ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ︽ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/9/15
      ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ︽ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠨ ᠲᠤᠬᠢᠷᠠᠭᠤᠯᠪᠠ᠃      ︽ᠮᠡᠳᠡᠭᠳᠡᠯ︾ ᠳᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠲᠥᠪᠯᠡᠷᠡᠩᠭᠦᠢ ᠢᠯᠡᠷᠡᠯ ᠮᠥᠨ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤᠮᠳᠠ ᠦᠨᠳᠦᠰᠦᠨ ᠴᠢᠨᠠᠷᠲᠠᠢ ᠪᠠᠶᠢᠷᠢ ᠰᠠᠭᠤᠷᠢ ᠪᠠ ᠦᠢᠯᠡᠳᠦᠯ ᠲᠠᠢ ᠶᠤᠮ᠃ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠥᠳᠡᠯᠮᠦᠷᠢ ᠶᠢᠨ ᠬᠥᠮᠦᠵᠢᠯ ᠢ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢᠨ ᠱᠠᠭᠠᠷᠳᠠᠯᠭ᠎ᠠ ᠳᠤ ᠣᠷᠣᠭᠤᠯᠬᠤ ᠪᠠᠷ ᠲᠣᠭᠲᠠᠭᠠᠵᠤ᠂ ︽ᠶᠣᠰᠣ ᠰᠤᠷᠳᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ︾ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠤᠨ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠪᠠᠭᠰᠢ ᠨᠠᠷ ᠤᠨ ᠶᠠᠷᠢᠯᠴᠠᠬᠤ ᠬᠤᠷᠠᠯ ᠵᠡᠷᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠠᠨ ᠤᠳᠠᠭ᠎ᠠ ᠡᠯ᠎ᠡ ᠱᠠᠲᠤ ᠡᠯ᠎ᠡ ᠲᠦᠷᠦᠯ ᠤᠨ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠵᠦ᠂ ᠬᠠᠷᠢᠭᠤ ᠵᠠᠬᠢᠳᠠᠯ ᠢᠯᠡᠭᠡᠵᠦ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠳᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠠᠢᠮᠠᠳᠤᠭᠠᠷ ᠬᠤᠷᠠᠯ ᠠᠴᠠ ᠬᠢᠨᠠᠨ ᠵᠦᠪᠯᠡᠬᠦ ᠪᠠᠷ ᠳᠠᠮᠵᠢᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢᠨ ᠲᠠᠪᠤᠳᠤᠭᠠᠷ ᠵᠦᠢᠯ ᠢ ︽ᠰᠤᠷᠭᠠᠨ ᠬᠥᠮᠦᠵᠢᠯ ᠡᠷᠬᠡᠪᠰᠢ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ᠂ ᠡᠷᠬᠡᠪᠰᠢ ᠦᠢᠯᠡᠳᠪᠦᠷᠢᠯᠡᠯ ᠬᠥᠳᠡᠯᠮᠦᠷᠢ ᠪᠠ ᠨᠡᠶᠢᠭᠡᠮ ᠤᠨ ᠦᠢᠯᠡᠳᠦᠯᠭᠡ ᠲᠠᠢ ᠤᠶᠠᠯᠳᠤᠭᠤᠯᠵᠤ᠂ ᠶᠣᠰᠣ ᠰᠤᠷᠳᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ︾ ᠭᠡᠵᠦ ᠵᠠᠰᠠᠭᠠᠳ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠤᠯᠤᠰ ᠤᠨ ᠬᠠᠤᠯᠢ ᠴᠠᠭᠠᠵᠠ ᠶᠢᠨ ᠵᠢᠷᠤᠮᠵᠢᠯ ᠪᠣᠯᠭᠠᠨ ᠨᠠᠶᠢᠳᠠᠪᠤᠷᠢᠵᠢᠭᠤᠯᠪᠠ ᠭᠡᠵᠦ ᠵᠢᠭᠠᠵᠦ ᠭᠠᠷᠭᠠᠪᠠ᠃      ︽ᠮᠡᠳᠡᠭᠳᠡᠯ︾ ᠳᠤ᠂ ᠨᠠᠮ ᠤᠨ ᠲᠥᠪ ᠬᠤᠷᠢᠶ᠎ᠠ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠤᠯᠠᠮ ᠴᠢᠨᠠᠬᠰᠢᠳᠠ ᠲᠡᠭᠦᠯᠳᠡᠷᠵᠢᠭᠦᠯᠵᠦ᠂ ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠤ ᠲᠥᠯᠥᠭᠡ ᠬᠥᠮᠦᠵᠢᠭᠦᠯᠬᠦ ᠴᠢᠭᠯᠡᠯ ᠢ ᠨᠠᠩ ᠢᠯᠡ ᠲᠣᠳᠣ ᠪᠣᠯᠭᠠᠵᠦ᠂ ᠠᠭᠤᠯᠭ᠎ᠠ ᠶᠢ ᠨᠠᠩ ᠪᠦᠷᠢᠨ ᠲᠡᠭᠦᠯᠳᠡᠷ ᠪᠣᠯᠭᠠᠨ ᠂ ᠱᠠᠭᠠᠷᠳᠠᠯᠭ᠎ᠠ ᠶᠢ ᠨᠠᠩ ᠲᠣᠳᠣᠷᠬᠠᠶ ᠪᠣᠯᠭᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠦᠷ᠎ᠡ ᠪᠦᠲᠦᠭᠡᠯ ᠢ ᠬᠦᠢᠴᠡᠳ ᠢᠯᠡᠷᠡᠭᠦᠯᠵᠠᠢ᠂ ᠡᠨᠡ ᠨᠢ ᠮᠠᠨ ᠤ ᠤᠯᠤᠰ ᠤᠨ ᠰᠤᠷᠭᠠᠨ ᠬᠥᠮᠦᠵᠢᠯ ᠤᠨ ᠲᠡᠦᠬᠡᠨ ᠳᠡᠭᠡᠷ᠎ᠡ ᠪᠡᠯᠭᠡ ᠲᠡᠮᠳᠡᠭ ᠤᠨ ᠴᠢᠨᠠᠷᠲᠠᠶ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃ ᠰᠢᠨ᠎ᠡ ᠴᠠᠭ ᠦᠶ᠎ᠡ ᠳᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠦ᠂ ᠰᠤᠷᠭᠠᠨ ᠬᠥᠮᠦᠵᠢᠯ ᠤᠨ ᠠᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠵᠣᠷᠢᠯᠲᠠ ᠶᠢᠨ ᠴᠢᠭᠯᠡᠯ᠂ ᠬᠠᠷᠠᠯᠲᠠ ᠡᠭᠦᠷᠭᠡ ᠶᠢ ᠭᠦᠨᠵᠡᠭᠡᠶ ᠡᠵᠡᠮᠰᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠨ᠂ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠦ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠨ᠂ ᠰᠤᠷᠭᠠᠨ ᠬᠥᠮᠦᠵᠢᠯ ᠨᠢ ᠠᠷᠠᠳ ᠲᠦᠮᠡᠨ ᠳᠤ ᠦᠢᠯᠡᠴᠢᠯᠡᠭᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠦᠢᠯᠡᠴᠢᠯᠡᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠬᠢᠵᠢᠭᠦᠯᠦᠨ ᠬᠥᠭᠵᠢᠭᠦᠯᠬᠦ ᠳᠤ ᠦᠢᠯᠡᠴᠢᠯᠡᠬᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢ ᠪᠠᠷᠢᠮᠳᠠᠯᠠᠵᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠬᠢᠯᠡᠨ᠂ ᠦᠢᠯᠡᠳᠪᠦᠷᠢᠯᠡᠯ ᠬᠥᠳᠡᠯᠮᠦᠷᠢ ᠪᠠ ᠨᠡᠶᠢᠭᠡᠮ ᠤᠨ ᠦᠢᠯᠡᠳᠦᠯᠭᠡ ᠲᠠᠢ ᠤᠶᠠᠯᠳᠤᠭᠤᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠠᠷᠠᠳ ᠲᠦᠮᠡᠨ ᠳᠤ ᠲᠠᠭᠠᠰᠢᠶᠠᠬᠳᠠᠬᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢ ᠲᠦᠷᠭᠡᠳᠬᠡᠨ ᠠᠬᠢᠭᠤᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠭᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠠᠷ ᠪᠠᠷᠢᠮᠵᠢᠶᠠᠯᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠡᠨᠡ ᠬᠦ ᠭᠤᠣᠯᠳᠠᠯᠭ᠎ᠠ ᠶᠢ ᠠᠳᠬᠤᠨ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ᠂ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠪᠦᠲᠦᠮᠵᠢᠲᠡᠢ ᠠᠭᠤᠰᠤᠯᠴᠠᠭᠤᠯᠵᠤ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠨ᠂ ᠲᠦᠷᠢᠮ ᠤᠨ ᠵᠢᠷᠤᠮᠵᠢᠯ ᠢ ᠠᠷᠢᠯᠭᠠᠵᠦ᠂ ᠠᠳᠡᠭᠦᠦ ᠪᠤᠷᠤᠭᠤ ᠶᠢ ᠵᠠᠯᠠᠷᠠᠭᠤᠯᠵᠤ᠂ ᠡᠯ᠎ᠡ ᠱᠠᠲᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠰᠤᠷᠭᠠᠨ ᠬᠥᠮᠦᠵᠢᠯ ᠤᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠡᠩ ᠨᠡᠶᠢᠴᠡᠭᠦᠯᠬᠦ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠠᠷ ︽ᠳᠦᠷᠪᠡ ᠳᠤ ᠦᠢᠯᠡᠴᠢᠯᠡᠬᠦ︾ ᠦᠢᠯᠡᠴᠢᠯᠡᠭᠡᠨ ᠤ ᠴᠢᠳᠠᠪᠤᠷᠢ ᠶᠢ ᠴᠢᠨᠠᠷ ᠰᠠᠶᠢᠲᠠᠢ ᠲᠤᠭᠤᠰᠢᠯᠠᠭᠤᠯᠤᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠂ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠤᠬᠢᠷᠠᠭᠤᠯᠬᠤ ᠲᠣᠭᠲᠡᠴᠡ ᠶᠢ ᠪᠦᠷᠢᠨᠰᠢᠬᠦᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ᠂ ᠴᠢᠳᠠᠪᠤᠷᠢᠲᠠᠨ ᠤ ᠲᠦᠷᠦᠯ ᠬᠡᠯᠪᠡᠷᠢ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠳᠤ ᠦᠢᠯᠡᠴᠢᠯᠡᠬᠦ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠷ᠎ᠠ ᠴᠢᠳᠠᠪᠤᠷᠢ ᠶᠢᠨ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠨᠡᠩ ᠰᠠᠶᠢᠨ ᠦᠢᠯᠡᠴᠢᠯᠡᠨ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ︽ᠮᠡᠳᠡᠭᠳᠡᠯ︾ ᠳᠤ᠂ ᠡᠯ᠎ᠡ ᠭᠠᠵᠠᠷ ᠤᠨ ᠬᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠲᠠᠢ ᠨᠡᠪᠲᠡᠷᠡᠯᠴᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠵᠣᠯᠭᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠡᠳᠬᠡᠵᠦ᠂ ᠨᠠᠮ ᠵᠠᠰᠠᠭ ᠤᠨ ᠪᠠᠶᠢᠭᠤᠯᠭ᠎ᠠ᠂ ᠰᠤᠷᠭᠠᠭᠤᠯᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠳᠠᠯᠢ ᠪᠤᠰᠤ ᠣᠨᠴᠠᠯᠢᠭ ᠲᠤ ᠴᠢᠭᠯᠡᠭᠦᠯᠦᠨ ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠲᠥᠷᠥᠯ ᠬᠤᠪᠢᠶᠠᠨ ᠲᠤᠰᠬᠠᠶ ᠪᠠᠶᠢᠷᠢᠯᠠᠭᠤᠯᠤᠯᠲᠠ ᠬᠢᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠬᠢᠨᠠᠨ ᠬᠡᠮᠵᠢᠵᠦ ᠦᠨᠡᠯᠡᠬᠦ ᠠᠷᠭ᠎ᠠ ᠪᠠᠷᠢᠯ ᠢ ᠪᠠᠶᠠᠯᠢᠭᠵᠢᠭᠤᠯᠤᠨ ᠬᠠᠶᠢᠨ ᠰᠦᠪᠡᠭᠴᠢᠯᠡᠵᠦ᠂ ᠱᠠᠯᠠᠪᠳᠠᠭᠤᠯᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠤᠷᠭᠠᠨ ᠬᠥᠮᠦᠵᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号