ᠡᠵᠡᠨ᠎ᠡ ᠬᠤᠰᠢᠭᠤᠨ ᠤ ᠡᠯ᠎ᠡ ᠦᠵᠡᠮᠵᠢ ᠶᠢᠨ ᠣᠷᠣᠨ ᠵᠣᠴᠢᠳ ᠢ ᠤᠭᠲᠤᠬᠤ ᠪᠠᠷ ᠪᠦᠬᠦ ᠬᠦᠴᠦᠨ ᠢᠶᠠᠷ ᠢᠶᠠᠨ ᠪᠡᠯᠡᠳᠬᠡᠵᠦ ᠪᠠᠶᠢᠨ᠎ᠠ
ᠨᠡᠶᠢᠲᠡᠯᠡᠭᠰᠡᠨ ᠴᠠᠭ᠄
2021/9/16
     ᠵᠢᠯ ᠳᠤ ᠨᠢᠭᠡ ᠤᠳᠠᠭ᠎ᠠ ᠪᠣᠯᠬᠤ ᠤᠯᠤᠰ ᠤᠨ ᠪᠠᠶᠠᠷ᠂ ᠲᠣᠣᠷᠠᠢ ᠶᠢᠨ ᠨᠠᠶᠢᠷ ᠡᠳᠦᠷ ᠢᠷᠡᠬᠦᠶ᠎ᠡ ᠣᠶᠢᠷᠠᠳᠴᠤ᠂ ᠵᠤᠭᠠᠴᠠᠭᠰᠠᠳ ᠣᠯᠠᠰᠢᠷᠠᠬᠤ ᠶᠢ ᠳᠠᠭᠠᠯᠳᠤᠨ᠂ ᠡᠵᠡᠨ᠎ᠡ ᠬᠤᠰᠢᠭᠤᠨ ᠤ ᠡᠯ᠎ᠡ ᠭᠤᠣᠯ ᠪᠣᠯᠬᠤ ᠵᠢᠭᠤᠯᠴᠢᠯᠠᠯ ᠤᠨ ᠦᠵᠡᠮᠵᠢ ᠶᠢᠨ ᠣᠷᠣᠨ ᠵᠢᠭᠤᠯᠴᠢᠯᠠᠯ ᠤᠨ ᠬᠦᠯᠢᠶᠡᠨ ᠠᠪᠬᠤ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠢ ᠢᠳᠡᠪᠬᠢᠲᠡᠢ ᠰᠠᠶᠢᠲᠤᠷ ᠬᠢᠵᠦ ᠪᠠᠶᠢᠨ᠎ᠠ᠃      ᠨᠢᠭᠡ ᠳᠤ᠂ ᠲᠤᠤᠷᠠᠶ ᠶᠢᠨ ᠣᠶ ᠶᠢᠨ ᠦᠵᠡᠮᠵᠢ ᠶᠢᠨ ᠣᠷᠣᠨ ᠤ ᠬᠠᠮᠢᠶᠠᠷᠤᠯᠲᠠ ᠪᠠᠨ ᠴᠢᠩᠭᠠᠳᠬᠠᠵᠤ᠂ ᠬᠥᠮᠦᠰ ᠤᠨ ᠣᠷᠭᠢᠯ ᠤᠨ ᠬᠤᠭᠤᠴᠠᠭᠠᠨ ᠤ ᠭᠡᠨᠡᠳᠲᠡ ᠶᠢᠨ ᠤᠷᠢᠳᠴᠢᠯᠠᠭᠰᠠᠨ ᠲᠥᠰᠦᠯ᠂ ᠠᠶᠤᠯ ᠥᠬᠡᠶ ᠦᠢᠯᠡᠳᠪᠦᠷᠢᠯᠡᠯ ᠤᠨ ᠲᠥᠰᠦᠯ ᠢ ᠨᠡᠶᠢᠲᠡᠯᠡᠬᠦ ᠶᠢᠨ ᠬᠠᠮᠲᠤ᠂ ᠡᠯ᠎ᠡ ᠴᠡᠭ ᠡᠯ᠎ᠡ ᠡᠭᠦᠳᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠬᠦᠭᠡᠷᠦᠮᠵᠢ ᠳᠣᠭᠢᠷᠠᠭᠤᠯᠵᠤ᠂ ᠬᠥᠮᠦᠨ ᠤ ᠵᠢᠰᠦ ᠶᠢ ᠢᠯᠭᠠᠨ ᠲᠠᠨᠢᠬᠤ ᠤᠯᠠᠭᠠᠨ ᠤ ᠭᠠᠳᠠᠨᠠᠬᠢ ᠳᠤᠯᠠᠭᠠᠨ ᠤ ᠬᠡᠮᠵᠢᠯᠲᠡ ᠵᠡᠷᠭᠡ ᠲᠥᠬᠦᠭᠡᠷᠦᠮᠵᠢ ᠶᠢ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠬᠤᠶᠠᠷ ᠲᠤ᠂ ᠡᠯᠡᠰᠦᠨ ᠴᠥᠯ ᠤᠨ ᠲᠤᠤᠷᠠᠶ ᠶᠢᠨ ᠣᠶ ᠶᠢᠨ ᠦᠵᠡᠮᠵᠢ ᠶᠢᠨ ᠣᠷᠣᠨ ᠨᠢ ᠦᠵᠡᠮᠵᠢ ᠶᠢᠨ ᠭᠠᠵᠠᠷ ᠤᠨ ᠦᠵᠡᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠦᠵᠡᠮᠵᠢ ᠶᠢᠨ ᠣᠷᠣᠨ ᠤ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠵᠠᠮ ᠱᠤᠭᠤᠮ ᠢ ᠰᠢᠨ᠎ᠡ ᠪᠠᠷ ᠲᠥᠯᠥᠪᠵᠢᠭᠦᠯᠵᠦ᠂ ᠦᠵᠡᠮᠵᠢ ᠶᠢᠨ ᠣᠷᠣᠨ ᠤ ᠵᠠᠮᠴᠢᠯᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠶᠢᠨ ᠬᠠᠮᠲᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠠᠵᠢᠯᠲᠠᠳ 9 ᠰᠠᠷ᠎ᠠ ᠶᠢᠨ 15 ᠤ ᠡᠳᠦᠷ ᠪᠦᠬᠦᠨ ᠢᠶᠠᠷ ᠢᠶᠠᠨ ᠠᠵᠢᠯ ᠳᠠᠭᠠᠨ ᠭᠠᠷᠴᠦ᠂ ᠵᠢᠭᠤᠯᠴᠢᠯᠠᠭᠰᠠᠳ ᠲᠤ ᠰᠢᠯᠢᠳᠡᠭ ᠦᠢᠯᠡᠴᠢᠯᠡᠭᠡ ᠬᠠᠩᠭᠠᠨ᠎ᠠ᠃ ᠭᠤᠷᠪᠠ ᠳᠤ᠂ ᠬᠠᠷ᠎ᠠ ᠬᠤᠲᠠ ᠶᠢᠨ ᠲᠣᠣᠷᠠᠢ ᠶᠢᠨ ᠦᠵᠡᠮᠵᠢ ᠶᠢᠨ ᠣᠷᠣᠨ ᠳᠤ ᠬᠠᠷ᠎ᠠ ᠬᠤᠲᠠ ᠶᠢᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 500 ᠬᠤᠨᠤᠭ ᠤᠨ ᠦᠷᠦᠭᠡ ᠶᠢ ᠰᠢᠨ᠎ᠡ ᠪᠠᠷ ᠪᠠᠶᠢᠭᠤᠯᠵᠤ᠂ ᠣᠳᠣᠬᠠᠨ ᠳᠤ ᠶᠠᠭ ᠳᠣᠲᠣᠭᠠᠳᠤ ᠲᠥᠬᠦᠭᠡᠷᠦᠮᠵᠢ ᠶᠢ ᠤᠭᠰᠠᠷᠠᠨ ᠪᠠᠶᠢᠷᠢᠰᠢᠭᠤᠯᠵᠤ᠂ 9 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠵᠤ᠂ ᠪᠦᠬᠦ ᠤᠯᠤᠰ ᠤᠨ ᠵᠤᠭᠠᠴᠠᠭᠰᠠᠳ ᠲᠤ ᠣᠷᠣᠨ ᠨᠤᠲᠤᠭ ᠤᠨ ᠣᠨᠴᠠᠯᠢᠭ ᠲᠠᠢ᠂ ᠲᠦᠭᠦᠮ ᠲᠣᠬᠢᠯᠢᠭ ᠬᠤᠨᠤᠭ ᠤᠨ ᠣᠷᠴᠢᠨ ᠲᠣᠭᠤᠷᠢᠨ ᠢ ᠬᠠᠩᠭᠠᠬᠤ ᠪᠣᠯᠤᠨ᠎ᠠ᠃ ᠡᠭᠦᠨ ᠤ ᠬᠠᠮᠲᠤ᠂ ᠦᠵᠡᠮᠵᠢ ᠶᠢᠨ ᠣᠷᠣᠨ ᠤ ᠠᠵᠢᠯᠲᠠᠳ ᠡᠮᠦᠨᠡᠬᠢ ᠬᠤᠭᠤᠴᠠᠭᠠᠨ ᠤ ᠠᠵᠢᠯ ᠢᠶᠠᠨ ᠨᠢᠭᠡᠨᠲᠡ ᠤᠷᠢᠳᠴᠢᠯᠠᠨ ᠪᠣᠳᠠᠲᠠᠶᠢᠵᠢᠭᠤᠯᠵᠤ ᠥᠷᠨᠢᠭᠦᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号