ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠪᠣᠯᠬᠤ ᠭᠡᠵᠦ ᠪᠠᠶᠢᠨ᠎ᠠ᠂ ᠠᠯᠠᠱᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠮᠡᠳᠡᠭᠳᠡᠯ ᠪᠠᠭᠤᠯᠭᠠᠵᠤ᠂ ᠡᠳᠡᠭᠡᠷ ᠠᠵᠢᠯ ᠢ ᠬᠢᠵᠦ ᠪᠣᠯᠬᠤ ᠦᠭᠡᠢ ᠭᠡᠪᠡ
ᠨᠡᠶᠢᠲᠡᠯᠡᠭᠰᠡᠨ ᠴᠠᠭ᠄
2021/9/16
      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠣᠶᠢᠷᠠᠳᠴᠤ ᠪᠠᠶᠢᠨ᠎ᠠ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ︽ᠪᠠᠶᠠᠷ ᠤᠨ ᠡᠳᠦᠷ ᠤᠨ ᠢᠯᠵᠡᠷᠡᠯ︾ ᠢ ᠡᠷᠡᠰ ᠰᠡᠷᠭᠡᠶᠢᠯᠡᠬᠦ ᠶᠢᠨ ᠲᠥᠯᠥᠭᠡ᠂ ᠠᠯᠠᠱᠠ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠬᠤᠶᠠᠷ ᠪᠠᠶᠠᠷ︾ ᠤᠨ ᠬᠤᠭᠤᠴᠠᠭᠠᠨ ᠤ ᠬᠤᠯᠪᠣᠭᠳᠠᠯ ᠪᠦᠬᠦᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠪᠡ᠄       ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠠᠷᠯᠢᠭ ᠴᠠᠭᠠᠵᠠ ᠶᠢ ᠳᠠᠭᠠᠬᠤ ᠶᠢ ᠪᠠᠲᠤᠯᠠᠬᠤ ᠬᠡᠷᠡᠭᠲᠡᠢ᠃ ᠪᠦᠬᠦ ᠠᠶᠢᠮᠠᠭ ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ᠪᠠ ︽ᠳᠤᠮᠳᠠᠳᠤ ᠤᠯᠤᠰ ᠠᠴᠠ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠳᠣᠣᠱᠯᠠᠭᠤᠯᠵᠦ᠂ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ ᠪᠠ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠬᠤ ᠬᠡᠷᠡᠭᠲᠡᠢ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠢᠯᠠᠩᠭᠤᠶ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠭᠠᠳᠠᠭᠰᠢ ᠭᠠᠷᠬᠤ ᠪᠠ ᠴᠤᠭᠯᠠᠷᠠᠬᠤ ᠶᠢ ᠠᠯᠢ ᠴᠢᠳᠠᠬᠤ ᠪᠠᠷ ᠪᠠᠭᠠᠰᠬᠠᠵᠤ᠂ ᠣᠯᠠᠭᠤᠯᠠ ᠴᠤᠭᠯᠠᠷᠠᠬᠤ ᠥᠬᠡᠶ᠂ ᠪᠥᠭᠡᠮᠨᠡᠷᠡᠬᠦ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ︽ᠠᠷᠪᠠ ᠶᠢ ᠴᠢᠩᠭ᠎ᠠ ᠴᠠᠭᠠᠵᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠄ ᠨᠢᠭᠡ ᠳᠤ᠂ ᠠᠯᠪᠠᠨ ᠤ ᠵᠣᠭᠤᠰ ᠢᠶᠠᠷ ᠶᠧᠪᠡᠩ ᠬᠤᠳᠠᠯᠳᠤᠨ ᠠᠪᠬᠤ ᠪᠠ ᠪᠠᠷᠠᠭ᠎ᠠ ᠬᠤᠳᠠᠯᠳᠤᠨ ᠠᠪᠬᠤ ᠺᠠᠷᠲ ᠬᠦᠷᠭᠡᠬᠦ ᠵᠡᠷᠭᠡ ᠪᠠᠶᠠᠷ ᠤᠨ ᠡᠳᠦᠷ ᠤᠨ ᠪᠡᠯᠡᠭ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠬᠤᠶᠠᠷ ᠲᠤ᠂ ᠠᠯᠪᠠᠨ ᠤ ᠵᠣᠭᠤᠰ ᠢᠶᠠᠷ ᠬᠠᠷᠢᠯᠴᠠᠨ ᠰᠤᠷᠪᠤᠯᠵᠢᠯᠠᠬᠤ᠂ ᠳᠠᠶᠢᠯᠠᠬᠤ ᠶᠢ ᠴᠢᠩᠭ᠎ᠠ ᠴᠠᠭᠠᠵᠠᠯᠠᠨ᠎ᠠ︔ ᠭᠤᠷᠪᠠ ᠳᠤ᠂ ᠠᠯᠪᠠᠨ ᠤ ᠵᠣᠭᠤᠰ ᠢᠶᠠᠷ ᠵᠢᠭᠤᠯᠴᠢᠯᠠᠬᠤ᠂ ᠪᠡᠶ᠎ᠡ ᠴᠢᠭᠢᠷᠠᠭᠵᠢᠭᠤᠯᠬᠤ ᠪᠠ ᠵᠤᠭ᠎ᠠ ᠴᠡᠩᠭᠡᠯ ᠬᠢᠬᠦ ᠪᠤᠶᠤ ᠠᠯᠪᠠᠨ ᠶᠠᠪᠤᠳᠠᠯ ᠢ ᠭᠤᠣᠯᠴᠢ ᠪᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠦᠯᠢᠶᠡᠨ ᠠᠪᠬᠤ ᠶᠢ ᠴᠢᠩᠭ᠎ᠠ ᠴᠠᠭᠠᠵᠠᠯᠠᠨ᠎ᠠ︔ ᠲᠦᠷᠪᠡ ᠳᠤ᠂ ᠡᠯᠳᠡᠪ ᠵᠦᠢᠯ ᠤᠨ ᠨᠡᠷ᠎ᠡ ᠪᠠᠷ ᠳᠤᠷ᠎ᠠ ᠪᠠᠷ ᠢᠶᠠᠨ ᠨᠡᠮᠡᠭᠦᠷᠢ ᠮᠥᠩᠭᠦ ᠨᠥᠬᠦᠪᠥᠷᠢ ᠮᠥᠩᠭᠦ᠂ ᠱᠠᠩᠨᠠᠯ ᠤᠨ ᠮᠥᠩᠭᠦ᠂ ᠡᠳ᠋ ᠪᠣᠳᠠᠰ ᠥᠭᠬᠦ ᠶᠢ ᠴᠢᠩᠭ᠎ᠠ ᠴᠠᠭᠠᠵᠠᠯᠠᠨ᠎ᠠ︔ ᠲᠠᠪᠤ ᠳᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠪᠠ ᠦᠨᠡᠲᠦ ᠲᠡᠮᠳᠡᠭᠲᠦ᠂ ᠵᠣᠭᠤᠰ ᠥᠭᠬᠦ ᠭᠡᠷᠡᠴᠢ ᠪᠠᠷᠢᠮᠲᠠ᠂ ᠬᠤᠳᠠᠯᠳᠤᠭᠠᠨ ᠤ ᠤᠷᠢᠳᠴᠢᠯᠠᠨ ᠥᠭᠬᠦ ᠺᠠᠷᠲ᠂ ᠡᠯᠧᠺᠲᠷᠣᠨ ᠠᠵᠠ ᠶᠢᠨ ᠪᠡᠯᠡᠭ ᠵᠡᠷᠭᠡ ᠶᠢ ᠭᠥᠯᠢᠶᠡᠨ ᠠᠪᠴᠤ ᠬᠦᠷᠭᠡᠬᠦ ᠶᠢ ᠴᠢᠩᠭ᠎ᠠ ᠴᠠᠭᠠᠵᠠᠯᠠᠨ᠎ᠠ︔ ᠵᠢᠷᠭᠤᠭ᠎ᠠ ᠳᠤ᠂ ᠲᠣᠭᠲᠠᠭᠠᠯ ᠠᠴᠠ ᠵᠥᠷᠢᠴᠡᠨ ᠬᠤᠷᠢᠮ ᠪᠡᠯᠪᠡᠰᠦᠷᠡᠯ ᠤᠨ ᠶᠠᠪᠤᠳᠠᠯ ᠬᠢᠵᠦ᠂ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ ᠤᠯᠬᠤ ᠶᠢ ᠴᠢᠩᠭ᠎ᠠ ᠴᠠᠭᠠᠵᠠᠯᠠᠨ᠎ᠠ︔ ᠲᠤᠯᠤᠭ᠎ᠠ ᠳᠤ᠂ ᠲᠣᠭᠲᠠᠭᠠᠯ ᠢ ᠵᠥᠷᠢᠴᠡᠨ ᠨᠤᠲᠤᠭ ᠨᠢᠭᠡᠲᠡᠨ ᠤ ᠴᠣᠭᠯᠠᠭᠠᠨ᠂ ᠰᠤᠷᠭᠠᠭᠤᠯᠢ ᠶᠢᠨ ᠨᠥᠬᠦᠷᠯᠡᠯ ᠤᠨ ᠴᠣᠭᠯᠠᠭᠠᠨ᠂ ᠲᠠᠶᠢᠴᠢᠨ ᠨᠥᠬᠦᠳ ᠤᠨ ᠴᠣᠭᠯᠠᠭᠠᠨ ᠵᠡᠷᠭᠡ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ︔ ᠨᠠᠢᠮᠠ ᠳᠤ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠪᠤᠶᠤ ᠬᠤᠪᠢ ᠶᠢᠨ ᠲᠡᠷᠭᠡ ᠶᠢ ᠠᠯᠪᠠᠨ ᠠᠴᠠ ᠲᠡᠵᠢᠭᠡᠬᠦ᠂ ᠡᠰᠡᠬᠦᠯ᠎ᠡ ᠲᠣᠭᠲᠠᠭᠠᠯ ᠢ ᠵᠥᠷᠢᠴᠡᠨ ᠬᠠᠷᠢᠶ᠎ᠠ ᠨᠢᠭᠡᠴᠡ᠂ ᠬᠠᠮᠢᠶᠠᠷᠴᠤ ᠦᠢᠯᠡᠴᠢᠯᠡᠬᠦᠯᠬᠦ ᠡᠲᠡᠭᠡᠳ ᠠᠴᠠ ᠲᠡᠷᠭᠡ ᠬᠥᠰᠬᠡ ᠵᠢᠭᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ︔ ᠶᠢᠰᠦ ᠳᠤ᠂ ᠲᠣᠭᠲᠠᠭᠠᠯ ᠠᠴᠠ ᠵᠥᠷᠢᠴᠡᠨ ᠬᠤᠪᠢ ᠬᠥᠮᠦᠨ ᠤ ᠵᠤᠭ᠎ᠠ ᠴᠡᠩᠭᠡᠯ ᠤᠨ ᠭᠠᠵᠠᠷ ᠢᠶᠠᠷ ᠣᠷᠣᠵᠤ ᠭᠠᠷᠬᠤ ᠪᠤᠶᠤ ᠪᠠᠶᠢᠭᠤᠯᠣᠯᠭ᠎ᠠ᠂ ᠠᠵᠤ ᠠᠬᠤᠶᠢᠯᠠᠯ ᠤᠨ ᠬᠤᠭᠤᠯᠠᠨ ᠬᠡᠷ ᠵᠡᠷᠭᠡ ᠲᠠᠯᠠᠪᠤᠷ ᠭᠠᠵᠠᠷ ᠢ ᠠᠰᠢᠭᠯᠠᠨ ᠱᠠᠯᠢᠨ ᠪᠦᠷᠢᠯᠭᠡᠬᠦ᠂ ᠢᠳᠡᠵᠦ ᠤᠤᠭᠤᠬᠤ ᠵᠤᠭ᠎ᠠ ᠴᠡᠩᠭᠡᠯ ᠵᠡᠷᠭᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ︔ ᠠᠷᠪᠠ ᠳᠤ᠂ ᠪᠠᠷᠢᠮᠵᠢᠶ᠎ᠠ ᠠᠴᠠ ᠬᠡᠲᠦᠷᠡᠬᠦ᠂ ᠬᠡᠪᠴᠢᠶ᠎ᠡ ᠠᠴᠠ ᠬᠡᠲᠦᠷᠡᠬᠦ ᠠᠯᠪᠠᠨ ᠶᠠᠪᠤᠳᠠᠯ ᠤᠨ ᠵᠣᠴᠢᠯᠠᠯᠭ᠎ᠠ ᠶᠢ ᠴᠢᠩᠭ᠎ᠠ ᠴᠠᠭᠠᠵᠠᠯᠠᠵᠤ᠂ ᠦᠢᠯᠡᠴᠢᠯᠡᠭᠡ ᠬᠠᠮᠢᠶᠠᠷᠤᠯᠲᠠ ᠶᠢᠨ ᠡᠲᠡᠭᠡᠳ ᠤᠨ ᠳᠠᠶᠢᠯᠠᠯᠭ᠎ᠠ ᠶᠢ ᠲᠣᠭᠲᠠᠭᠠᠯ ᠠᠴᠠ ᠵᠥᠷᠢᠴᠡᠨ ᠭᠥᠯᠢᠶᠡᠨ ᠠᠪᠴᠤ᠂ ᠠᠯᠪᠠᠨ ᠤ ᠵᠣᠭᠤᠰ ᠢ ᠬᠦᠳᠡᠯᠭᠡᠬᠦ ᠦᠬᠡᠢ ᠡᠵᠡᠨᠳᠡᠨ ᠢ ᠮᠦᠯᠵᠢᠬᠦ᠂ ︽ᠨᠢᠭᠡ ᠰᠢᠷᠡᠭᠡ ᠬᠤᠭᠤᠯᠠ︾ ᠵᠡᠷᠭᠡ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ ᠴᠢᠩᠭ᠎ᠠ ᠴᠠᠭᠠᠵᠠᠯᠠᠨ᠎ᠠ᠃       ᠴᠢᠩᠭ᠎ᠠ ᠪᠠᠶᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ᠂ ᠠᠶᠤᠯᠭᠦᠢ ᠦᠢᠯᠡᠳᠪᠦᠷᠢᠯᠡᠯ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠯᠤᠰ ᠤᠨ ᠪᠠᠶᠠᠷ ᠤᠨ ᠬᠤᠭᠤᠴᠠᠭᠠᠨ ᠳᠠᠬᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠵᠦ᠂ ᠴᠠᠭ ᠬᠤᠭᠤᠴᠠᠭ᠎ᠠ ᠶᠢ ᠡᠷᠲᠡᠬᠡᠨ ᠪᠠᠶᠢᠷᠢᠯᠠᠭᠤᠯᠵᠤ᠂ ᠡᠷᠲᠡᠬᠡᠨ ᠰᠠᠨᠠᠭᠤᠯᠵᠤ᠂ ᠡᠷᠲᠡᠬᠡᠨ ᠪᠠᠶᠢᠴᠠᠭᠠᠵᠤ᠂ ᠡᠷᠲᠡᠬᠡᠨ ᠣᠷᠣᠯᠴᠠᠬᠤ ᠬᠡᠷᠡᠭᠲᠡᠢ︔ ᠬᠥᠮᠦᠵᠢᠭᠦᠯᠦᠨ ᠰᠡᠷᠭᠡᠶᠢᠯᠡᠬᠦ ᠪᠠᠨ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠲᠤ ᠴᠠᠭ ᠲᠤᠬᠠᠢ ᠳᠤᠨᠢ ᠱᠠᠭᠠᠷᠳᠠᠯᠭ᠎ᠠ ᠳᠤᠷᠠᠳᠴᠤ᠂ ᠤᠷᠢᠳᠴᠢᠯᠠᠨ ᠰᠠᠨᠠᠭᠤᠯᠵᠤ᠂ ᠠᠵᠢᠭᠯᠠᠬᠤ ᠦᠵᠡᠯ ᠰᠠᠨᠠᠭ᠎ᠠ᠂ ᠠᠵᠠ ᠬᠠᠷᠠᠬᠤ ᠪᠤᠳᠤᠯ ᠪᠠ ᠮᠢᠨᠴᠦᠭᠦᠷᠡᠨ ᠴᠠᠯᠠᠭᠠᠶᠢᠷᠠᠬᠤ ᠪᠤᠳᠤᠯ ᠢ ᠲᠡᠪᠴᠢᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠦ ᠱᠠᠳᠤ ᠪᠠᠨ ᠳᠠᠭᠠᠭᠤᠯᠵᠤ᠂ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠠᠳᠠᠷᠠᠭᠤᠯᠵᠤ᠂ ᠲᠤᠰ ᠨᠢᠭᠡᠴᠡ ᠶᠢᠨ ᠢᠶᠠᠨ ᠨᠠᠮ ᠤᠨ ᠭᠡᠰᠢᠭᠦᠨ ᠺᠠᠳ᠋ᠷ ᠲᠤ ᠬᠢᠬᠦ ᠬᠥᠮᠦᠵᠢᠯ᠂ ᠬᠠᠮᠢᠶᠠᠷᠤᠯᠲᠠ ᠪᠣᠯᠤᠨ ᠬᠢᠨᠠᠯᠲᠠ ᠪᠠᠨ ᠴᠢᠩᠭᠠᠳᠬᠠᠵᠤ᠂ ᠲᠤᠰ ᠨᠢᠭᠡᠴᠡ ᠶᠢᠨ ᠢᠶᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠵᠦ ᠬᠦᠳᠦᠯᠥᠨ ᠳᠠᠭᠠᠭᠤᠯᠵᠤ ᠪᠠᠶᠢᠭᠠᠳ ᠠᠷᠢᠭᠤᠨ ᠴᠢᠬᠡᠴᠢ ᠶᠢ ᠡᠷᠬᠢᠮᠯᠡᠵᠦ ᠢᠯᠵᠡᠷᠡᠯ ᠢ ᠡᠰᠡᠷᠭᠦᠴᠡᠬᠦ᠂ ᠠᠷᠪᠢᠯᠠᠨ ᠭᠠᠮᠨᠠᠬᠤ ᠶᠢ ᠡᠷᠬᠢᠮᠯᠡᠵᠦ ᠱᠠᠯᠢᠨ ᠪᠦᠷᠢᠯᠭᠡᠬᠦ ᠶᠢ ᠴᠡᠭᠡᠷᠯᠡᠬᠦ ᠰᠢᠯᠢᠳᠡᠭ ᠰᠤᠷᠲᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠬᠠᠲᠠᠭᠤᠵᠢᠯᠲᠠᠢ ᠪᠣᠷᠣᠭᠵᠢᠭᠤᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ︽ᠪᠠᠶᠠᠷ ᠤᠨ ᠡᠳᠦᠷ ᠤᠨ ᠢᠯᠵᠡᠷᠡᠯ︾ ᠢ ᠡᠷᠡᠰ ᠬᠤᠷᠢᠭᠯᠠᠬᠤ ᠬᠡᠷᠡᠭᠲᠡᠢ᠃       ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠨᠤᠭᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠴᠢᠬᠤᠯᠠ ᠠᠵᠢᠯ ᠤᠨ ᠪᠠᠶᠢᠷᠢ᠂ ᠭᠤᠣᠯᠳᠠᠯᠭ᠎ᠠ ᠲᠠᠢ ᠭᠠᠵᠠᠷ ᠲᠠᠯᠠᠪᠤᠷ᠂ ᠭᠤᠣᠯᠳᠠᠯᠭ᠎ᠠ ᠲᠠᠢ ᠠᠵᠢᠯ ᠲᠥᠷᠥᠯ ᠳᠤ ᠢᠯᠡ ᠪᠠᠷ ᠪᠠᠶᠢᠴᠠᠭᠠᠨ ᠳᠠᠯᠳᠠ ᠠᠴᠠ ᠰᠤᠷᠪᠤᠯᠵᠢᠯᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠱᠠᠯᠢᠨ ᠪᠦᠷᠢᠯᠭᠡᠬᠦ ᠭᠠᠵᠢᠭᠤ ᠰᠤᠷᠲᠠᠯ ᠢ ᠬᠦᠴᠦᠲᠡᠶ ᠠᠷᠢᠯᠭᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠶᠢ ᠲᠡᠳᠬᠦᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠬᠠᠭᠤᠷᠮᠠᠭ ᠢᠶᠠᠷ ᠬᠢᠬᠦ ᠵᠡᠷᠭᠡ ᠠᠰᠠᠭᠤᠳᠠᠯ ᠢ ᠡᠷᠡᠰ ᠵᠠᠯᠠᠷᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠢᠯᠡᠴᠢᠯᠡᠨ ᠮᠡᠳᠡᠭᠦᠯᠬᠦ ᠤᠲᠠᠰᠤ ᠪᠠ ᠰᠢᠦᠳᠠᠨ ᠬᠠᠶᠢᠷᠴᠠᠭ ᠢ ᠢᠯᠡ ᠪᠣᠯᠭᠠᠵᠤ᠂ ᠪᠠᠶᠢᠴᠠᠭᠠᠨ ᠰᠢᠢᠳᠪᠦᠷᠢᠯᠡᠵᠦ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠬᠡᠷᠡᠭᠯᠡᠵᠦ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠳᠦᠷᠢᠮ ᠠᠴᠠ ᠵᠦᠷᠢᠴᠡᠪᠡᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ ᠨᠢᠭᠡ ᠶᠢ ᠵᠠᠷᠯᠠᠨ ᠮᠡᠳᠡᠭᠳᠡᠬᠦ ᠬᠡᠷᠡᠭᠲᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号