ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ | ᠪᠠᠭᠠᠰᠬᠠᠬᠤ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠠᠮᠤ ᠪᠤᠳᠠᠭᠠᠨ ᠤ ᠠᠮᠤᠷ ᠲᠦᠪᠰᠢᠨ ᠪᠣᠯ ᠬᠥᠮᠦᠨ ᠲᠥᠷᠥᠯᠬᠢᠲᠡᠨ ᠤ ᠣᠷᠣᠰᠢᠨ | ᠲᠣᠭᠲᠠᠨᠢᠬᠤ ᠳᠤ ᠬᠤᠯᠪᠣᠭᠳᠠᠬᠤ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠂ ᠠᠮᠤ ᠪᠤᠳᠠᠭᠠᠨ ᠤ | ᠬᠤᠷᠣᠭᠳᠠᠭᠤᠯᠤᠯ ᠢ ᠪᠠᠭᠠᠰᠬᠠᠬᠤ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠵᠠᠮ | ᠪᠣᠯᠤᠨ᠎ᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ | ᠪᠥᠮᠪᠥᠷᠴᠡᠭ ᠲᠤ ᠦᠷᠪᠢᠰᠦᠨ ᠳᠡᠯᠭᠡᠷᠡᠵᠦ᠂ ᠠᠮᠤ ᠪᠤᠳᠠᠭᠠᠨ ᠤ ᠠᠮᠤᠷ ᠲᠦᠪᠰᠢᠨ ᠥᠷᠢᠰᠥᠯᠳᠦᠭᠡᠨ ᠳᠤ ᠲᠤᠯᠭᠠᠷᠠᠵᠤ | ᠪᠤᠢ᠂ ᠳᠡᠯᠡᠬᠡᠢ ᠶᠢᠨ ᠡᠯ᠎ᠡ ᠤᠯᠤᠰ ᠲᠦᠷᠭᠡᠨ ᠬᠥᠳᠡᠯᠦᠯᠴᠡᠵᠦ᠂ ᠳᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ | ᠦᠨᠡᠨ ᠬᠦ ᠪᠠᠭᠠᠰᠬᠠᠪᠠᠯ ᠵᠣᠬᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ | ᠬᠤᠷᠠᠯᠳᠤᠭᠤᠯᠤᠭᠰᠠᠨ ᠪᠣᠯ ᠳᠤᠮᠳᠠᠳᠤ ᠶᠢᠨ ᠲᠠᠯ᠎ᠠ ᠶᠢᠨ ᠨᠢᠳᠤᠨᠤᠨ ᠤ ᠬᠤᠷᠢᠨ ᠤᠯᠤᠰ ᠤᠨ ᠪᠦᠯᠦᠭᠯᠡᠯ ᠤᠨ | ᠤᠳᠤᠷᠢᠳᠬᠤ ᠬᠥᠮᠦᠰ ᠤᠨ ᠠᠷᠪᠠᠨ ᠲᠠᠪᠤᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠡᠭᠡᠷ᠎ᠡ | ᠳᠤᠷᠠᠳᠤᠭᠰᠠᠨ ᠰᠠᠨᠠᠭᠠᠴᠢᠯᠠᠭ᠎ᠠ ᠪᠣᠯᠤᠨ᠎ᠠ᠃ ᠡᠯ᠎ᠡ ᠲᠠᠯ᠎ᠠ ᠶᠢᠨ ᠬᠢᠨ ᠲᠤᠰ ᠤᠳᠠᠭ᠎ᠠ ᠶᠢᠨ ᠶᠡᠭᠡ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠭᠠᠷ ᠬᠤᠯᠪᠣᠯᠴᠠᠨ ᠬᠠᠮᠲᠤᠷᠠᠯᠴᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ | ᠵᠥᠪᠯᠡᠬᠦ ᠵᠦᠢᠯ ᠢ ᠨᠠᠶᠢᠳᠠᠪᠤᠷᠢᠵᠢᠭᠤᠯᠵᠤ᠂ ᠥᠯᠥᠰᠬᠦᠯᠡᠩ ᠦᠭᠡᠢ᠂ ᠶᠠᠳᠠᠭᠤᠷᠠᠯ ᠦᠭᠡᠢ ᠪᠠᠶᠢᠬᠤ ᠬᠠᠷᠠᠯᠲᠠ ᠶᠢ | ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠵᠦ᠂ ᠳᠡᠯᠡᠬᠡᠢ ᠶᠢᠨ ᠠᠮᠤ ᠪᠤᠳᠠᠭᠠᠨ ᠤ ᠠᠮᠤᠷ ᠲᠦᠪᠰᠢᠨ ᠢ | ᠬᠠᠮᠠᠭᠠᠯᠠᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ | ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠲᠡᠯᠡᠬᠡᠢ ᠶᠢᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠲᠤᠬᠠᠶ ᠶᠢᠨ ᠡᠳᠦᠷ | ᠱᠠᠨᠳᠦ᠋ᠩ ᠮᠤᠵᠢ ᠶᠢᠨ ᠵᠢᠨᠠᠨ ᠬᠤᠲᠠ ᠳᠤ ᠡᠬᠢᠯᠡᠵᠠᠢ᠃ ︽ᠠᠮᠤ ᠪᠤᠳᠠᠭᠠᠨ ᠤ ᠬᠤᠷᠣᠭᠳᠠᠭᠤᠯᠤᠯ ᠪᠥᠷᠢᠯᠬᠡᠯ ᠢ | ᠪᠠᠭᠠᠰᠬᠠᠵᠤ᠂ ᠳᠡᠯᠡᠬᠡᠶ ᠶᠢᠨ ᠠᠮᠤ ᠪᠤᠳᠠᠭᠠᠨ ᠤ ᠠᠮᠤᠷ ᠲᠦᠪᠰᠢᠨ ᠢ ᠠᠬᠢᠭᠤᠯᠤᠶ᠎ᠠ︾ ᠬᠡᠬᠦ ᠪᠠᠷ ᠭᠤᠤᠯ ᠰᠡᠳᠦᠪ | ᠪᠣᠯᠭᠠᠵᠤ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠂ ᠱᠠᠨᠳᠦ᠋ᠩ | ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠷᠭᠢᠯᠡᠪᠡ᠃ |