ᠮᠠᠨ ᠤ ᠠᠶᠢᠮᠠᠭ ᠭᠤᠤᠯ ᠬᠤᠲᠠ ᠲᠣᠭᠤᠷᠢᠭ ᠲᠤ 5 G ᠰᠦᠯᠵᠢᠶ᠎ᠡ ᠶᠢ ᠨᠡᠶᠢᠳᠡᠮ ᠪᠥᠷᠬᠦᠭᠦᠯᠪᠡ
ᠨᠡᠶᠢᠲᠡᠯᠡᠭᠰᠡᠨ ᠴᠠᠭ᠄
2021/9/16
      ᠮᠠᠨ ᠤ ᠠᠶᠢᠮᠠᠭ 5 G ᠶᠢᠨ ᠪᠥᠲᠥᠭᠡᠨ ᠪᠠᠶᠢᠭᠤᠯᠤᠯᠲᠠ ᠪᠠ 5 G ᠶᠢᠨ ᠬᠡᠷᠡᠭᠯᠡᠭᠡᠨ ᠳᠤ ᠬᠦᠴᠦ ᠣᠷᠣᠭᠤᠯᠵᠤ᠂ 5 G ᠶᠢᠨ ᠰᠦᠯᠵᠢᠶᠡᠨ ᠤ ᠬᠤᠲᠠ ᠶᠢᠨ ᠲᠣᠭᠤᠷᠢᠭ ᠢ ᠵᠠᠯᠭᠠᠯᠳᠤᠭᠤᠯᠤᠨ ᠪᠦᠷᠬᠦᠭᠦᠯᠬᠦ ᠶᠢ ᠠᠬᠢᠭᠤᠯᠵᠤ᠂ 5 G ᠶᠢᠨ ᠬᠡᠷᠡᠭᠯᠡᠭᠡᠨ ᠤ ᠬᠦᠷᠢᠶ᠎ᠡ ᠶᠢ ᠦᠷᠭᠦᠯᠵᠢᠯᠡᠨ ᠥᠷᠭᠡᠳᠬᠡᠪᠡ᠃ ᠣᠳᠣᠬᠠᠨ ᠪᠣᠯᠲᠠᠯ᠎ᠠ᠂ ᠮᠠᠨ ᠤ ᠠᠶᠢᠮᠠᠭ ᠨᠢᠭᠡᠨᠲᠡ 5 G ᠶᠢᠨ 228 ᠰᠠᠭᠤᠷᠢ ᠥᠷᠲᠡᠭᠡ ᠶᠢ ᠪᠠᠶᠢᠭᠤᠯᠪᠠ᠃
      ᠠᠶᠢᠮᠠᠭ ᠤᠨ ᠳᠦᠪ ᠡᠮᠨᠡᠯᠭᠡ ᠶᠢᠨ ᠬᠤᠷᠢᠶᠠᠨ ᠤ ᠠᠯᠤᠰ ᠡᠮᠴᠢᠯᠡᠭᠡᠨ ᠤ ᠬᠤᠷᠠᠯ ᠤᠨ ᠲᠠᠰᠤᠭ ᠲᠤ᠂ ᠡᠮᠴᠢ 5 G ᠰᠦᠯᠵᠢᠶ᠎ᠡ ᠪᠠᠷ ᠳᠡᠮᠵᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ᠂ ᠬᠡᠦᠬᠡᠳ ᠤᠨ ᠰᠠᠯᠠᠭᠠᠨ ᠤ ᠨᠢᠭᠡ ᠡᠪᠡᠳᠴᠢᠲᠡᠨ ᠢ ᠬᠠᠮᠲᠤᠷᠠᠨ ᠣᠨᠣᠰᠢᠯᠠᠪᠠ᠃ ᠡᠨᠡ ᠵᠢᠯ ᠠᠶᠢᠮᠠᠭ ᠤᠨ ᠳᠦᠪ ᠡᠮᠨᠡᠯᠭᠡ ᠶᠢᠨ ᠬᠤᠷᠢᠶ᠎ᠠ 5 G ᠶᠢ ᠡᠮᠴᠢᠯᠡᠭᠡᠨ ᠤ ᠬᠦᠷᠢᠶᠡᠨ ᠳᠤ ᠬᠡᠷᠡᠭᠯᠡᠵᠦ᠂ ᠠᠯᠤᠰ ᠠᠴᠠ ᠬᠠᠮᠲᠤᠷᠠᠨ ᠣᠨᠣᠰᠢᠯᠠᠬᠤ᠂ ᠠᠯᠤᠰ ᠠᠴᠠ ᠰᠡᠭᠦᠳᠡᠷᠯᠡᠬᠦ ᠪᠠ ᠠᠯᠤᠰ ᠠᠴᠠ ᠬᠡᠲᠦ ᠲᠠᠭᠤᠨ ᠭᠠᠷᠭᠠᠬᠤ ᠶᠢ ᠪᠡᠶᠡᠯᠡᠭᠦᠯᠵᠦ᠂ ᠡᠮᠴᠢ ᠶᠢᠨ ᠣᠨᠣᠰᠢᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠠᠯᠤᠰ ᠠᠴᠠ ᠬᠠᠮᠲᠤ ᠪᠠᠷ ᠭᠥᠷᠳᠡᠬᠦ ᠪᠠ ᠴᠠᠭ ᠲᠤᠬᠠᠶ ᠳᠤᠨᠢ ᠮᠡᠳᠡᠭᠡ ᠵᠠᠩᠭᠢ ᠰᠣᠯᠢᠯᠴᠠᠬᠤ ᠶᠢ ᠪᠡᠶᠡᠯᠡᠬᠦᠯᠪᠡ᠃
       5 G ᠪᠣᠯ ᠲᠠᠪᠤᠳᠤᠭᠠᠷ ᠦᠶ᠎ᠡ ᠶᠢᠨ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠤᠨ ᠲᠣᠪᠴᠢ ᠨᠡᠷᠡᠶᠢᠳᠦᠯ ᠪᠣᠯᠤᠨ᠎ᠠ᠂ ᠥᠨᠳᠥᠷ ᠬᠤᠷᠳᠤᠴᠠᠲᠤ᠂ ᠴᠠᠭ ᠤᠨ ᠳᠠᠯ᠎ᠠ ᠪᠠᠷ ᠳᠦᠷᠭᠡᠨ ᠪᠠ ᠶᠡᠭᠡ ᠬᠤᠯᠪᠣᠯᠳᠤᠯ ᠵᠡᠷᠭᠡ ᠣᠨᠴᠠᠯᠢᠭ ᠲᠠᠢ᠂ ᠬᠥᠮᠦᠨ ᠮᠠᠰᠢᠨ ᠪᠣᠳᠠᠰ ᠤᠨ ᠬᠤᠯᠪᠣᠯᠳᠤᠯ ᠢ ᠪᠡᠶᠡᠯᠡᠭᠦᠯᠬᠦ ᠰᠦᠯᠵᠢᠶᠡᠨ ᠤ ᠰᠠᠭᠤᠷᠢ ᠲᠥᠬᠦᠭᠡᠷᠦᠮᠵᠢ ᠪᠣᠯᠤᠨ᠎ᠠ᠃
       ᠮᠠᠨ ᠤ ᠠᠶᠢᠮᠠᠭ 5 G ᠶᠢᠨ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠦᠷᠭᠡᠳᠬᠡᠵᠦ᠂ 5 G ᠶᠢᠨ ᠰᠦᠯᠵᠢᠶᠡᠨ ᠤ ᠬᠤᠲᠠ ᠶᠢᠨ ᠲᠣᠭᠤᠷᠢᠭ ᠢ ᠵᠠᠯᠭᠠᠯᠳᠤᠭᠤᠯᠤᠨ ᠪᠦᠷᠬᠦᠭᠦᠯᠬᠦ ᠶᠢ ᠠᠬᠢᠭᠤᠯᠵᠤ᠂ 5 G ᠶᠢᠨ ᠬᠡᠷᠡᠭᠯᠡᠭᠡᠨ ᠤ ᠬᠦᠷᠢᠶ᠎ᠡ ᠶᠢ ᠦᠷᠭᠦᠯᠵᠢᠯᠡᠨ ᠥᠷᠭᠡᠳᠬᠡᠵᠦ᠂ 5 G ᠶᠢᠨ ᠬᠡᠷᠡᠭᠯᠡᠭᠡᠨ ᠬᠢᠭᠡᠳ ᠠᠵᠤ ᠦᠶ᠋ᠯᠡᠳᠪᠦᠷᠢ᠂ ᠲᠠᠷᠢᠶᠠᠯᠠᠩ᠂ ᠰᠤᠷᠭᠠᠨ ᠬᠥᠮᠦᠵᠢᠯ᠂ ᠵᠠᠮ ᠬᠠᠷᠢᠯᠴᠠᠭ᠎ᠠ᠂ ᠵᠢᠭᠤᠯᠴᠢᠯᠠᠯ ᠵᠡᠷᠭᠡ ᠠᠵᠢᠯ ᠲᠥᠷᠥᠯ ᠤᠨ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ ᠬᠢᠭᠡᠳ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠶᠤᠨᠲᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠳᠤ ︽ᠨᠢᠭᠡ ᠲᠥᠪ + N ᠣᠶᠤᠨᠯᠢᠭ ᠬᠡᠷᠡᠭᠯᠡᠭᠡᠨ + N ᠠᠵᠤ ᠠᠬᠤᠶᠢᠯᠠᠯ ᠤᠨ ᠲᠠᠪᠴᠠᠩ︾ ᠢ ᠪᠠᠶᠢᠭᠤᠯᠵᠤ᠂ ᠤᠶᠤᠨᠲᠤ ᠬᠦᠷᠢᠶᠡᠯᠡᠩ ᠲᠣᠭᠤᠷᠢᠭ ᠪᠠᠶᠢᠭᠤᠯᠤᠭᠳᠠᠭᠰᠠᠨ ᠤ ᠳᠠᠷᠠᠭ᠎ᠠ ᠬᠦᠷᠢᠶᠡᠯᠡᠩ ᠲᠣᠭᠤᠷᠢᠭ ᠤᠨ ᠳᠣᠲᠣᠷᠠᠬᠢ ᠲᠤᠭ᠎ᠠ ᠪᠠᠷᠢᠮᠲᠠ ᠶᠢ ᠲᠣᠭᠲᠠᠭᠤᠨ ᠢᠶᠠᠷ ᠵᠣᠯᠭᠠᠭᠤᠯᠵᠤ᠂ ᠴᠠᠭ ᠲᠤᠬᠠᠶ  ᠳᠤᠨᠢ ᠬᠢᠨᠠᠨ ᠬᠡᠮᠵᠢᠬᠦ ᠪᠠ ᠬᠠᠮᠲᠤ ᠪᠠᠷ ᠭᠥᠷᠳᠡᠵᠦ ᠬᠠᠷᠢᠯᠴᠠᠨ ᠬᠤᠯᠪᠣᠭᠠᠯᠠᠬᠤ ᠶᠢ ᠪᠡᠶᠡᠯᠡᠬᠦᠯᠦᠨ᠎ᠡ᠃ ᠣᠳᠣᠬᠠᠨ ᠪᠣᠯᠲᠠᠯ᠎ᠠ᠂ ᠮᠠᠨ ᠤ ᠠᠶᠢᠮᠠᠭ ᠨᠢᠭᠡᠨᠲᠡ 5 G ᠶᠢᠨ ᠰᠠᠭᠤᠷᠢ ᠥᠷᠲᠡᠭᠡ ᠶᠢ 228 ᠪᠠᠶᠢᠭᠤᠯᠵᠤ᠂ ᠣᠲᠣ 5 G ᠶᠢᠨ 224 ᠰᠠᠭᠤᠷᠢ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠭᠤᠷᠪᠠᠨ ᠬᠤᠰᠢᠭᠤ ᠬᠤᠶᠠᠷ ᠨᠡᠭᠡᠭᠡᠯᠳᠡ  ᠶᠢᠨ ᠣᠷᠣᠨ ᠤ ᠭᠤᠤᠯ ᠬᠤᠲᠠ ᠲᠣᠭᠤᠷᠢᠭ ᠢ ᠪᠦᠷᠢᠨ ᠪᠦᠷᠬᠦᠭᠦᠯᠪᠡ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号