ᠯᠢ ᠵᠥᠩ ᠽᠧᠩ ᠡᠵᠡᠨ᠎ᠡ ᠬᠤᠰᠢᠭᠤᠨ ᠳᠤ ᠬᠦᠷᠴᠦ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/9/16
       9 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠡᠵᠡᠨ᠎ᠡ ᠬᠤᠰᠢᠭᠤᠨ ᠳᠤ ᠬᠦᠷᠴᠦ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠵᠡᠷᠭᠡ ᠠᠵᠢᠯ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠰᠢᠭᠤ ᠰᠢᠶᠠᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠤᠨ ᠪᠡᠯᠡᠳᠬᠡᠯ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ︽ᠨᠠᠷᠢᠯᠢᠭ︾ ᠭᠡᠬᠦ  ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠳᠬᠤᠮᠠᠯ ᠬᠠᠳᠬᠤᠬᠤ ᠰᠢᠭ᠋ ᠬᠦᠴᠦ ᠣᠷᠣᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠣᠬᠢᠷᠠᠮᠵᠢᠲᠠᠶ ᠬᠤᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠪᠠᠶᠢᠴᠠᠭᠠᠨ ᠰᠤᠳᠤᠯᠤᠯᠲᠠ ᠳᠤ᠂ ᠯᠢ ᠵᠥᠩ ᠽᠧᠩ ᠤᠷᠢᠳ ᠬᠤᠵᠢᠳ ᠪᠦᠯᠬᠦᠮᠳᠡᠯ ᠰᠠᠭᠤᠭᠠᠯᠢ ᠠᠷᠠᠳ ᠤᠨ ᠲᠣᠭᠤᠷᠢᠭ᠂ ᠡᠵᠡᠨ᠎ᠡ ᠬᠤᠰᠢᠭᠤᠨ ᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠦᠵᠡᠬᠦᠯᠦᠯᠭᠡ ᠶᠢᠨ ᠲᠢᠩᠬᠢᠮ ᠪᠠ ᠤᠶᠤᠨᠲᠤ ᠬᠤᠲᠠ ᠶᠢᠨ ᠵᠢᠯᠣᠭᠤᠳᠬᠤ ᠲᠥᠪ᠂ ᠰᠤᠪᠨᠠᠭᠤᠷ ᠥᠷᠲᠡᠭᠡ᠂ ᠨᠤᠭᠤ ᠭᠠᠵᠠᠷ ᠤᠨ ᠰᠣᠶᠣᠯ ᠤᠨ ᠴᠡᠴᠡᠷᠯᠢᠭ᠂ ᠰᠤᠪᠨᠠᠭᠤᠷ ᠰᠣᠶᠣᠯ ᠤᠨ ᠬᠤᠲᠠ᠂ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠶ᠂ ᠮᠦᠽᠧᠶ᠂ ᠳᠣᠣᠷᠠᠢ ᠶᠢᠨ ᠣᠢ ᠶᠢᠨ ᠵᠤᠭᠠᠴᠠᠭᠰᠠᠳ ᠢ ᠭᠥᠯᠢᠶᠡᠨ ᠠᠪᠬᠤ ᠲᠥᠪ᠂ ᠪᠠᠶᠠᠠᠳᠣᠣᠷᠠᠢ ᠰᠤᠮᠤ ᠶᠢᠨ ᠵᠢᠷᠭᠠᠯᠠᠩᠲᠤ ᠭᠠᠴᠠᠭ᠎ᠠ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠦᠵᠡᠵᠦ᠂ ᠨᠠᠷᠢᠨ ᠰᠣᠨᠣᠰᠴᠤ᠂ ᠡᠵᠡᠨ᠎ᠡ ᠬᠤᠰᠢᠭᠤᠨ ᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠣᠯᠤᠭᠰᠠᠨ ᠦᠷ᠎ᠡ ᠪᠦᠲᠦᠮᠵᠢ ᠶᠢ ᠦᠵᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠤᠷᠰᠢᠯᠭ᠎ᠠ ᠠᠷᠭ᠎ᠠ ᠬᠢᠳᠡᠯ ᠢ ᠠᠰᠠᠭᠤᠨ ᠯᠠᠪᠯᠠᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠ ᠵᠥᠷᠢᠶ᠎ᠡ ᠶᠢ ᠨᠠᠷᠢᠨ ᠲᠣᠳᠣᠷᠬᠠᠶ ᠵᠢᠭᠠᠵᠤ ᠭᠠᠷᠭᠠᠪᠠ᠃        ᠯᠢ ᠵᠦᠩ ᠽᠧᠩ ᠠᠴᠠ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ ᠪᠣᠯ ᠣᠳᠣᠬᠢᠴᠢᠯᠠᠯᠲᠠ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠳᠣᠣᠱᠯᠠᠭᠤᠯᠵᠦ᠂        ︽ᠠᠷᠠᠳ ᠲᠦᠮᠡᠨ ᠤ ᠬᠤᠲᠠ ᠨᠢ ᠠᠷᠠᠳ ᠲᠦᠮᠡᠨ ᠤ ᠲᠥᠯᠥᠭᠡ ᠪᠠᠶᠢᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠬᠤᠲᠠ ᠶᠢᠨ ᠪᠥᠲᠥᠭᠡᠨ ᠪᠠᠶᠢᠭᠤᠯᠤᠭᠴᠢ᠂ ᠬᠠᠮᠢᠶᠠᠷᠤᠭᠴᠢ ᠪᠠ ᠦᠢᠯᠡᠴᠢᠯᠡᠭᠴᠢ ᠪᠣᠯᠵᠣ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢᠨ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠠᠷᠠᠳ ᠣᠯᠠᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠪᠠᠴᠢᠮ ᠳᠣᠯᠭᠠᠮ᠎ᠠ ᠬᠦᠴᠢᠷ ᠵᠣᠪᠠᠭᠤᠷᠢ ᠬᠦᠰᠡᠯ ᠡᠷᠡᠮᠡᠯᠵᠡᠯ ᠢ ᠬᠦᠴᠦᠯᠡᠨ ᠰᠢᠢᠳᠪᠦᠷᠢᠯᠡᠵᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ ᠭᠡᠪᠠ᠃        ᠯᠢ ᠵᠦᠩ ᠽᠧᠩ ᠠᠴᠠ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠨᠢ ᠡᠷᠬᠡᠪᠰᠢ ᠬᠤᠳᠠ ᠶᠢᠨ ᠬᠥᠭᠵᠢᠯᠲᠡ ᠳᠤ ᠵᠣᠬᠢᠴᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ︾ ᠶᠢᠨ ᠤᠬᠠᠮᠰᠠᠷ ᠢᠶᠠᠨ ᠴᠢᠩᠭᠠᠳᠬᠠᠵᠤ᠂ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠤ᠂ ᠬᠤᠲᠠ ᠶᠢᠨ ᠴᠢᠳᠠᠮᠵᠢ᠂ ᠬᠤᠲᠠ ᠶᠢᠨ ᠬᠠᠮᠢᠶᠠᠷᠤᠯᠲᠠ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠬᠦ ᠬᠢᠭᠡᠳ ᠰᠢᠰᠲ᠋ᠧᠮ ᠤᠨ ᠳᠦᠪᠯᠡᠷᠡᠯ ᠢ ᠴᠢᠩᠭᠠᠳᠬᠠᠵᠤ᠂ ᠲᠣᠮᠣ ᠳ᠋ᠠᠶᠢᠲ᠋ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠲᠦᠷᠢᠮ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠬᠤᠲᠠ ᠶᠢᠨ ᠬᠠᠮᠢᠶᠠᠷᠤᠯᠲᠠ ᠶᠢ ᠬᠤᠲᠠ ᠶᠢᠨ ᠵᠠᠰᠠᠯᠲᠠ ᠳᠠᠰᠢ ᠬᠤᠪᠢᠷᠠᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠡᠵᠡᠨ᠎ᠡ ᠬᠤᠰᠢᠭᠤ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠠᠭᠤᠭᠠᠯᠢ ᠠᠷᠠᠳ ᠤᠨ ᠰᠠᠭᠤᠷᠢᠰᠢᠬᠤ ᠳᠤ ᠲᠣᠬᠢᠷᠠᠮᠵᠢᠲᠠᠶ᠂ ᠵᠤᠭᠠᠴᠠᠭᠰᠠᠳ ᠤᠨ ᠵᠤᠭᠠᠴᠠᠬᠤ ᠳᠤ ᠲᠣᠬᠢᠷᠠᠮᠵᠢᠲᠠᠶ ᠬᠡᠷᠡᠭᠴᠡᠭᠡ ᠳᠤ ᠬᠠᠨᠳᠤᠭᠤᠯᠤᠨ᠂ ᠬᠤᠲᠠ ᠪᠠᠯᠭᠠᠰᠤᠨ ᠤ ᠦᠢᠯᠡᠴᠢᠯᠡᠬᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠂ ︽ᠬᠠᠮᠤᠭ ᠤᠨ ᠪᠠᠭ᠎ᠠ ᠵᠣᠭᠤᠰ ᠵᠠᠷᠤᠴᠠᠭᠤᠯᠵᠤ᠂ ᠬᠠᠮᠤᠭ ᠤᠨ ᠣᠯᠠᠨ ᠶᠠᠪᠤᠳᠠᠯ ᠬᠢᠬᠦ︾ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠮᠡᠳᠡᠭᠡ ᠵᠠᠩᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠡᠮᠵᠡᠭ ᠭᠠᠵᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠲᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠤ ᠰᠢᠶᠠᠨ ᠤ ᠣᠷᠣᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠭᠠᠵᠠᠷ ᠤᠨ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠯᠢ ᠵᠥᠩ ᠽᠧᠩ ᠲᠤᠬᠠᠶ ᠶᠢᠨ ᠭᠠᠵᠠᠷ ᠤᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠭᠦᠨᠵᠡᠭᠡᠶ ᠡᠷᠢᠵᠦ᠂ ᠠᠰᠠᠭᠤᠳᠠᠯ ᠨᠢᠬᠡᠪᠦᠷᠢ ᠶᠢ ᠨᠠᠷᠢᠨ ᠬᠢᠨᠠᠮᠠᠭᠠᠢ ᠰᠢᠢᠳᠪᠦᠷᠢᠯᠡᠬᠦ ᠶᠢ ᠠᠬᠢᠭᠤᠯᠪᠠ᠃ ᠲᠡᠷᠡ᠂ ᠲᠣᠰ ᠤᠳᠠᠭ᠎ᠠ ᠶᠢᠨ ᠬᠤᠷᠠᠯ ᠢ ᠰᠠᠶᠢᠲᠤᠷ ᠡᠷᠭᠢᠯᠡᠬᠦ ᠪᠣᠯ ᠮᠠᠨ ᠤ ᠠᠶᠢᠮᠠᠭ ᠤᠨ ᠤᠯᠤᠰ ᠲᠥᠷᠥ ᠠᠵᠤ ᠠᠬᠤᠶ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠬᠤᠷᠠᠯ ᠤᠨ ᠡᠯ᠎ᠡ ᠭᠤᠭᠴᠤᠭ᠎ᠠ ᠶᠢ ᠳᠡᠮᠵᠢᠵᠦ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠵᠡᠨ᠎ᠡ ᠬᠤᠰᠢᠭᠤ ᠭᠤᠤᠯ ᠰᠡᠳᠦᠪ ᠢᠶᠠᠨ ᠡᠵᠡᠮᠳᠡᠨ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠨᠠᠷᠢᠨ ᠵᠦᠢᠯᠡᠰ ᠢ ᠴᠢᠬᠤᠯᠠᠴᠢᠯᠠᠨ᠂ ᠨᠠᠷᠢᠨ ᠨᠢᠮᠪᠠᠶ ᠵᠢᠷᠤᠵᠤ ᠲᠥᠯᠥᠪᠯᠡᠨ᠂ ᠳ᠋ᠦᠩᠨᠡᠨ ᠪᠣᠯᠪᠠᠰᠤᠷᠠᠭᠤᠯᠵᠤ᠂ ᠲᠤᠷᠰᠢᠯᠭ᠎ᠠ ᠪᠠᠨ ᠤᠯᠠᠮᠵᠢᠯᠠᠨ᠂ ᠣᠨᠴᠠᠯᠢᠭ ᠢᠶᠠᠨ ᠳᠣᠪᠤᠶᠢᠯᠭᠠᠵᠤ᠂ ᠳᠦᠷᠢ ᠲᠥᠷᠬᠦ ᠪᠠᠨ ᠢᠯᠡᠷᠡᠭᠦᠯᠦᠨ᠂ ᠬᠤᠷᠠᠯ ᠤᠨ ᠪᠡᠯᠡᠳᠬᠡᠯ ᠲᠥᠰᠦᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠤᠪᠤᠷᠠᠯ ᠤᠨ ᠭᠤᠭᠴᠤᠭ᠎ᠠ ᠪᠠᠨ ᠨᠠᠷᠢᠯᠢᠬᠵᠢᠭᠤᠯᠤᠨ᠂ ᠴᠠᠭ ᠢ ᠠᠮᠵᠢᠨ ᠠᠬᠢᠴᠠ ᠶᠢ ᠲᠦᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠥᠩᠭᠡ ᠭᠢᠯᠪᠠᠭ᠎ᠠ ᠶᠢ ᠨᠡᠮᠡᠭᠳᠡᠭᠦᠯᠵᠦ᠂ ᠰᠠᠶᠢᠨ ᠰᠠᠶᠢᠬᠠᠨ ᠬᠤᠷᠠᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠠᠮᠤᠷ ᠲᠦᠪᠰᠢᠨ ᠤ ᠪᠠᠲᠤᠯᠠᠭ᠎ᠠ᠂ ᠲᠣᠭᠲᠠᠭᠤᠨ ᠢ ᠪᠠᠳᠣᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠳᠡᠭᠡᠭᠰᠢ ᠪᠠᠨ ᠣᠯᠣᠯᠴᠠᠨ ᠵᠣᠯᠭᠠᠭᠤᠯᠬᠤ ᠶᠢ ᠴᠢᠩᠭᠠᠳᠬᠠᠵᠤ᠂ ᠠᠶᠢᠮᠠᠭ ᠬᠤᠰᠢᠭᠤ ᠶᠢᠨ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠶᠢ ᠴᠢᠩᠭᠠᠳᠬᠠᠵᠤ᠂ ᠪᠦᠬᠦ ᠶᠠᠪᠤᠴᠠ ᠶᠢᠨ ᠬᠠᠮᠳᠣᠷᠠᠭᠰᠠᠨ ᠰᠣᠷᠢᠯᠲᠠ ᠶᠢ ᠥᠷᠨᠢᠭᠦᠯᠵᠦ᠂ ᠪᠡᠯᠡᠳᠬᠡᠯ ᠠᠵᠢᠯ ᠢ ᠪᠣᠳᠠᠲᠠᠢ ᠨᠠᠷᠢᠯᠢᠭ  ᠳᠣᠣᠱᠳᠠᠢ ᠬᠢᠬᠦ ᠪᠠᠷ ᠴᠢᠷᠮᠠᠶᠢᠵᠤ᠂ ᠬᠤᠷᠠᠯ ᠤᠨ ᠶᠠᠰᠤ ᠴᠢᠨᠠᠷ᠂ ᠥᠨᠳᠥᠷ ᠲᠦᠪᠰᠢᠨ ᠲᠠᠢ ᠬᠤᠷᠠᠯᠳᠤᠬᠤ ᠶᠢ ᠪᠠᠲᠤᠯᠠᠬᠤ ᠬᠡᠷᠡᠭᠲᠡᠢ᠃        ᠠᠶᠢᠮᠠᠭ ᠤᠨ ᠳᠡᠳ᠋ ᠳᠠᠷᠤᠭ᠎ᠠ ᠮᠥᠩᠬᠡ᠂ ᠡᠵᠡᠨ᠎ᠡ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠤ ᠪᠠᠶᠢᠴᠠᠭᠠᠨ ᠰᠤᠳᠤᠯᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号