ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ ᠤᠯᠤᠰ ᠤᠨ | ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 10 ᠤ ᠦᠳᠡ ᠶᠢᠨ ᠡᠮᠦᠨ᠎ᠡ ᠪᠤᠯᠵᠤᠭ᠎ᠠ ᠪᠠᠷ ᠠᠮᠧᠷᠢᠺᠠ ᠶᠢᠨ | ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠣᠯᠤᠨ | ᠬᠤᠶᠠᠷ ᠲᠠᠯ᠎ᠠ ᠶᠢᠨ ᠠᠩᠬᠠᠷᠴᠤ ᠪᠠᠶᠢᠭ᠎ᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠦᠨᠡᠨᠴᠢ᠂ ᠭᠦᠨᠵᠡᠭᠡᠢ᠂ | ᠥᠷᠭᠡᠨ ᠳᠡᠯᠭᠡᠷ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠤᠯᠤᠯᠴᠠᠭ᠎ᠠ ᠪᠠ ᠰᠣᠯᠢᠯᠴᠠᠭ᠎ᠠ ᠬᠢᠵᠡᠢ᠃ | ᠰᠢ ᠶᠢᠨ ᠫᠢᠩ ᠡᠩ ᠲᠡᠷᠢᠭᠦᠨ ᠳᠤ ᠠᠶᠤᠯᠳᠤ ᠰᠠᠯᠬᠢ ︽ᠠᠶᠢᠳᠠ︾ ᠠᠮᠧᠷᠢᠺᠠ ᠶᠢᠨ ᠤᠯᠠᠨ ᠭᠠᠵᠠᠷ ᠲᠤ | ᠬᠥᠮᠦᠨ ᠬᠠᠷ᠎ᠠ ᠶᠢ ᠠᠲᠡᠬᠦᠯᠵᠥ ᠰᠢᠷᠬᠠᠳᠤᠭᠤᠯᠤᠭᠰᠠᠨ ᠪᠠ ᠡᠳ᠋ ᠬᠦᠷᠦᠩᠭᠡ ᠶᠢ ᠬᠤᠬᠢᠷᠠᠭᠤᠯᠤᠭᠰᠠᠨ ᠳᠤ ᠪᠠᠶᠢᠳᠧᠨ | ᠪᠣᠯᠤᠨ ᠠᠮᠧᠷᠢᠺᠠ ᠶᠢᠨ ᠠᠷᠠᠳ ᠲᠦᠮᠡᠨ ᠢ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠪᠠᠶᠢᠳᠧᠨ ᠡᠭᠦᠨ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠬᠡᠰᠡᠭ ᠬᠤᠭᠤᠴᠠᠭᠠᠨ ᠤ ᠲᠤᠷᠰᠢ᠂ ᠠᠮᠧᠷᠢᠺᠠ ᠶᠢᠨ ᠳᠤᠮᠳᠠᠳᠤ ᠤᠯᠤᠰ ᠲᠤ | ᠬᠠᠨᠳᠤᠭᠤᠯᠤᠭᠰᠠᠨ ᠲᠦᠷᠦ ᠶᠢᠨ ᠪᠤᠳᠤᠯᠭ᠎ᠠ ᠨᠢ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠦᠨᠳᠦ ᠨᠣᠴᠢᠲᠠᠢ | ᠬᠦᠴᠢᠷᠳᠡᠯ ᠳᠤ ᠤᠴᠠᠷᠠᠭᠤᠯᠵᠠᠢ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ | ᠪᠣᠯᠤᠨ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠠᠰᠢᠭ ᠲᠤᠰᠠ ᠲᠠᠢ ᠨᠡᠶᠢᠴᠡᠬᠦ ᠦᠭᠡᠢ ᠶᠤᠮ᠃ ᠳᠤᠮᠳᠠᠳᠤ | ᠠᠮᠧᠷᠢᠺᠠ ᠪᠣᠯ ᠲᠤᠰ ᠲᠤᠰ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠪᠠ ᠬᠠᠮᠤᠭ ᠤᠨ ᠶᠡᠭᠡ ᠬᠥᠭᠵᠢᠭᠰᠡᠨ | ᠤᠯᠤᠰ ᠮᠥᠨ᠂ ᠳᠤᠮᠳᠠᠳᠤ ᠠᠮᠧᠷᠢᠺᠠ ᠬᠠᠷᠢᠯᠴᠠᠭ᠎ᠠ ᠪᠠᠨ ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ ᠨᠢ | ᠳᠡᠯᠡᠬᠡᠢ ᠶᠢᠨ ᠢᠷᠡᠭᠡᠳᠦᠢ ᠶᠢᠨ ᠬᠤᠪᠢ ᠵᠠᠶᠠᠭ᠎ᠠ ᠲᠠᠢ ᠬᠤᠯᠪᠣᠭᠳᠠᠵᠤ᠂ ᠬᠤᠶᠠᠷ ᠤᠯᠤᠰ ᠤᠨ ᠡᠷᠬᠡᠪᠰᠢ ᠰᠠᠶᠢᠲᠤᠷ | ᠬᠠᠷᠢᠭᠤᠯᠬᠤ ᠴᠢᠬᠤᠯᠠᠳᠠᠢ ᠡᠷᠢᠨ ᠵᠠᠭᠤᠨ ᠤ ᠠᠰᠠᠭᠤᠯᠲᠠ ᠪᠣᠯᠤᠨ᠎ᠠ᠃ ᠳᠤᠮᠳᠠᠳᠤ ᠠᠮᠧᠷᠢᠺᠠ ᠬᠠᠮᠲᠤᠷᠠᠯᠴᠠᠪᠠᠯ | ᠬᠤᠶᠠᠷ ᠤᠯᠤᠰ ᠪᠣᠯᠤᠨ ᠳᠡᠯᠡᠬᠡᠢ ᠳ᠋ᠠᠬᠢᠨ ᠴᠥᠮ ᠠᠰᠢᠭ ᠬᠦᠷᠳᠡᠨ᠎ᠠ︔ ᠳᠤᠮᠳᠠᠳᠤ ᠠᠮᠧᠷᠢᠺᠠ ᠡᠰᠡᠷᠭᠦᠴᠡᠯᠳᠦᠪᠡᠯ᠂ | ᠬᠤᠶᠠᠷ ᠤᠯᠤᠰ ᠪᠠ ᠳᠡᠯᠡᠬᠡᠢ ᠶᠢᠷᠲᠢᠨᠴᠦ ᠴᠥᠮ ᠠᠶᠤᠯ ᠵᠤᠪᠠᠯᠠᠩ ᠳᠤ ᠤᠴᠠᠷᠠᠬᠤ ᠪᠣᠯᠤᠨ᠎ᠠ᠃ ᠳᠤᠮᠳᠠᠳᠤ | ᠠᠮᠧᠷᠢᠺᠠ ᠶᠢᠨ ᠬᠠᠷᠢᠯᠴᠠᠭ᠎ᠠ ᠪᠣᠯ ᠰᠠᠶᠢᠨ ᠪᠤᠯᠭᠠᠬᠤ ᠡᠰᠡᠬᠦ ᠶᠢᠨ ᠰᠣᠩᠭᠤᠯᠲᠠ ᠶᠢᠨ ᠰᠡᠳᠦᠪ ᠪᠢᠰᠢ᠂ ᠬᠠᠷᠢᠨ ᠬᠡᠷᠬᠢᠨ | ᠰᠠᠶᠢᠨ ᠪᠤᠯᠭᠠᠬᠤ ᠪᠤᠢ ᠭᠡᠰᠡᠨ ᠵᠠᠪᠠᠯ ᠬᠠᠷᠢᠭᠤᠯᠬᠤ ᠰᠡᠳᠦᠪ ᠮᠥᠨ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠰᠢᠯᠦᠭ ᠲᠤ᠄ ︽ᠠᠭᠤᠯᠠ ᠳᠠᠪᠬᠤᠷᠯᠠᠨ ᠤᠰᠤ | ᠬᠦᠨᠳᠡᠯᠢᠰᠦᠨ ᠵᠠᠮ ᠮᠤᠬᠤᠷᠳᠠᠪᠠᠦ ᠬᠡᠮᠡᠳᠡᠯ᠎ᠡ᠂ ᠤᠳᠠ ᠬᠥᠬᠡᠷᠡᠨ ᠴᠡᠴᠡᠭ ᠤᠯᠠᠯᠵᠠᠵᠤ ᠨᠢᠭᠡᠨ ᠲᠣᠰᠬᠤ ᠬᠠᠷᠠᠭᠳᠠᠪᠠᠢ︾ | ᠬᠡᠲᠡᠭ᠃ ᠳᠤᠮᠳᠠᠳᠤ ᠠᠮᠧᠷᠢᠺᠠ 1971 ᠣᠨ ᠳᠤ ᠬᠤᠶᠠᠷ ᠲᠠᠯ᠎ᠠ ᠶᠢᠨ ᠬᠠᠷᠢᠯᠴᠠᠭ᠎ᠠ ᠰᠠᠶᠢᠵᠢᠷᠠᠭᠰᠠᠨ ᠠᠴᠠ | ᠨᠠᠭᠠᠰᠢ᠂ ᠭᠠᠷ ᠬᠤᠯᠪᠣᠨ ᠬᠠᠮᠲᠤᠷᠠᠯᠴᠠᠵᠤ᠂ ᠡᠯ᠎ᠡ ᠤᠯᠤᠰ ᠲᠤ ᠦᠨᠡᠨ ᠪᠣᠳᠠᠲᠠᠢ ᠠᠰᠢᠭ ᠬᠦᠷᠲᠡᠭᠡᠪᠡ᠃ | ᠣᠳᠣᠬᠠᠨ ᠳᠤ᠂ ᠳᠡᠯᠡᠬᠡᠢ ᠨᠡᠶᠢᠭᠡᠮ ᠳᠤ ᠮᠠᠰᠢ ᠤᠯᠠᠨ ᠬᠠᠮᠲᠤ ᠶᠢᠨ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠂ | ᠳᠤᠮᠳᠠᠳᠤ ᠠᠮᠧᠷᠢᠺᠠ ᠲᠤᠮᠤ ᠪᠠᠶᠢᠷᠢᠰᠢᠯ ᠢ ᠢᠯᠡᠷᠡᠭᠦᠯᠵᠦ᠂ ᠶᠡᠭᠡ ᠡᠭᠦᠷᠭᠡᠯᠡᠯ ᠢ ᠡᠭᠦᠷᠭᠡᠯᠡᠵᠦ᠂ ᠤᠷᠤᠭᠰᠢ ᠪᠠᠨ | ᠬᠠᠷᠠᠵᠤ ᠤᠷᠤᠬᠰᠢᠯᠡᠨ ᠶᠠᠪᠤᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠪᠠ ᠤᠯᠤᠰ ᠲᠦᠷᠦ ᠶᠢᠨ ᠰᠥᠰᠥ | ᠵᠤᠷᠢᠬ ᠢᠶᠠᠷ ᠳᠤᠮᠳᠠᠳᠤ ᠠᠮᠧᠷᠢᠺᠠ ᠶᠢᠨ ᠬᠠᠷᠢᠯᠴᠠᠭ᠎ᠠ ᠲᠣᠭᠲᠠᠭᠤᠨ ᠬᠥᠭᠵᠢᠯᠲᠡ ᠶᠢᠨ ᠵᠥᠪ ᠵᠠᠮ ᠳᠤ ᠲᠦᠷᠭᠡᠨ | ᠪᠤᠴᠠᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠪᠣᠯᠤᠨ ᠳᠡᠯᠡᠬᠡᠢ ᠶᠢᠨ ᠡᠯ᠎ᠡ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠪᠡᠯ ᠵᠣᠬᠢᠨ᠎ᠠ ᠭᠡᠵᠤ ᠴᠢᠬᠤᠯᠠᠴᠢᠯᠠᠵᠠᠢ᠃ | ᠰᠢ ᠶᠢᠨ ᠫᠢᠩ ᠠᠭᠤᠷ ᠠᠮᠢᠰᠬᠤᠯ ᠤᠨ ᠬᠤᠪᠢᠷᠠᠯᠲᠠ ᠵᠡᠷᠭᠡ ᠠᠰᠠᠭᠤᠳᠠᠯ ᠤᠨ ᠲᠤᠬᠠᠢ ᠳᠤᠮᠳᠠᠳᠤ ᠤᠯᠤᠰ ᠤᠨ | ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠥᠪᠡᠷ ᠤᠨ | ᠤᠯᠤᠰ ᠤᠨ ᠪᠠᠶᠢᠳᠠᠯ ᠲᠠᠢ ᠪᠠᠨ ᠵᠣᠬᠢᠴᠠᠭᠰᠠᠨ ᠤᠯᠠᠨ ᠤᠯᠤᠰ ᠤᠨ ᠬᠠᠷᠢᠭᠤᠴᠠᠯᠭ᠎ᠠ ᠶᠢ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠭᠡᠷ ᠢᠷᠡᠪᠡ᠃ ᠵᠥᠷᠢᠯᠳᠦᠭᠡᠨ ᠢᠶᠠᠨ ᠬᠠᠷᠢᠯᠴᠠᠨ ᠭᠤᠤᠯᠯᠠᠨ ᠠᠩᠬᠠᠷᠴᠤ᠂ | ᠲᠣᠬᠢᠲᠠᠶ ᠬᠠᠮᠢᠶᠠᠷᠤᠨ ᠡᠵᠡᠮᠳᠡᠬᠦ ᠶᠢ ᠬᠦᠨᠳᠦᠳᠭᠡᠭᠰᠡᠨ ᠰᠠᠭᠤᠷᠢᠨ ᠳᠡᠭᠡᠷ᠎ᠡ᠂ ᠬᠤᠶᠠᠷ ᠤᠯᠤᠰ ᠤᠨ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠶᠠᠷᠢᠯᠴᠠᠭ᠎ᠠ ᠬᠢᠵᠦ᠂ ᠠᠭᠤᠷ ᠠᠮᠢᠰᠬᠤᠯ ᠤᠨ ᠬᠤᠪᠢᠷᠠᠯᠲᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢᠨ ᠰᠡᠷᠭᠦᠯᠲᠡ ᠵᠢᠴᠢ ᠳᠡᠯᠡᠬᠡᠶ ᠶᠢᠨ ᠪᠠ ᠭᠠᠵᠠᠷ | ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠢ ᠵᠣᠬᠢᠴᠠᠭᠤᠯᠭ᠎ᠠ ᠪᠠ ᠬᠠᠮᠲᠤᠷᠠᠯᠴᠠᠭ᠎ᠠ ᠪᠠᠨ | ᠠᠬᠢᠭᠤᠯᠬᠤ ᠶᠢᠨ ᠬᠠᠮᠲᠤ ᠨᠠᠩ ᠣᠯᠠᠨ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠬᠤᠶᠠᠷ ᠤᠯᠤᠰ ᠤᠨ | ᠬᠠᠷᠢᠯᠴᠠᠭ᠎ᠠ ᠳᠤ ᠨᠠᠩ ᠣᠯᠠᠨ ᠢᠳᠡᠪᠬᠢᠲᠡᠶ ᠬᠦᠴᠦᠨ ᠵᠦᠢᠯ ᠨᠡᠮᠡᠷᠢᠯᠡᠵᠦ ᠪᠣᠯᠤᠨ᠎ᠠ ᠭᠡᠵᠤ ᠴᠢᠬᠤᠯᠠᠴᠢᠯᠠᠵᠠᠢ᠃ | ᠪᠠᠶᠢᠳᠧᠨ᠂ ᠳᠡᠯᠡᠬᠡᠢ ᠳ᠋ᠡᠬᠢᠨ ᠶᠠᠭ ᠲᠦᠷᠭᠡᠨ ᠬᠤᠪᠢᠷᠠᠯᠲᠠ ᠶᠢ ᠥᠩᠭᠡᠷᠡᠭᠡᠵᠦ ᠪᠤᠢ᠂ ᠠᠮᠧᠷᠢᠺᠠ | ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ | ᠪᠣᠯᠤᠨ᠎ᠠ᠂ ᠠᠮᠧᠷᠢᠺᠠ ᠳᠤᠮᠳᠠᠳᠤ ᠬᠡᠷᠬᠢᠨ ᠬᠠᠮᠲᠤᠷᠠᠯᠴᠠᠨ ᠶᠠᠪᠤᠯᠴᠠᠬᠤ ᠨᠢ ᠶᠡᠭᠡ ᠬᠡᠮᠵᠢᠶᠠᠨ ᠲᠡᠭᠡᠷ᠎ᠡ ᠳᠡᠯᠡᠬᠡᠢ ᠶᠢᠨ | ᠢᠷᠡᠭᠡᠳᠦᠢ ᠶᠢ ᠨᠦᠯᠦᠭᠡᠯᠡᠨ᠎ᠠ᠃ ᠬᠤᠶᠠᠷ ᠤᠯᠤᠰ ᠥᠷᠢᠰᠥᠯᠳᠦᠭᠡᠨ ᠠᠴᠠ ᠪᠣᠯᠵᠤ ᠮᠥᠷᠭᠦᠯᠳᠦᠭᠡᠨ ᠤ ᠪᠠᠶᠢᠳᠠᠯ ᠳᠤ | ᠣᠷᠣᠬᠤ ᠰᠢᠯᠲᠠᠭᠠᠨ ᠦᠭᠡᠢ᠃ ᠠᠮᠧᠷᠢᠺᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ | ᠪᠤᠳᠤᠯᠭ᠎ᠠ ᠶᠢ ᠶᠠᠷᠦ ᠠᠴᠠ ᠬᠤᠪᠢᠷᠠᠭᠤᠯᠬᠤ ᠰᠠᠨᠠᠭ᠎ᠠ ᠦᠭᠡᠢ᠃ ᠠᠮᠧᠷᠢᠺᠠ ᠶᠢᠨ ᠬᠢᠨ ᠳᠤᠷᠠᠲᠠᠶ᠎ᠠ ᠳᠤᠮᠳᠠᠳᠤ ᠶᠢᠨ | ᠲᠠᠯ᠎ᠠ ᠲᠠᠢ ᠨᠡᠩ ᠤᠯᠠᠨ ᠦᠨᠡᠨᠴᠢ ᠰᠣᠯᠢᠯᠴᠠᠭ᠎ᠠ ᠪᠣᠯᠤᠨ ᠪᠦᠲᠦᠭᠡᠯᠴᠢ ᠴᠢᠨᠠᠷᠲᠠᠢ ᠶᠠᠷᠢᠯᠴᠠᠭ᠎ᠠ ᠥᠷᠨᠢᠭᠦᠯᠵᠦ᠂ | ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠵᠤ ᠪᠤᠯᠬᠤ ᠭᠤᠣᠯᠳᠠᠯᠭ᠎ᠠ ᠪᠣᠯᠤᠨ ᠤᠷᠢᠳ ᠢᠶᠠᠷ ᠪᠣᠳᠣᠯᠬᠢᠯᠠᠬᠤ | ᠬᠦᠷᠢᠶ᠎ᠡ ᠶᠢ ᠲᠣᠭᠲᠠᠭᠠᠵᠤ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠣᠯᠤᠨ ᠰᠠᠨᠠᠭᠠᠨ ᠳᠤ ᠦᠭᠡᠢ | ᠮᠥᠷᠭᠦᠯᠳᠦᠭᠡᠨ ᠡᠬᠦᠰᠬᠦ ᠠᠴᠠ ᠵᠠᠶᠢᠯᠠᠰᠬᠢᠵᠦ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢᠨ ᠲᠠᠬᠢᠨ ᠵᠥᠪ ᠵᠠᠮ ᠳᠤ | ᠣᠷᠣᠬᠤ ᠶᠢ ᠠᠬᠢᠭᠤᠯᠤᠨ᠎ᠠ᠃ ᠠᠮᠧᠷᠢᠺᠠ ᠶᠢᠨ ᠬᠢᠨ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ | ᠵᠡᠷᠭᠡ ᠴᠢᠬᠤᠯᠠ ᠠᠰᠠᠭᠤᠳᠠᠯ ᠤᠨ ᠲᠤᠬᠠᠢ ᠤᠯᠤᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ | ᠬᠠᠮᠲᠤ ᠶᠢᠨ ᠲᠠᠨᠢᠯᠲᠠ ᠲᠠᠢ ᠪᠣᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ᠂ ᠳᠤᠮᠳᠠᠳᠤ ᠠᠮᠧᠷᠢᠺᠠ ᠶᠢᠨ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠪᠣᠯᠤᠨ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠤᠨ ᠲᠤᠬᠠᠢ ᠭᠦᠨᠵᠡᠭᠡᠢ ᠤᠯᠤᠯᠴᠠᠬᠤ ᠨᠢ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠵᠥᠪ ᠬᠥᠭᠵᠢᠯᠲᠡ ᠶᠢ ᠬᠦᠳᠦᠯᠥᠨ ᠳᠠᠭᠠᠭᠤᠯᠬᠤ ᠳᠤ ᠲᠦᠢᠯ ᠤᠨ | ᠴᠢᠬᠤᠯᠠ ᠶᠤᠮ ᠭᠡᠵᠦ ᠰᠠᠨᠠᠯ ᠨᠢᠭᠡᠲᠡᠢ ᠦᠵᠡᠵᠦ᠂ ᠦᠷᠭᠦᠯᠵᠢᠯᠡᠨ ᠤᠯᠠᠨ ᠵᠦᠢᠯ ᠤᠨ ᠬᠡᠯᠪᠡᠷᠢ ᠪᠠᠷ ᠪᠠᠶᠢᠩᠭᠤ ᠶᠢᠨ | ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠵᠦ᠂ ᠬᠤᠶᠠᠷ ᠲᠠᠯ᠎ᠠ ᠶᠢᠨ ᠠᠵᠢᠯ ᠤᠨ ᠳᠠᠪᠬᠤᠷᠭ᠎ᠠ ᠶᠢᠨ ᠬᠢᠨ | ᠱᠠᠯᠠᠪᠳᠠᠨ ᠠᠵᠢᠯᠯᠠᠵᠤ᠂ ᠥᠷᠭᠡᠨ ᠢᠶᠠᠷ ᠶᠠᠷᠢᠯᠴᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠤᠷᠤᠬᠰᠢ | ᠬᠥᠭᠵᠢᠬᠦ ᠳᠤ ᠨᠥᠬᠦᠴᠡᠯ ᠪᠦᠷᠢᠯᠳᠦᠭᠦᠯᠵᠦ ᠥᠭᠬᠦ ᠶᠢ ᠲᠠᠭᠠᠭᠠᠯᠭᠠᠪᠠ᠃ | |