ᠠᠯᠠᠱᠠ ᠠᠶᠢᠮᠠᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2021/9/15
       9 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ ᠤᠨ ᠬᠤᠷᠠᠯ ᠬᠤᠷᠠᠯᠳᠤᠨ᠂ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠶᠢᠨ ᠫᠢᠩ ᠬᠤᠷᠠᠯ ᠢ ᠡᠷᠭᠢᠯᠡᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠸᠠᠩ ᠸᠧᠶ ᠳ᠋ᠦᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠬᠤᠷᠠᠯ ᠳᠤ ᠣᠷᠣᠯᠴᠠᠪᠠ᠃        ᠬᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠠᠯᠪᠠᠨ ᠬᠡᠷ ᠤᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠭᠰᠠᠨ ᠪᠠᠶᠢᠳᠠᠯ ᠢ ᠮᠡᠳᠡᠭᠳᠡᠵᠦ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠣᠯᠤᠨ ᠠᠯᠠᠱᠠ ᠵᠡᠭᠦᠨ ᠬᠤᠰᠢᠭᠤᠨ ᠤ ᠬᠠᠷᠢᠭᠤᠴᠠᠯᠭᠠᠲᠠᠳ ᠰᠠᠨᠠᠯ ᠢᠶᠠᠨ ᠰᠣᠯᠢᠯᠴᠠᠵᠠᠢ᠃        ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠣᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠳᠣᠣᠱᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠣᠯᠢ ᠪᠠᠷ ᠵᠠᠰᠠᠬᠤ ᠪᠠᠶᠢᠭᠤᠯᠤᠯᠲᠠ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠡᠳᠬᠡᠨ᠂ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠣᠨᠣᠪᠴᠢᠲᠠᠶ ᠡᠵᠡᠮᠳᠡᠵᠦ᠂ ᠬᠠᠣᠯᠢ ᠪᠠᠷ ᠵᠠᠰᠠᠬᠤ ᠮᠡᠳᠡᠷᠡᠮᠵᠢ᠂ ᠬᠠᠣᠯᠢ ᠪᠠᠷ ᠵᠠᠰᠠᠬᠤ ᠰᠡᠳᠬᠢᠬᠦᠶ᠂ ᠬᠠᠣᠯᠢ ᠪᠠᠷ ᠵᠠᠰᠠᠬᠤ ᠠᠷᠭ᠎ᠠ ᠪᠠᠷᠢᠯ ᠢ ᠤᠬᠠᠮᠰᠠᠷ ᠠᠴᠠ ᠪᠠᠨ ᠬᠡᠷᠡᠭᠯᠡᠨ᠂ ᠠᠵᠢᠯ ᠢᠶᠠᠨ ᠠᠬᠢᠭᠤᠯᠵᠤ᠂ ᠡᠯ᠎ᠡ ᠠᠵᠢᠯ ᠦᠢᠯᠡᠰ ᠢ ᠬᠠᠣᠯᠢ ᠪᠠᠷ ᠵᠠᠰᠠᠬᠤ ᠵᠠᠮ ᠳᠤ ᠣᠷᠣᠭᠤᠯᠤᠨ᠂ ᠨᠠᠩ ᠥᠨᠳᠥᠷ ᠲᠦᠪᠰᠢᠨ ᠪᠥᠬᠦᠶ ᠬᠠᠣᠯᠢ ᠪᠠᠷ ᠵᠠᠰᠠᠭᠰᠠᠨ ᠠᠯᠠᠱᠠ ᠶᠢ ᠲᠦᠷᠬᠡᠨ ᠪᠠᠶᠢᠭᠤᠯᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠬᠠᠣᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠠ᠃        ᠬᠤᠷᠠᠯ ᠠᠴᠠ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠳᠤᠳᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠵᠠᠰᠠᠭ ᠤᠨ ᠣᠷᠳᠣᠨ ᠤ ᠡᠭᠦᠷᠭᠡ ᠴᠢᠳᠠᠮᠵᠢ ᠶᠢ ᠬᠤᠪᠢᠷᠠᠭᠤᠯᠬᠤ ᠶᠢ ᠳᠦᠷᠭᠡᠳᠬᠡᠵᠦ᠂ ᠵᠠᠰᠠᠭ ᠤᠨ ᠣᠷᠳᠣᠨ ᠤ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠳᠦᠷᠢᠮᠵᠢᠬᠦᠯᠵᠦ᠂ ᠡᠭᠦᠷᠭᠡ ᠴᠢᠳᠠᠮᠵᠢ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠰᠠᠨ᠂ ᠬᠠᠤᠯᠢ ᠬᠡᠷᠡᠭᠵᠢᠭᠦᠯᠬᠦ ᠨᠢ ᠲᠥᠪ ᠴᠢᠩᠭ᠎ᠠ᠂ ᠢᠯᠡ ᠲᠣᠳᠣ ᠲᠥᠪ ᠭᠤᠤᠯᠴᠢ᠂ ᠣᠶᠤᠨᠴᠢ ᠥᠨᠳᠥᠷ ᠪᠦᠲᠦᠮᠵᠢᠲᠡᠶ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠶ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠬᠤ ᠭᠡᠷᠡᠭᠳᠡᠢ᠃ ᠬᠠᠤᠯᠢᠵᠢᠬᠰᠠᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠲᠦᠷᠭᠡᠳᠬᠡᠵᠦ᠂           ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂  ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠳᠤ ᠳᠣᠷᠠᠳᠣᠭᠰᠠᠨ ᠠᠰᠠᠭᠤᠳᠠᠯ ᠢ ᠵᠠᠰᠠᠨ ᠴᠡᠭᠴᠡᠯᠡᠭᠰᠠᠨ ᠦᠷ᠎ᠡ ᠪᠦᠲᠦᠮᠵᠢ ᠶᠢ ᠪᠠᠳᠤᠳᠬᠠᠵᠦ᠂ ᠲᠣᠭᠲᠠᠭᠤᠨ ᠲᠥᠪ ᠭᠤᠣᠯᠴᠢ ᠢᠯᠡ ᠲᠣᠳᠣ᠂ ᠵᠢᠱᠢᠵᠦ ᠪᠣᠯᠬᠤᠶᠢᠴᠠ ᠬᠠᠤᠯᠢᠵᠢᠬᠰᠠᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠦᠴᠦᠯᠡᠨ ᠬᠠᠮᠠᠭᠠᠯᠠᠵᠤ᠂ ᠬᠠᠤᠯᠢ ᠪᠠᠷᠢᠬᠤ ᠪᠠᠶᠢᠭᠤᠯᠤᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠭᠦᠢᠴᠡᠳᠬᠡᠬᠦ ᠳᠤ ᠬᠦᠴᠢᠷ ᠵᠦᠢᠯ ᠢ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠳᠦᠷᠢᠮᠵᠢᠬᠦᠨ ᠪᠥᠭᠡᠳ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠮᠵᠢ ᠶᠢ ᠪᠠᠳᠤᠳᠬᠠᠵᠦ᠂ ᠤᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠣᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ ᠬᠥᠮᠦᠵᠢᠯ ᠢ ᠭᠦᠨᠵᠡᠭᠡᠶ ᠠᠬᠢᠭᠤᠯᠤᠨ᠂ ᠨᠡᠶᠢᠭᠡᠮ ᠤᠨ ᠬᠦᠷᠢᠶᠡᠨ ᠤ ᠲᠦᠷᠢᠮ ᠤᠨ ᠵᠢᠷᠤᠮᠵᠢᠯ ᠢ ᠲᠡᠬᠦᠯᠳᠡᠷᠵᠢᠬᠦᠯᠵᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠴᠢᠩᠭᠠᠳᠬᠠᠨ᠂ ᠠᠶᠢᠮᠠᠭ ᠤᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠶᠢ ᠲᠦᠰᠢᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠲᠥᠪ ᠤᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠬᠦ ᠶᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠡᠯ᠎ᠡ ᠵᠦᠢᠯ ᠤᠨ ᠵᠠᠰᠠᠨ ᠴᠡᠭᠴᠡᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠲᠤᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠤᠨ᠂ ᠪᠥᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃        ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶᠠᠨ ᠤ ᠬᠢᠨ ᠬᠠᠣᠯᠢ ᠪᠠᠷ ᠵᠠᠰᠠᠬᠤ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡ ᠪᠠᠷ ᠠᠬᠢᠭᠤᠯᠤᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠳᠦᠷᠦᠬᠦᠦ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠷᠢᠯᠠᠭᠤᠯᠤᠨ ᠠᠬᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶᠠᠨ ᠤ ᠬᠠᠣᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠬᠢᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠬᠦ᠂ ᠰᠢᠮᠳᠠᠭᠤᠯᠣᠨ ᠨᠠᠶᠢᠳᠠᠪᠤᠷᠢᠵᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠹᠷᠣᠨᠲ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠬᠠᠣᠯᠢ ᠪᠠᠷ ᠵᠠᠰᠠᠬᠤ ᠠᠯᠠᠱᠠ ᠶᠢᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃               ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠦ᠂ ᠬᠠᠣᠯᠢ ᠪᠠᠷ ᠵᠠᠰᠠᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠦᠬᠦ ᠲᠠᠯ᠎ᠠ ᠪᠠᠷ ᠬᠠᠤᠯᠢ ᠪᠠᠷ ᠠᠶᠢᠮᠠᠭ ᠢᠶᠠᠨ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠦ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号