ᠪᠠᠭᠰᠢ᠂ ᠭᠡᠷ ᠤᠨ ᠠᠬᠠᠮᠠᠳ᠂ ᠰᠤᠷᠤᠭᠴᠢᠳ᠂ ᠠᠩᠬᠠᠷ ᠡ︕
ᠨᠡᠶᠢᠲᠡᠯᠡᠭᠰᠡᠨ ᠴᠠᠭ᠄
2021/9/15
    ᠣᠳᠣᠬᠠᠨ ᠳᠤ ᠤᠯᠤᠰ ᠤᠨ ᠭᠠᠳᠠᠭᠠᠳᠤ ᠳᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠵᠤ᠂ ᠤᠯᠤᠰ ᠤᠨ ᠳᠣᠲᠣᠭᠠᠳᠤ ᠳᠤ᠂ ᠬᠢᠵᠢᠭ ᠤᠨ ᠬᠠᠯᠳᠠᠪᠤᠷᠢ ᠠᠴᠠ ᠪᠦᠲᠦᠮᠵᠢᠲᠡᠶ ᠬᠢᠵᠠᠭᠠᠷᠯᠠᠭᠰᠠᠨ ᠪᠣᠯᠪᠠᠴᠤ ᠮᠥᠨ ᠬᠦ ᠬᠡᠰᠡᠭ ᠪᠤᠰᠠᠭ ᠢᠶᠠᠷ ᠳᠡᠯᠭᠡᠷᠡᠬᠦ ᠪᠠᠶᠢᠳᠠᠯ ᠢᠯᠡᠷᠡᠵᠦ ᠪᠠᠶᠢᠨ᠎ᠠ᠃ ᠡᠶᠢᠮᠦ ᠠᠴᠠ ᠰᠣᠨᠣᠷ ᠰᠡᠷᠡᠮᠵᠢ ᠪᠠᠨ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠥᠬᠡᠶ︕     ᠡᠮᠦᠨᠡᠬᠢ ᠬᠤᠭᠤᠴᠠᠭᠠᠨ ᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠬᠤ ᠵᠡᠷᠭᠡ ᠰᠢᠯᠲᠠᠭᠠᠨ ᠠᠴᠠ ᠪᠣᠯᠵᠣ ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠲᠡᠭᠦᠰᠬᠦ ᠰᠣᠷᠣᠭᠴᠢ ᠶᠢᠨ ᠣᠯᠠᠩᠬᠢ ᠨᠢ ᠸᠠᠺᠼᠢᠨ ᠤ ᠲᠠᠷᠢᠯᠭ᠎ᠠ ᠬᠢᠵᠤ ᠠᠮᠵᠢᠭ᠎ᠠ ᠦᠭᠡᠢ ᠤᠴᠢᠷ ᠠᠴᠠ᠂ ᠣᠳᠣ ᠠᠴᠠ ᠡᠬᠢᠯᠡᠨ ᠸᠠᠺᠼᠢᠨ ᠤ ᠲᠠᠷᠢᠯᠭ᠎ᠠ ᠬᠢᠵᠤ᠂ 8 ᠳ᠋ᠤᠭᠠᠷ ᠰᠠᠷ᠎ᠠ ᠶᠢᠨ ᠰᠡᠭᠦᠯᠴᠢ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠴᠠ ᠡᠮᠦᠨ᠎ᠡ ᠲᠠᠷᠢᠯᠭ᠎ᠠ ᠪᠠᠨ ᠳᠠᠭᠤᠰᠬᠠᠵᠤ᠂ ᠭᠠᠳᠠᠭᠰᠢ ᠭᠠᠷᠴᠤ ᠵᠢᠭᠤᠯᠴᠢᠯᠠᠬᠤ ᠪᠤᠶᠤ ᠰᠤᠷᠤᠯᠴᠠᠬᠤ ᠳᠤ ᠬᠠᠯᠳᠠᠪᠤᠷᠢᠯᠠᠬᠤ ᠡᠷᠡᠰᠳᠡᠯ ᠢ ᠪᠠᠭᠠᠰᠬᠠᠨ᠂ ᠶᠠᠪᠤᠵᠤ ᠰᠠᠭᠤᠬᠤ ᠳᠤ ᠳᠥᠬᠦᠮ ᠨᠥᠬᠦᠴᠡᠯ ᠬᠠᠩᠭᠠᠬᠤ ᠶᠢ ᠰᠠᠨᠠᠭᠤᠯᠵᠤ ᠪᠠᠶᠢᠨ᠎ᠠ᠃ ᠡᠭᠦᠨ ᠤ ᠬᠠᠮᠲᠤ᠂ ᠶᠡᠭᠡ ᠳᠡᠭᠡᠳᠦ ᠰᠤᠷᠭᠠᠭᠤᠯᠢ ᠳᠤ ᠣᠷᠣᠬᠤ ᠰᠤᠷᠤᠭᠴᠢᠳ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠬᠤᠯᠪᠣᠭᠳᠠᠯ ᠪᠥᠬᠦᠶ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠣᠶᠢᠯᠠᠭᠠᠵᠤ ᠮᠡᠳᠡᠭᠰᠡᠨ ᠪᠠᠶᠢᠬᠤ ᠬᠡᠷᠡᠭᠲᠡᠶ᠃ ᠶᠡᠭᠡ ᠰᠤᠷᠭᠠᠭᠤᠯᠢ ᠳᠤ ᠨᠡᠷ᠎ᠡ ᠮᠡᠳᠡᠭᠦᠯᠬᠦ ᠠᠴᠠ ᠡᠮᠦᠨ᠎ᠡ᠂ ᠭᠠᠷᠬᠤ ᠭᠠᠵᠠᠷ᠂ ᠣᠴᠢᠬᠤ ᠭᠠᠵᠠᠷ ᠤᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠵᠢᠴᠢ ᠪᠠᠶᠢᠭ᠎ᠠ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠤᠷᠢᠳᠴᠢᠯᠠᠨ ᠣᠶᠢᠯᠠᠭᠠᠵᠤ᠂ ᠡᠯ᠎ᠡ ᠭᠠᠵᠠᠷ ᠣᠷᠣᠨ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠢᠳᠡᠪᠬᠢᠲᠡᠶ ᠵᠢᠷᠤᠮᠯᠠᠬᠤ ᠬᠡᠷᠡᠭᠲᠡᠶ᠃     ᠥᠷᠭᠡᠨ ᠣᠯᠠᠨ ᠬᠡᠷ ᠤᠨ ᠠᠬᠠᠮᠠᠳ ᠴᠤ ᠸᠠᠺᠼᠢᠨ ᠤ ᠲᠠᠷᠢᠯᠭ᠎ᠠ ᠶᠢ ᠢᠳᠡᠪᠬᠢᠲᠡᠶ ᠬᠢᠬᠦ ᠬᠡᠷᠡᠭᠲᠡᠶ᠂ ᠤᠴᠢᠷ ᠨᠢ ᠬᠡᠤᠬᠡᠳ ᠢᠶᠠᠨ ᠭᠠᠳᠠᠷ ᠣᠷᠣᠨ ᠳᠤ ᠬᠦᠷᠭᠡᠵᠦ ᠰᠤᠷᠤᠯᠴᠠᠭᠤᠯᠬᠤ ᠳᠤ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠲᠤ᠂ ᠵᠣᠬᠢᠬᠤ ᠬᠡᠮᠵᠢᠶᠡᠨ ᠤ ᠬᠠᠯᠳᠠᠪᠤᠷᠢᠯᠠᠬᠤ ᠠᠶᠤᠯ ᠲᠠᠢ ᠪᠠᠶᠢᠳᠠᠭ᠃ ᠸᠠᠺᠼᠢᠨ ᠢ ᠡᠷᠲᠡᠬᠡᠨ ᠳᠠᠷᠢᠬᠤ ᠨᠢ ᠬᠡᠤᠬᠡᠳ ᠲᠤ ᠴᠦ ᠭᠡᠰᠡᠨ᠂ ᠥᠪᠡᠷ ᠤᠨ ᠪᠡᠶ᠎ᠡ ᠳᠤᠨᠢ ᠴᠦ ᠭᠡᠰᠡᠨ᠂ ᠬᠡᠷ ᠪᠦᠯᠢ ᠳᠤᠨᠢ ᠴᠦ ᠭᠡᠰᠡᠨ᠂ ᠨᠡᠶᠢᠭᠡᠮ ᠳᠤ ᠴᠦ ᠭᠡᠰᠡᠨ ᠬᠠᠷᠢᠭᠤᠴᠠᠯᠭ᠎ᠠ ᠲᠠᠢ ᠪᠠᠶᠢᠳᠠᠭ᠃ ᠥᠷᠭᠡᠨ ᠣᠯᠠᠨ ᠪᠠᠭᠰᠢ ᠰᠣᠷᠣᠭᠴᠢ ᠵᠢᠴᠢ ᠬᠡᠷ ᠤᠨ ᠠᠬᠠᠮᠠᠳ ᠨᠠᠷ᠂ ᠠᠮᠠᠷᠠᠯᠲᠠ ᠶᠢᠨ ᠬᠤᠭᠤᠴᠠᠭᠠᠨ ᠳᠤ᠂ ᠵᠢᠭᠤᠯᠴᠢᠯᠠᠬᠤ ᠪᠠᠷ ᠲᠥᠯᠥᠪᠯᠡᠵᠦ ᠪᠠᠶᠢᠭ᠎ᠠ ᠪᠣᠯ ᠵᠣᠷᠢᠭᠰᠠᠨ ᠭᠠᠵᠠᠷ ᠤᠨ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠲᠣᠭᠲᠠᠭᠠᠯ ᠢ ᠤᠷᠢᠳᠴᠢᠯᠠᠨ ᠣᠶᠢᠯᠠᠭᠠᠵᠤ᠂ ᠠᠶᠠᠯᠠᠬᠤ ᠵᠠᠮ ᠱᠤᠭᠤᠮ ᠢᠶᠠᠨ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ︔ ᠭᠠᠳᠠᠭᠰᠢ ᠭᠠᠷᠬᠤ ᠳᠠᠭᠠᠨ ᠵᠢᠭᠤᠯᠴᠢᠯᠠᠯ ᠤᠨ ᠭᠠᠵᠠᠷ ᠲᠠᠢ ᠤᠷᠢᠳᠴᠢᠯᠠᠨ ᠬᠠᠷᠢᠯᠴᠠᠵᠤ᠂ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠨᠠᠷᠢᠨ ᠯᠠᠪᠯᠠᠨ ᠣᠶᠢᠯᠠᠭᠠᠵᠤ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠮᠥᠰ ᠤᠨ ᠬᠤᠭᠤᠷᠣᠨᠳᠤ ᠶᠢᠨ ᠵᠠᠶ ᠶᠢ ᠪᠠᠲᠤᠯᠠᠨ᠂ ᠪᠡᠶ᠎ᠡ ᠶᠢᠨ ᠳᠤᠯᠠᠭᠠᠨ ᠪᠠ ᠡᠷᠡᠭᠦᠯ ᠮᠡᠨᠳᠦ ᠶᠢᠨ ᠮᠡᠷᠭᠡᠨ ᠴᠣᠬᠤᠷ ᠢ ᠰᠢᠯᠭᠠᠬᠤ ᠵᠡᠷᠭᠡ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠬᠦ ᠠᠵᠢᠯ ᠢ ᠬᠠᠮᠵᠢᠯᠴᠠᠬᠤ ᠬᠡᠷᠡᠭᠲᠡᠶ︔ ᠨᠢᠰᠬᠡᠯ᠂ ᠭᠠᠯᠲᠤ ᠲᠡᠷᠭᠡ᠂ ᠮᠠᠰᠢᠨ ᠲᠡᠷᠭᠡ᠂ ᠬᠥᠯᠭᠡ ᠣᠩᠭᠤᠴᠠ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠠᠭᠠᠨ ᠡᠮᠬᠢ ᠵᠢᠷᠤᠮ ᠢ ᠰᠠᠬᠢᠵᠤ᠂ ᠪᠦᠬᠦ ᠶᠠᠪᠤᠴᠠ ᠳᠤ ᠠᠮᠠᠪᠴᠢ ᠵᠡᠭᠦᠵᠦ᠂ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠶᠢᠨ ᠬᠠᠮᠲᠤ ᠪᠢᠴᠢᠭ ᠪᠠᠷᠢᠮᠲᠠ ᠪᠠᠨ ᠰᠠᠶᠢᠲᠤᠷ ᠬᠠᠳᠠᠭᠠᠯᠠᠵᠤ ᠪᠠᠶᠢᠴᠠᠭᠠᠨ ᠯᠠᠪᠯᠠᠬᠤ ᠳᠤ ᠳᠦᠭᠦᠮ ᠪᠣᠯᠭᠠᠬᠤ ᠶᠢ ᠰᠠᠨᠠᠭᠤᠯᠵᠤ ᠪᠠᠶᠢᠨ᠎ᠠ᠃        ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ  
 
ᠢᠷᠡᠯᠲᠡ᠄ ᠲᠤᠲᠤᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号