ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠰᠠᠶᠢᠨ ᠰᠤᠷᠴᠤ  ᠰᠢᠨ᠎ᠠ ᠴᠠᠭ ᠦᠶ᠎ᠡ ᠶᠢᠨ ᠰᠤᠷᠭᠠᠨ ᠬᠦᠮᠦᠵᠢᠬᠦᠯᠦᠭᠴᠢ ᠪᠤᠯᠤᠨ᠎ᠠ
ᠨᠡᠶᠢᠲᠡᠯᠡᠭᠰᠡᠨ ᠴᠠᠭ᠄
2021/9/15
     ᠦᠬᠡ ᠬᠡᠯᠡ ᠦᠰᠦᠭ ᠪᠢᠴᠢᠭ ᠪᠤᠯ ᠬᠦᠮᠦᠨ ᠬᠢᠭᠡᠳ ᠬᠦᠮᠦᠨ ᠤ ᠬᠤᠭᠤᠷᠤᠨᠳᠤᠬᠢ ᠰᠡᠳᠭᠢᠯ ᠢᠶᠠᠨ ᠰᠤᠯᠢᠯᠴᠠᠵᠤ ᠦᠢᠯᠠᠭᠠᠯᠴᠠᠭ᠎ᠠ ᠠᠪᠬᠤ ᠬᠠᠷᠢᠯᠴᠠᠭᠠᠨ ᠤ ᠴᠢᠬᠤᠯᠠ ᠪᠠᠭᠠᠵᠢ ᠪᠤᠯᠳᠠᠭ ᠠᠴᠠ ᠠᠵᠢᠯ ᠰᠤᠷᠤᠯᠴᠠᠯᠭ᠎ᠠ ᠲᠤᠮᠳᠠ ᠪᠢᠳᠡ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠨ ᠰᠤᠷᠴᠤ ᠡᠵᠡᠮᠰᠢᠪᠠᠯ ᠰᠠᠶ᠋ᠢ ᠴᠠᠭ ᠦᠶ᠎ᠡ ᠶᠢᠨ ᠬᠦᠭᠵᠢᠯᠳᠡ ᠪᠤᠯᠤᠨ ᠨᠡᠶᠢᠬᠡᠮ ᠤᠨ ᠱᠠᠭᠠᠷᠳᠠᠯᠭ᠎ᠠ ᠲᠠᠢ ᠨᠡᠩ ᠰᠠᠶᠢᠨ ᠵᠤᠬᠢᠴᠠᠵᠤ ᠴᠢᠳᠠᠨ᠎ᠠ ᠭᠡᠵᠤ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠲᠡᠳ᠋ ᠵᠠᠬᠢᠷᠤᠯ ᠸᠠᠩ ᠼᠦᠢ ᠯᠠᠨ ᠶᠠᠷᠢᠨ᠎ᠠ᠃      ᠴᠡᠷᠢᠭ ᠤᠨ ᠭᠡᠷ ᠪᠦᠯᠢ ᠳᠤ ᠲᠦᠷᠦᠭᠰᠡᠨ ᠸᠠᠩ ᠼᠦᠢ ᠯᠠᠨ ᠪᠡᠭᠡᠵᠢᠩ ᠤᠨ ᠴᠡᠷᠢᠭ ᠤᠨ ᠲᠤᠭᠤᠷᠢᠭ ᠤᠨ ᠦᠪᠦᠷ ᠮᠤᠩᠭᠤᠯ ᠤᠨ ᠦᠢᠯᠡᠳᠪᠦᠷᠢᠯᠡᠯ ᠤᠨ ᠪᠦᠳᠦᠭᠡᠠ ᠪᠠᠶᠢᠭᠤᠯᠤᠯᠳᠠ ᠶᠢᠨ ᠠᠷᠮᠢ ᠶᠢᠨ ᠨᠢᠭᠡᠳᠦᠭᠡᠷ ᠳ᠋ᠢᠸᠢᠽᠢ ᠳᠤ ᠪᠠᠭ᠎ᠠ ᠨᠠᠰᠤ ᠪᠠᠨ ᠦᠩᠭᠡᠷᠡᠭᠦᠯᠵᠤ᠂ ᠦᠶ᠎ᠡ ᠶᠢᠨ ᠨᠦᠬᠦᠳ ᠲᠠᠢ ᠪᠠᠨ ᠨᠠᠭᠠᠳᠴᠤ ᠲᠤᠬᠯᠠᠬᠤ ᠲᠤᠮᠳᠠ ᠨᠠᠶᠢᠵᠠ ᠨᠠᠷ ᠲᠠᠭᠠᠨ ᠮᠤᠩᠭᠤᠯ ᠦᠬᠡ ᠵᠢᠭᠠᠵᠤ᠂ ᠨᠠᠶᠢᠵᠠ ᠨᠠᠷ ᠨᠢ ᠲᠡᠭᠦᠨ ᠳᠤ ᠬᠢᠳᠡᠳ ᠦᠭᠡ ᠵᠢᠭᠠᠵᠤ᠂ ᠰᠤᠷᠭᠠᠭᠤᠯᠢ ᠰᠤᠶᠤᠯ ᠤᠨ ᠮᠦᠷ ᠢ ᠬᠦᠭᠡᠭᠡᠭᠰᠡᠨ ᠠᠴᠠ ᠬᠤᠶᠢᠰᠢ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠵᠤ᠂ ᠣᠨᠴᠣᠭᠤᠶᠢᠯᠠᠨ ᠬᠡᠯᠡ ᠪᠢᠴᠢᠭ ᠤᠨ ᠬᠢᠴᠢᠶᠡᠯ ᠤᠨ ᠬᠢᠷᠢ ᠪᠦᠳᠦᠮᠵᠢ ᠨᠢ ᠳᠤᠩ ᠰᠠᠶᠢᠠ ᠪᠠᠶᠢᠵᠠᠢ᠃ ᠠᠷᠪᠠᠨ ᠨᠠᠰᠤ ᠲᠠᠢ ᠳᠠᠭᠠᠨ ᠠᠪᠤ ᠡᠵᠢ ᠪᠠᠨ ᠲᠠᠭᠠᠵᠤ ᠠᠯᠠᠱᠠ ᠵᠡᠭᠦᠨ ᠬᠤᠰᠢᠭᠤᠨ ᠳᠤ ᠢᠷᠡᠵᠤ᠂ ᠪᠠᠭᠰᠢ ᠶᠢᠨ ᠰᠤᠷᠭᠠᠭᠤᠯᠢ ᠲᠡᠭᠦᠰᠦᠭᠰᠡᠨ ᠤ ᠳᠠᠷᠠᠭ᠎ᠠ ᠤᠯᠤᠰ ᠤᠨ ᠨᠠᠶᠢᠳᠠᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠵᠢᠭᠠᠠ ᠰᠤᠷᠭᠠᠬᠤ ᠠᠵᠢᠯ ᠤᠨ ᠪᠠᠶᠢᠷᠢᠠ ᠳᠤ ᠤᠯᠠᠠ ᠵᠢᠯ ᠠᠵᠢᠯᠯᠠᠵᠠᠢ᠃      1970 ᠤᠨ ᠳᠤ ᠲᠦᠷᠦᠭᠰᠡᠨ ᠸᠠᠩ ᠼᠦᠢ ᠯᠠᠨ ᠠᠷᠠᠳ ᠤᠨ ᠪᠠᠭᠰᠢ ᠶᠢᠨ ᠠᠯᠪᠠᠨ ᠳᠤ ᠡᠩ ᠤᠨ ᠨᠢᠭᠡᠨ ᠪᠠᠭᠰᠢ ᠪᠠᠶᠢᠬᠰᠠᠨ ᠠᠴᠠ ᠪᠠᠨ ᠰᠤᠷᠭᠠᠭᠤᠯᠢ ᠶᠢᠨ ᠲᠡᠳ᠋ ᠵᠠᠬᠢᠷᠤᠯ ᠤᠨ ᠡᠭᠦᠷᠭᠡ ᠬᠠᠷᠢᠭᠤᠴᠠᠬᠤ ᠪᠤᠯᠵᠤ᠂ ᠲᠤᠰ ᠰᠤᠷᠭᠠᠭᠤᠯᠢ ᠳᠤ 32 ᠵᠢᠯ ᠪᠠᠭᠰᠢᠯᠠᠵᠤ ᠪᠠᠶᠢᠨ᠎ᠠ᠃ ᠭᠤᠴᠢᠭᠠᠳ ᠵᠢᠯ ᠤᠨ ᠲᠤᠷᠰᠢ᠂ ᠸᠠᠩ ᠼᠦᠢ ᠯᠠᠨ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠳᠠ ᠶᠢᠨ ᠠᠵᠢᠯ ᠢ ᠬᠠᠷᠢᠭᠤᠴᠠᠵᠤ᠂ ᠲᠡᠭᠦᠨ ᠤ ᠵᠢᠭᠠᠨ ᠰᠤᠷᠭᠠᠯᠳᠠ ᠬᠠᠪᠰᠤᠷᠤᠨ ᠵᠢᠯᠤᠭᠤᠳᠤᠯᠭ᠎ᠠ ᠶᠢᠨ ᠲᠤᠤᠷ᠎ᠠ ᠰᠤᠷᠤᠬᠴᠢ ᠶᠢᠨ ᠬᠡᠯᠡ ᠪᠢᠴᠢᠭ ᠤᠨ ᠶᠡᠷᠦᠩᠬᠡᠶᠢᠯᠡᠭᠰᠡᠨ ᠬᠢᠷᠢ ᠪᠦᠳᠦᠮᠵᠢ ᠲᠡᠭᠡᠭᠰᠢᠯᠡᠵᠤ᠂ ᠬᠠᠮᠳᠤ ᠠᠵᠢᠯᠳᠠᠨ᠂ ᠰᠤᠷᠤᠬᠴᠢ ᠪᠤᠯᠤᠨ ᠭᠡᠷ ᠤᠨ ᠠᠬᠠᠮᠠᠳ ᠤᠨ ᠬᠦᠷᠢᠶᠡᠯᠡᠯ ᠢ ᠤᠯᠵᠤ᠂ ᠲᠡᠷᠡ ᠦᠪᠡᠷ ᠢᠶᠠᠨ ᠨᠠᠢᠮᠠᠨ ᠮᠤᠵᠢ ᠤᠷᠤᠨ ᠤ ᠰᠢᠯᠢᠳᠡᠭ ᠬᠢᠴᠢᠶᠡᠯᠯᠡᠭᠡ ᠶᠢᠨ ᠤᠷᠤᠯᠳᠤᠭᠠᠨ ᠤ ᠨᠢᠭᠡᠳᠦᠭᠡᠷ ᠲᠡᠰ ᠤᠨ ᠱᠠᠩᠨᠠᠯ᠂ ᠦᠪᠡᠷᠳᠡᠭᠡᠨ ᠵᠠᠰᠠᠬᠤ ᠤᠷᠤᠨ ᠤ ᠬᠢᠴᠢᠶᠡᠯ ᠤᠨ ᠰᠡᠳᠦᠪ ᠤᠨ ᠪᠦᠳᠦᠮᠵᠢ ᠶᠢᠨ ᠱᠠᠩᠨᠠᠯ ᠬᠦᠷᠳᠡᠵᠤ᠂ ᠦᠪᠡᠷᠳᠡᠭᠡᠨ ᠵᠠᠰᠠᠬᠤ ᠤᠷᠤᠨ ᠤ ᠲᠤᠷᠰᠢᠯᠭ᠎ᠠ ᠰᠤᠯᠢᠯᠴᠠᠬᠤ ᠬᠢᠴᠢᠶᠡᠯ ᠢ ᠡᠭᠦᠷᠭᠡᠯᠡᠠ᠂ ᠬᠢᠴᠢᠶᠡᠯ ᠰᠤᠨᠤᠰᠤᠬᠰᠠᠨ ᠪᠠᠭᠰᠢᠨᠠᠷ ᠤᠨ ᠦᠨᠳᠦᠷ ᠦᠨᠡᠯᠡᠯᠳᠡ ᠶᠢ ᠤᠯᠵᠤ᠂ ᠲᠦᠷᠪᠡᠳᠦᠭᠡᠷ ᠪᠦᠯᠦᠭ ᠤᠨ ᠠᠶᠢᠮᠠᠭ ᠤᠨ ᠲᠡᠰ ᠤᠨ ᠵᠢᠭᠠᠨ ᠰᠤᠷᠭᠠᠯᠳᠠ ᠶᠢᠨ ᠴᠢᠳᠠᠪᠤᠷᠢᠳᠠᠨ ᠪᠤᠯᠤᠨ ᠲᠦᠷᠪᠡᠳᠦᠭᠡᠷ ᠪᠦᠯᠦᠭ ᠤᠨ ᠠᠶᠢᠮᠠᠬ ᠤᠨ ᠲᠡᠰ ᠤᠨ ᠬᠢᠳᠡᠳ ᠬᠡᠯᠡᠨ ᠤ ᠬᠢᠴᠢᠶᠡᠯ ᠤᠨ ᠲᠠᠭᠠᠭᠤᠯᠤᠬᠴᠢ᠂ ᠠᠶᠢᠮᠠᠬ ᠤᠨ ᠲᠡᠰ ᠤᠨ ᠬᠢᠴᠢᠶᠡᠯ ᠤᠨ ᠦᠭᠡᠷᠡᠴᠢᠯᠡᠯᠳᠡ ᠶᠢᠨ ᠲᠡᠷᠢᠭᠦᠨ ᠤ ᠬᠤᠪᠢ ᠬᠦᠮᠦᠨ ᠪᠤᠯᠤᠨ ᠰᠠᠭᠤᠷᠢ ᠰᠤᠷᠭᠠᠨ ᠬᠦᠮᠦᠵᠢᠯ ᠤᠨ ᠲᠡᠷᠢᠭᠦᠨ ᠤ ᠬᠤᠪᠢ ᠬᠦᠮᠦᠨ᠂ ᠬᠤᠰᠢᠭᠤᠨ ᠤ ᠲᠡᠰ ᠤᠨ ᠰᠢᠯᠢᠳᠡᠭ ᠪᠠᠭᠰᠢ᠂ ᠰᠢᠯᠢᠳᠡᠭ ᠰᠤᠷᠭᠠᠭᠤᠯᠢ ᠶᠢᠨ ᠵᠠᠬᠢᠷᠤᠯ᠂ ᠰᠢᠯᠢᠳᠡᠭ ᠨᠠᠮ ᠤᠨ ᠭᠡᠰᠢᠭᠦᠨ ᠤ ᠢᠷᠠᠭᠤ ᠠᠯᠳᠠᠷ ᠢ ᠬᠦᠷᠳᠡᠵᠤ ᠦᠩᠭᠡᠷᠡᠭᠰᠡᠨ ᠪᠠᠶᠢᠨ᠎ᠠ᠃      ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠰᠤᠷᠴᠤ ᠡᠵᠡᠮᠰᠢᠬᠦ ᠠᠴᠢ ᠬᠤᠯᠪᠤᠬᠳᠠᠯ ᠤᠨ ᠲᠤᠬᠠᠢ ᠸᠠᠩ ᠼᠦᠢ ᠯᠠᠨ ᠪᠠᠭᠰᠢ ᠦᠪᠡᠷ ᠤᠨ ᠦᠵᠡᠯᠳᠡ ᠲᠠᠨᠢᠯᠳᠠ ᠲᠠᠢ ᠪᠠᠶᠢᠯ᠎ᠠ᠃ 2017 ᠤᠨ ᠳᠤ ᠸᠠᠩ ᠼᠦᠢ ᠯᠠᠨ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠢᠳᠡᠳ ᠦᠬᠡ ᠬᠡᠯᠡ ᠦᠰᠦᠭ ᠪᠢᠴᠢᠭ ᠤᠨ ᠰᠠᠯᠪᠤᠷᠢ ᠳᠤ ᠨᠢᠭᠡ ᠵᠢᠯ ᠤᠨ ᠬᠤᠭᠤᠴᠠᠭ᠎ᠠ ᠲᠠᠢ ᠰᠤᠷᠤᠯᠴᠠᠵᠤ ᠪᠠᠶᠢᠬᠤ ᠬᠤᠭᠤᠴᠠᠭᠠᠨ ᠳᠤ ᠪᠠᠭᠰᠢ ᠠᠴᠠ ᠨᠢ ᠲᠡᠭᠦᠨ ᠳᠤ ᠨᠢᠭᠡ ᠭᠠᠷᠠᠭ ᠲᠤ ᠨᠢᠭᠡ ᠨᠤᠮ ᠤᠩᠰᠢᠬᠤ ᠱᠠᠭᠠᠷᠳᠠᠯᠭ᠎ᠠ ᠲᠠᠯᠪᠢᠵᠡᠢ᠃ ᠡᠨᠡᠬᠦ ᠱᠠᠭᠠᠷᠳᠠᠯᠭ᠎ᠠ ᠨᠢ ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠤᠨ ᠬᠢᠷᠢ ᠲᠦᠪᠰᠢᠨ ᠲᠡᠶᠢᠮᠦ ᠦᠨᠳᠦᠷ ᠪᠢᠰᠢ ᠸᠠᠩ ᠼᠦᠢ ᠯᠠᠨ ᠳᠤ ᠠᠪᠴᠤ ᠬᠡᠯᠡᠪᠡᠯ ᠨᠤᠮ ᠤᠩᠰᠢᠬᠤ ᠠᠬᠢᠴᠠ ᠤᠳᠠᠭᠠᠨ᠂ ᠵᠠᠷᠤᠴᠠᠭᠤᠯᠬᠤ ᠴᠠᠬ ᠤᠷᠳᠤ᠂ ᠲᠠᠰᠬᠠᠯ ᠪᠤᠶᠤ ᠮᠠᠲ᠋ᠧᠷᠢᠶᠡᠯ ᠪᠢᠴᠢᠬᠦ ᠲᠠᠯ᠎ᠠ ᠪᠠᠷ ᠴᠢᠳᠠᠪᠤᠷᠢ ᠬᠦᠷᠦᠯᠴᠡᠬᠦ ᠦᠭᠡᠢ ᠵᠡᠷᠭᠡ ᠤᠯᠠᠨ ᠵᠦᠢᠯ ᠤᠨ ᠬᠦᠴᠢᠷᠳᠠᠯ ᠳᠤᠯᠭᠠᠷᠠᠵᠠᠢ᠃ ᠡᠨᠠ ᠨᠢ ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠬᠤ ᠶᠢᠨ ᠠᠴᠢ ᠬᠤᠯᠪᠤᠭᠳᠠᠯ ᠢ ᠳᠠᠬᠦᠠ ᠳᠤ ᠳᠠᠬᠢᠠ ᠨᠢᠬᠡ ᠤᠳᠠᠭ᠎ᠠ ᠬᠦᠠ ᠤᠢᠢᠯᠠᠭᠠᠭᠤᠯᠤᠬᠰᠠᠠ ᠪᠠᠶᠢᠨ᠎ᠠ᠃ ︽ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠰᠤᠷᠴᠤ ᠡᠵᠡᠮᠰᠢᠬᠦ ᠨᠢ ᠬᠤᠪᠢ ᠬᠦᠮᠦᠨ ᠤ ᠦᠰᠦᠨ ᠪᠦᠢᠵᠢᠯᠳᠠ᠂ ᠦᠨᠳᠦᠰᠦᠳᠡᠨ ᠤ ᠲᠠᠪᠰᠢᠯᠳᠠ ᠪᠤᠯᠤᠨ ᠤᠯᠤᠰ ᠬᠦᠷᠦᠨ ᠤ ᠬᠦᠭᠵᠢᠯᠳᠡ ᠲᠠᠢ ᠬᠤᠯᠪᠤᠬᠳᠠᠬᠤ ᠴᠢᠬᠤᠯᠠ ᠠᠴᠢ ᠬᠤᠯᠪᠤᠬᠳᠠᠯ ᠲᠠᠢ︾ ᠭᠡᠵᠤ ᠸᠠᠩ ᠼᠦᠢ ᠯᠠᠨ ᠶᠠᠷᠢᠨ᠎ᠠ᠃      ᠤᠯᠠᠨ ᠵᠢᠯ ᠤᠨ ᠪᠠᠭᠰᠢ ᠶᠢᠨ ᠠᠵᠢᠯ ᠪᠤᠯᠤᠨ ᠬᠤᠪᠢ ᠪᠡᠶ᠎ᠡ ᠶᠢᠨ ᠰᠤᠷᠤᠯᠴᠠᠯᠭ᠎ᠠ ᠶᠢᠨ ᠦᠩᠭᠡᠷᠡᠯᠳᠡ ᠲᠠᠢ ᠪᠠᠨ ᠤᠶᠠᠯᠳᠤᠭᠤᠯᠤᠨ ᠸᠠᠩ ᠼᠦᠢ ᠯᠠᠨ ᠪᠠᠭᠰᠢ ᠶᠢᠨ ᠦᠵᠡᠬᠦ ᠪᠠᠷ᠂ ᠴᠦᠬᠡᠨ ᠲᠤᠭᠠᠳᠤ ᠦᠨᠳᠦᠰᠦᠳᠡᠨ ᠤ ᠰᠤᠷᠤᠬᠴᠢ ᠳᠤ ᠠᠪᠴᠤ ᠬᠡᠯᠡᠪᠡᠯ ᠢᠯᠡᠭᠦᠦ ᠨᠢᠭᠡ ᠦᠬᠡ ᠬᠡᠯᠡ ᠦᠰᠦᠭ ᠪᠢᠴᠢᠭ ᠢ ᠰᠤᠷᠴᠤ ᠡᠵᠡᠮᠰᠢᠬᠦ ᠨᠢ ᠰᠤᠷᠤᠬᠴᠢ ᠶᠢᠨ ᠪᠤᠳᠤᠯ ᠰᠡᠳᠭᠢᠬᠦᠢ ᠶᠢ ᠤᠯᠠᠮ ᠢᠯᠡᠭᠦᠦ ᠨᠡᠭᠡᠭᠡᠵᠤ᠂ ᠠᠪᠢᠶᠠᠰ ᠴᠢᠳᠠᠪᠤᠷᠢ ᠶᠢ ᠨᠢ ᠬᠦᠮᠦᠵᠢᠭᠦᠯᠵᠤ ᠴᠢᠳᠠᠨ᠎ᠠ᠃ ᠤᠯᠤᠰ ᠤᠨ ᠨᠠᠶᠢᠳᠠᠮ ᠭᠡᠷᠡᠭᠯᠡᠬᠦ ᠦᠬᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠬᠤ ᠪᠤᠯᠤᠨ ᠤᠯᠤᠰ ᠤᠨ ᠨᠢᠭᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠡᠯ ᠢ ᠠᠰᠢᠬᠯᠠᠨ ᠬᠡᠷᠡᠭᠯᠡᠬᠦ ᠨᠢ ᠮᠡᠳᠡᠯᠭᠡ ᠶᠢᠨ ᠬᠤᠷᠠᠮᠳᠤᠭᠤᠯᠤᠯ ᠢ ᠪᠤᠢ ᠪᠤᠯᠭᠠᠵᠤ᠂ ᠬᠤᠵᠢᠮ ᠤᠨ ᠠᠵᠢᠯ ᠤᠯᠭᠤᠯᠳᠠ ᠪᠤᠯᠤᠨ ᠰᠢᠨ᠎ᠡ ᠴᠠᠬ ᠦᠶ᠎ᠡ ᠶᠢᠨ ᠮᠡᠳᠡᠯᠭᠡ ᠮᠡᠷᠭᠡᠵᠢᠯ ᠢ ᠬᠦᠯᠢᠶᠡᠨ ᠠᠪᠴᠤ᠂ ᠨᠡᠶᠢᠬᠡᠮ ᠤᠨ ᠬᠦᠭᠵᠢᠯᠳᠡ ᠳᠤ ᠨᠡᠩ ᠰᠠᠶᠢᠨ ᠵᠤᠬᠢᠴᠠᠬᠤ ᠳᠤ   ᠠᠰᠢᠭᠳᠠᠢ ᠦᠢᠯᠡᠳᠦᠯ ᠦᠵᠡᠭᠦᠯᠬᠦ ᠪᠤᠯᠤᠨ᠎ᠠ ᠭᠡᠵᠤ ᠪᠠᠶᠢᠯ᠎ᠠ᠃      ᠦᠢᠯᠠᠭᠠᠬᠰᠠᠨ ᠢᠶᠠᠷ᠂ ᠠᠯᠠᠱᠠ ᠵᠡᠭᠦᠨ ᠬᠤᠰᠢᠭᠤᠨ ᠤ ᠮᠤᠩᠭᠤᠯ ᠦᠨᠳᠦᠰᠦᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠤᠳᠤᠬᠠᠨ ᠳᠤ 14 ᠬᠡᠯᠡ ᠪᠢᠴᠢᠭ ᠤᠨ ᠪᠠᠭᠰᠢ᠂ 4 ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤ ᠲᠤᠰᠬᠠᠢ ᠮᠡᠷᠭᠡᠵᠢᠯ ᠤᠨ ᠪᠠᠭᠰᠢ ᠲᠠᠢ᠂ ᠡᠳᠡᠭᠡᠷ ᠪᠠᠭᠰᠢᠨᠠᠷ ᠲᠡᠭᠡᠷ᠎ᠡ ᠱᠠᠳᠤᠨ ᠤ ᠱᠠᠭᠠᠷᠳᠠᠯᠭ᠎ᠠ ᠪᠠᠷ ᠡᠯ᠎ᠡ ᠵᠦᠢᠯ ᠤᠨ ᠪᠤᠯᠪᠠᠰᠤᠷᠠᠯ ᠬᠦᠮᠦᠵᠢᠯ ᠳᠤ ᠤᠷᠤᠯᠴᠠᠬᠤ ᠪᠠᠷ ᠲᠠᠮᠵᠢᠨ ᠬᠤᠪᠢ ᠪᠡᠶ᠎ᠡ ᠶᠢᠨ ᠬᠢᠷᠢ ᠪᠤᠯᠪᠠᠰᠤᠷᠠᠯ ᠪᠤᠯᠤᠨ ᠵᠢᠭᠠᠨ ᠰᠤᠷᠭᠠᠯᠳᠠ ᠶᠢᠨ ᠴᠢᠳᠠᠪᠤᠷᠢ ᠪᠠᠨ ᠲᠡᠭᠡᠭᠰᠢᠯᠡᠭᠦᠯᠵᠠᠢ᠃ ︽ᠮᠠᠨ ᠤ ᠰᠤᠷᠭᠠᠭᠤᠯᠢ ᠬᠤᠶᠢᠰᠢᠳᠠ ᠶᠢᠨ ᠰᠤᠷᠭᠠᠨ ᠬᠦᠮᠦᠵᠢᠯ ᠬᠢᠭᠡᠳ ᠵᠢᠭᠠᠨ ᠰᠤᠷᠭᠠᠯᠳᠠ ᠶᠢᠨ ᠠᠵᠢᠯ ᠲᠤᠮᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤᠳᠬᠠᠬᠤ ᠬᠦᠮᠦᠵᠢᠯ ᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭᠠᠨ ᠤ ᠬᠦᠮᠦᠵᠢᠯ᠂ ᠰᠤᠷᠤᠬᠴᠢ ᠶᠢᠨ ᠬᠠᠮᠢᠶᠠᠷᠤᠯᠳᠠ᠂ ᠰᠤᠶᠤᠯ ᠪᠠᠶ᠎ᠠ ᠶᠢᠨ ᠲᠠᠮᠢᠷ ᠤᠨ ᠬᠦᠳᠡᠯᠭᠡᠭᠡᠨ ᠵᠡᠷᠭᠡ ᠲᠠᠯ᠎ᠠ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠡᠯ᠎ᠡ ᠦᠨᠳᠦᠰᠦᠳᠡᠨ ᠬᠠᠮᠳᠤᠪᠠᠷ ᠤᠷᠤᠬᠰᠢᠯᠠᠨ ᠲᠠᠪᠰᠢᠬᠤ ᠰᠠᠶᠢᠨ ᠰᠠᠶᠢᠬᠠᠨ ᠠᠵᠢᠯ ᠤᠨ ᠰᠤᠷᠳᠠᠯ ᠢ ᠪᠤᠢ ᠪᠤᠯᠭᠠᠨ᠎ᠠ︾ ᠭᠡᠵᠤ ᠸᠠᠩ ᠼᠦᠢ ᠯᠠᠨ ᠶᠠᠷᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号