ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
      9 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠠᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ  ᠬᠤᠷᠢᠶᠠᠨ ᠤ ᠡᠷᠬᠢᠯᠡᠭᠴᠢ ᠳᠠᠶᠢᠴᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠬᠥᠭᠵᠢᠯᠲᠡ ᠶᠢᠨ ᠳᠦᠯᠦᠪᠰᠢᠯ ᠳᠤ ᠦᠢᠯᠡᠴᠢᠯᠡᠬᠦ ᠪᠠ ᠠᠭᠤᠰᠤᠯᠴᠠᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠭᠤᠤᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠲᠥᠪᠯᠡᠷᠡᠯ ᠢ ᠴᠢᠩᠭᠠᠳᠬᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠳᠣᠬᠠᠢ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ ᠤᠳᠠᠭ᠎ᠠ᠂ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ᠂ ᠠᠵᠢᠯ ᠦᠢᠯᠡᠰ ᠤᠨ ᠨᠢᠬᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ 6 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠪᠠᠶᠢᠳᠠᠯ ᠤᠨ ᠳᠣᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠠᠶᠢᠮᠠᠭ ᠤᠨ ᠳᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠳᠤᠭᠠᠷ᠂ ᠬᠤᠷᠢᠨ ᠨᠢᠭᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠦᠵᠡᠯ ᠰᠠᠨᠠᠭ᠎ᠠ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠪᠠ ᠠᠵᠢᠯᠯᠠᠭᠠᠨ ᠤ ᠵᠢᠯᠣᠭᠤᠳᠣᠮᠵᠢ ᠬᠠᠩᠭᠠᠪᠠ᠃ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠳᠦᠯᠦᠪᠰᠢᠯ ᠳᠤ ᠦᠢᠯᠡᠴᠢᠯᠡᠬᠦ ᠪᠠ ᠠᠭᠤᠰᠤᠯᠴᠠᠬᠤ ᠭᠠᠷᠳᠠᠴᠠ ᠵᠢᠴᠢ ᠰᠢᠪᠲᠤᠯᠤᠯᠲᠠ ᠶᠢᠨ ᠴᠡᠭ ᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠠᠮᠢ ᠠᠬᠤᠶ ᠶᠢ  ᠳᠡᠷᠢᠬᠦᠨ ᠳᠤ ᠳᠠᠯᠪᠢᠵᠦ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠷᠪᠠᠨ ᠲᠠᠪᠤᠳᠤᠭᠠᠷ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠵᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠰᠢᠰᠲ᠋ᠧᠮ ᠤᠨ ᠢᠵᠢ ᠪᠥᠷᠢᠳᠦᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠥᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠶ ᠬᠡᠪᠡ᠃       ᠬᠤᠷᠠᠯ ᠠᠴᠠ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠬᠤ ᠶᠢ ᠠᠳᠬᠤᠬᠤ᠂ ᠠᠬᠢᠴᠠ ᠶᠢ ᠠᠳᠬᠤᠬᠤ᠂ ᠦᠷ᠎ᠡ ᠪᠦᠲᠦᠮᠵᠢ ᠶᠢ ᠠᠳᠬᠤᠬᠤ ᠳᠤ ᠬᠦᠴᠦ ᠲᠠᠯᠪᠢᠵᠤ᠂ ᠨᠢᠭᠡᠳ ᠨᠢᠭᠡ ᠪᠠᠷ ᠡᠮᠬᠢᠯᠡᠨ ᠵᠠᠳᠠᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠣᠨ ᠤ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠲᠣᠭᠲᠠᠭᠰᠠᠨ ᠴᠠᠭ ᠲᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠥᠭᠡᠷᠡᠴᠢᠯᠡᠯᠲᠡ ᠶᠢᠨ ᠲᠥᠰᠦᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠣᠨᠣᠪᠴᠢᠲᠠᠢ ᠡᠵᠡᠮᠳᠡᠵᠦ᠂ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠬᠤᠷᠢᠶᠠᠬᠤ᠂ ᠦᠨᠡᠯᠡᠨ ᠵᠢᠱᠢᠬᠦ ᠵᠠᠩᠬᠢᠯᠠᠭ᠎ᠠ ᠶᠢ ᠠᠳᠬᠤᠬᠤ ᠵᠡᠷᠭᠡ ᠠᠵᠢᠯ ᠢ ᠪᠣᠳᠠᠲᠠᠢ ᠨᠠᠷᠢᠯᠢᠭ ᠬᠢᠵᠦ᠂ ᠥᠭᠡᠷᠡᠴᠢᠯᠡᠯᠲᠡ ᠶᠢᠨ ᠲᠥᠰᠦᠯ ᠪᠣᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠳᠡᠭᠡᠳᠦ ᠱᠠᠲᠤᠨ ᠤ ᠵᠣᠷᠢᠭ ᠰᠠᠨᠠᠭ᠎ᠠ ᠲᠠᠢ ᠨᠡᠶᠢᠴᠡᠭᠦᠯᠵᠦ᠂ ᠠᠯᠠᠱᠠ ᠶᠢᠨ ᠪᠣᠳᠠᠲᠤ ᠪᠠᠶᠢᠳᠠᠯ ᠲᠠᠢ ᠨᠡᠶᠢᠴᠡᠭᠦᠯᠵᠦ᠂ ᠥᠭᠡᠷᠡᠴᠢᠯᠡᠯᠲᠡ ᠶᠢᠨ ᠴᠢᠭᠯᠡᠯᠳᠦ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠬᠠᠬᠤ ᠬᠡᠷᠡᠭᠲᠡᠢ᠃ ᠥᠭᠡᠷᠡᠴᠢᠯᠡᠯᠲᠡ ᠶᠢᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠦᠨᠵᠡᠭᠡᠢ ᠰᠤᠳᠤᠯᠤᠨ ᠠᠷᠭ᠎ᠠ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠡᠭᠦᠷᠭᠡ ᠨᠢᠭᠡᠪᠦᠷᠢ ᠶᠢ ᠪᠦᠬᠦ ᠶᠠᠪᠤᠴᠠ ᠪᠠᠷ ᠰᠢᠮᠳᠠᠭᠤᠯᠣᠨ ᠭᠦᠢᠴᠡᠳᠬᠡᠵᠦ᠂ ᠴᠢᠩᠭ᠎ᠠ ᠠᠳᠬᠤᠨ ᠪᠣᠳᠠᠲᠠᠢ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠠᠶᠢᠮᠠᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号