢ ᠬᠤᠶᠠᠷ ᠤᠯᠤᠰ ᠤᠨ ᠲᠡᠮᠦᠷ ᠵᠠᠮ᠂ ᠫᠨᠣᠮ ᠪᠧᠩ — | ᠰᠢᠬᠠᠨᠦ᠋ᠺᠧ ᠭᠠᠷᠠᠮ ᠤᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠳᠬᠡᠨ | ᠪᠠᠶᠢᠭᠤᠯᠵᠤ᠂ ᠣᠷᠣᠨ ᠪᠦᠰᠡ ᠶᠢᠨ ᠴᠠᠬᠢᠯᠭᠠᠨ ᠬᠦᠴᠦᠨ ᠤ ᠵᠣᠬᠢᠴᠠᠭᠤᠯᠬᠤ ᠲᠥᠪ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠤᠨ᠎ᠠ᠃ | ᠲᠠᠪᠤ ᠳᠤ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ | ᠭᠤᠣᠯᠯᠠᠬᠤ ᠣᠷᠴᠢᠨ ᠲᠣᠭᠤᠷᠢᠨ ᠤ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠬᠤᠶ ᠪᠠᠶᠢᠳᠠᠯ ᠳᠣᠤᠷᠠᠬᠢ ᠵᠢᠭᠤᠯᠴᠢᠯᠠᠯ ᠤᠨ | ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ᠎ᠡ᠃ | ᠵᠢᠷᠭᠤᠭ᠎ᠠ ᠳᠤ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠳᠡᠳ᠋ ᠣᠷᠣᠨ ᠪᠦᠰᠡ ᠶᠢᠨ | ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠬᠥᠷᠰᠢ ᠵᠡᠷᠭᠡᠯᠡᠳᠡᠭᠡ ᠤᠯᠤᠰ ᠤᠳ ᠨᠥᠬᠦᠷᠰᠡᠭ ᠢᠶᠠᠷ | ᠬᠠᠷᠢᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠡᠷᠬᠡ ᠲᠡᠭᠰᠢ ᠪᠠᠷ ᠬᠠᠨᠳᠤᠬᠤ ᠶᠢ ᠢᠮᠠᠭᠲᠠ ᠪᠠᠷᠢᠮᠲᠠᠯᠠᠵᠤ᠂ ᠲᠤᠰ | ᠲᠤᠰ ᠤᠨ ᠢᠶᠠᠨ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠷᠠᠭᠠᠯᠵᠠᠨ᠎ᠠ᠃ ᠤᠯᠠᠨ ᠲᠠᠯᠠᠲᠤ ᠦᠵᠡᠯ ᠢ | ᠢᠮᠠᠭᠲᠠ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠤᠨ᠎ᠠ᠃ ᠨᠡᠭᠡᠭᠡᠯᠲᠡᠲᠡᠢ | ᠪᠠᠭᠲᠠᠭᠠᠮᠵᠢᠲᠠᠢ ᠣᠨᠣᠯᠵᠢᠬᠤᠨ ᠢ ᠢᠮᠠᠭᠲᠠ ᠰᠠᠨᠠᠭᠠᠴᠢᠯᠠᠵᠤ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ | ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭ᠎ᠠ ᠪᠣᠯᠤᠨ ᠯᠠᠨᠼᠠᠩᠵᠢᠶᠠᠩ ᠮᠥᠷᠡᠨ — ᠮᠸᠢᠢᠭᠤᠩ ᠮᠥᠷᠡᠨ ᠵᠡᠷᠭᠡ ᠲᠣᠭᠲᠠᠴᠠ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ | ᠯᠢ ᠺᠧ ᠴᠢᠶᠠᠩ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠢ ᠲᠠᠨᠢᠯᠴᠠᠭᠤᠯᠵᠤ᠂ ᠬᠥᠭᠵᠢᠯᠲᠡ ᠪᠣᠯ | ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ | ᠶᠣᠰᠣᠭᠠᠷ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠨ᠎ᠠ᠃ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠠᠯᠤᠰ | ᠬᠡᠲᠦ ᠶᠢᠨ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠴᠢᠩᠭᠠᠷᠠᠭᠤᠯᠵᠤ᠂ ᠦᠶᠡᠯᠡᠯ ᠠᠯᠤᠰᠯᠠᠨ ᠲᠣᠬᠢᠷᠠᠭᠤᠯᠬᠤ | ᠠᠵᠢᠯ ᠢ ᠰᠠᠶᠢᠲᠤᠷ ᠬᠢᠵᠦ᠂ ᠠᠵᠤ ᠠᠬᠤᠶ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠶ ᠣᠷᠣᠨ ᠵᠠᠢ ᠳᠤ ᠪᠠᠶᠢᠬᠤ ᠶᠢ | ᠪᠠᠲᠤᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠡᠩ ᠶᠡᠭᠡ ᠪᠠᠷ | ᠬᠥᠭᠵᠢᠭᠡᠨ᠎ᠡ᠃ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠠᠬᠢᠭᠤᠯᠵᠤ᠂ ᠡᠯ᠎ᠡ ᠤᠯᠤᠰ ᠤᠨ ᠠᠵᠤ | ᠠᠬᠤᠶᠢᠯᠠᠯ ᠤᠳ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠳᠣᠲᠣᠭᠠᠳᠤ ᠭᠠᠳᠠᠭᠠᠳᠤ | ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠬᠤ ᠶᠢ ᠪᠠᠷᠢᠮᠲᠠᠯᠠᠵᠤ᠂ ᠡᠷᠬᠡ ᠲᠡᠭᠰᠢ | ᠥᠷᠢᠰᠥᠯᠳᠦᠭᠡᠨ ᠢ ᠠᠬᠢᠭᠤᠯᠵᠤ᠂ ᠨᠡᠭᠡᠭᠡᠯᠳᠡ ᠲᠠᠢ᠂ ᠪᠠᠭᠲᠠᠭᠠᠮᠵᠢᠲᠠᠢ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ | ᠳᠤᠮᠳᠠᠳᠤ ᠤᠯᠤᠰ ᠤᠨ ᠬᠥᠭᠵᠢᠯᠲᠡ ᠨᠢ ᠮᠸᠢᠢᠭᠤᠩ ᠮᠥᠷᠡᠨ ᠤ ᠤᠯᠤᠰ ᠤᠳ ᠢ ᠪᠠᠭᠲᠠᠭᠠᠭᠰᠠᠨ ᠡᠯ᠎ᠡ ᠤᠯᠤᠰ ᠲᠤ ᠰᠢᠨ᠎ᠡ | ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠰᠢᠨ᠎ᠡ ᠬᠥᠭᠵᠢᠯᠲᠡ ᠶᠢᠨ ᠠᠰᠢᠭ ᠣᠷᠣᠯᠭ᠎ᠠ ᠶᠢ ᠡᠭᠦᠳᠬᠦ ᠪᠣᠯᠤᠨ᠎ᠠ ᠭᠡᠵᠦ | ᠵᠢᠭᠠᠵᠤ ᠭᠠᠷᠭᠠᠪᠠ᠃ | | | | | | | | | | | | ᠯᠢ ᠺᠧ ᠴᠢᠶᠠᠩ ᠬᠠᠮᠤᠭ ᠤᠨ ᠰᠡᠭᠦᠯ ᠳᠤ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠮᠸᠢᠢᠭᠤᠩ ᠮᠥᠷᠡᠨ ᠤ | ᠤᠯᠤᠰ ᠤᠳ ᠲᠠᠢ ᠬᠠᠮᠲᠤ ᠪᠠᠷ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠵᠤ᠂ | ᠭᠠᠵᠠᠷ ᠣᠷᠣᠨ ᠤ ᠡᠩᠬᠡ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠵᠤ᠂ ᠳᠡᠳ᠋ ᠣᠷᠣᠨ ᠪᠦᠰᠡ ᠶᠢᠨ ᠠᠭᠤᠰᠤᠯᠴᠠᠨ | ᠬᠥᠭᠵᠢᠬᠦ ᠪᠠ ᠬᠠᠮᠲᠤ ᠪᠠᠷ ᠴᠡᠴᠡᠭᠯᠡᠨ ᠬᠥᠭᠵᠢᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃ | ᠬᠤᠷᠠᠯ ᠳᠤ ᠣᠷᠣᠯᠴᠠᠭᠰᠠᠨ ᠡᠯ᠎ᠡ ᠤᠯᠤᠰ ᠤᠨ ᠤᠳᠤᠷᠢᠳᠬᠤ ᠬᠥᠮᠦᠰ ᠪᠣᠯᠤᠨ ᠬᠤᠯᠪᠣᠭᠳᠠᠯ ᠪᠦᠬᠦᠢ | ᠪᠠᠶᠢᠭᠤᠯᠤᠮᠵᠢ ᠶᠢᠨ ᠬᠠᠷᠢᠭᠤᠴᠠᠯᠭᠠᠲᠠᠳ ᠶᠡᠷᠦᠩᠬᠡᠶ ᠰᠠᠶᠢᠳ ᠯᠢ ᠺᠧ ᠴᠢᠶᠠᠩ ᠤᠨ ᠳᠤᠷᠠᠳᠤᠭᠰᠠᠨ ᠰᠠᠨᠠᠭᠤᠯᠭ᠎ᠠ ᠶᠢ ᠮᠠᠭᠲᠠᠨ | ᠰᠠᠶᠢᠰᠢᠶᠠᠵᠤ᠂ ᠳᠤᠮᠳᠠᠳᠤ ᠶᠢᠨ ᠲᠠᠯ᠎ᠠ ᠶᠢᠨ ᠬᠢᠨ ᠡᠯ᠎ᠡ ᠤᠯᠤᠰ ᠤᠨ ᠬᠢᠵᠢᠭ ᠢ ᠡᠰᠡᠷᠭᠦᠴᠡᠬᠦ ᠳᠤ ᠦᠵᠡᠭᠦᠯᠦᠭᠰᠡᠨ | ᠬᠠᠪᠰᠤᠷᠤᠯᠭ᠎ᠠ ᠳᠤ ᠪᠠᠶᠠᠷᠯᠠᠨ ᠲᠠᠯᠠᠷᠬᠠᠵᠤ᠂ ᠬᠢᠵᠢᠭ ᠤᠨ ᠪᠠᠶᠢᠳᠠᠯ ᠤᠨ ᠲᠠᠭᠠᠷᠢᠯᠲᠠ ᠪᠠ ᠣᠯᠠᠨ ᠤᠯᠤᠰ ᠤᠨ ᠭᠠᠵᠠᠷ | ᠣᠷᠣᠨ ᠤ ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠰᠢᠨ᠎ᠡ ᠥᠷᠢᠰᠥᠯᠳᠦᠭᠡᠨ ᠤ ᠡᠮᠦᠨ᠎ᠡ᠂ ᠶᠡᠭᠡ ᠮᠸᠢᠢᠭᠤᠩ ᠮᠥᠷᠡᠨ ᠤ | ᠳᠡᠳ᠋ ᠣᠷᠣᠨ ᠪᠦᠰᠡ ᠶᠢᠨ ᠤᠯᠤᠰ ᠤᠳ ᠣᠯᠠᠨ ᠲᠠᠯᠠᠲᠤ ᠦᠵᠡᠯ ᠢ ᠪᠠᠷᠢᠮᠲᠠᠯᠠᠨ᠂ ᠥᠷᠢᠰᠥᠯᠳᠦᠭᠡᠨ ᠢ ᠠᠵᠠ ᠲᠣᠬᠢᠶᠠᠯ | ᠪᠣᠯᠭᠠᠵᠤ᠂ ᠭᠠᠵᠠᠷ ᠣᠷᠣᠨ ᠤ ᠤᠯᠤᠰ ᠤᠳ ᠤᠨ ᠠᠵᠤ ᠠᠬᠤᠶ ᠨᠡᠶᠢᠭᠡᠮ ᠤᠨ ᠡᠷᠴᠢᠮᠲᠡᠶ ᠰᠡᠷᠭᠦᠯᠲᠡ ᠶᠢ ᠠᠬᠢᠭᠤᠯᠵᠤ᠂ | ᠦᠷᠭᠦᠯᠵᠢᠯᠡᠬᠦᠶᠢᠴᠡ᠂ ᠪᠠᠭᠲᠠᠭᠠᠮᠵᠢᠲᠠᠶ ᠬᠥᠭᠵᠢᠯᠲᠡ ᠶᠢ ᠪᠡᠶᠡᠯᠡᠭᠦᠯᠦᠨ᠂ ᠡᠩᠬᠡ ᠲᠠᠶᠢᠪᠤᠩ ᠪᠠ ᠠᠮᠤᠷ ᠲᠣᠭᠲᠠᠭᠤᠨ | ᠪᠠᠶᠢᠳᠠᠯ ᠢ ᠬᠠᠮᠠᠭᠠᠯᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠵᠤ᠂ ᠭᠠᠵᠠᠷ ᠣᠷᠣᠨ ᠤ ᠡᠯ᠎ᠡ ᠤᠯᠤᠰ ᠤᠨ ᠠᠷᠠᠳ | ᠲᠦᠮᠡᠨ ᠳᠤ ᠠᠵᠠ ᠵᠢᠷᠭᠠᠯ ᠡᠳ᠋ᠯᠡᠭᠦᠯᠪᠡᠯ ᠵᠣᠬᠢᠨ᠎ᠠ ᠭᠡᠵᠦ ᠢᠯᠡᠷᠬᠡᠶᠢᠯᠡᠵᠡᠭᠡᠪᠡ᠃ | ᠬᠤᠷᠠᠯ ᠠᠴᠠ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠳᠣᠯᠣᠳᠤᠭᠠᠷ ᠤᠳᠠᠭ᠎ᠠ ᠶᠢᠨ ᠤᠳᠤᠷᠢᠳᠬᠤ ᠬᠥᠮᠦᠰ ᠤᠨ ᠬᠤᠷᠠᠯ ᠤᠨ ᠲᠤᠩᠬᠠᠭ︾ ᠢ ᠨᠡᠶᠢᠲᠡᠯᠡᠵᠦ᠂ ︽ᠶᠡᠭᠡ ᠮᠸᠢᠢᠭᠤᠩ | ᠮᠥᠷᠡᠨ ᠤ ᠳᠡᠳ᠋ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ 2030 ᠣᠨ ᠤ ᠪᠠᠶᠢᠯᠳᠤᠬᠤ | ᠪᠤᠳᠤᠯᠭ᠎ᠠ ᠶᠢᠨ ᠪᠦᠳᠦᠭᠦᠪᠴᠢ ᠲᠥᠰᠥᠪ︾ ᠪᠣᠯᠤᠨ ︽ᠶᠡᠭᠡ ᠮᠸᠢᠢᠭᠤᠩ ᠮᠥᠷᠡᠨ ᠤ ᠳᠡᠳ᠋ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠ | ᠠᠵᠤ ᠠᠬᠤᠢ ᠶᠢᠨ ᠰᠡᠷᠭᠦᠯᠲᠡ ᠶᠢᠨ ᠲᠥᠯᠥᠪᠯᠡᠭᠡ ︵2021 — 2023︶︾ ᠵᠡᠷᠭᠡ ᠦᠷ᠎ᠡ ᠪᠦᠲᠦᠭᠡᠯ ᠤᠨ ᠪᠢᠴᠢᠭ | ᠮᠠᠲ᠋ᠧᠷᠢᠶᠠᠯ ᠢ ᠪᠠᠲᠤᠯᠠᠪᠠ᠃ | ᠸᠠᠩ ᠢ᠂ ᠡᡁᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | |