ᠡᠯᠡᠰᠤ ᠮᠠᠩᠬᠠᠨ ᠳᠤ ᠵᠢᠭᠤᠯᠴᠢᠯᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2021/9/16
     1. ᠬᠡᠭᠡᠷᠠᠯᠡᠭᠴᠢ ᠮᠠᠰᠢᠨ ᠳᠤ ᠰᠠᠭᠤᠵᠤ ᠡᠯᠡᠰᠤᠨ ᠴᠦᠯ ᠢ ᠳᠤᠭᠤᠯᠬᠤ ᠦᠶᠡᠰ᠂ ᠠᠶᠦᠯ ᠦᠭᠡᠢ ᠪᠦᠰᠠ ᠶᠢ ᠰᠠᠶᠢᠨ ᠪᠦᠰᠡᠯᠡᠵᠤ᠂ ᠬᠤᠶᠠᠷ ᠭᠠᠷ ᠢᠶᠠᠨ ᠳᠡᠷᠭᠡᠨ ᠳᠤᠳᠤᠷᠠᠬᠢ ᠳᠦᠰᠢᠭᠦᠷ ᠠᠴᠠ ᠴᠢᠩᠭ᠎ᠠ ᠠᠳᠬᠤᠵᠤ᠂ ᠡᠮᠦᠨᠡᠬᠢ ᠵᠠᠮ ᠢᠶᠠᠨ ᠰᠠᠶᠢᠨ ᠬᠠᠷᠠᠬᠤ ᠪᠦᠭᠡᠳ ᠵᠢᠯᠤᠭᠤᠴᠢ ᠶᠢᠨ ᠠᠮᠤᠷ ᠳᠦᠪᠰᠢᠨ ᠤ ᠰᠠᠨᠠᠭᠤᠯᠭ᠎ᠠ ᠶᠢ ᠰᠠᠶᠢᠨ ᠰᠤᠨᠤᠰᠬᠤ ᠬᠡᠷᠡᠭᠳᠡᠢ᠃ ᠵᠢᠷᠦᠬᠡᠨ ᠡᠪᠡᠳᠴᠢᠨ ᠪᠤᠶᠤ ᠴᠢᠰᠤᠨ ᠳᠠᠷᠤᠯᠳᠠ ᠦᠨᠳᠦᠷ ᠬᠦᠮᠦᠨ ᠡᠯᠡᠰᠤᠨ ᠴᠦᠯ ᠳᠤ ᠤᠷᠤᠵᠤ ᠪᠤᠯᠬᠤ ᠦᠭᠡᠢ᠃      2. ᠦᠵᠡᠮᠵᠢ ᠶᠢᠨ ᠤᠷᠤᠨ ᠨᠢ ᠡᠯᠡᠰᠦᠨ ᠴᠦᠯ ᠳᠤ ᠪᠠᠶᠢᠬᠤ ᠭᠠᠵᠠᠷ ᠨᠢ ᠡᠬᠡ ᠬᠠᠭᠤᠷᠠᠢ ᠶᠢᠨ ᠭᠠᠩ ᠬᠠᠭᠤᠷᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠬᠠᠪᠤᠷ ᠤᠨ ᠤᠯᠠᠷᠢᠯ ᠳᠤ ᠰᠠᠯᠬᠢᠨ ᠠᠷᠪᠢᠨ᠂ ᠵᠤᠨ ᠨᠠᠮᠤᠷ ᠤᠨ ᠡᠳᠦᠷ ᠲᠤ ᠨᠢ ᠨᠡᠷᠡᠨ ᠤ ᠭᠡᠷᠡᠯ ᠤᠨ ᠳᠤᠰᠤᠯᠳᠠ ᠨᠢ ᠬᠤᠷᠴᠠ᠂ ᠦᠷᠯᠦᠭᠡ ᠤᠷᠤᠢ ᠶᠢᠨ ᠳᠤᠯᠠᠭᠠᠨ ᠤ ᠬᠡᠮᠵᠢᠶ᠎ᠡ ᠲᠦᠷᠭᠡᠨ ᠪᠠᠭᠤᠷᠠᠳᠠᠭ ᠪᠤᠯᠬᠤᠷ ᠵᠤᠨ ᠵᠢᠭᠤᠯᠴᠢᠯᠠᠬᠤ ᠳᠤ ᠪᠠᠨ ᠬᠦᠯᠦᠰᠦ ᠰᠠᠶᠢᠨ ᠰᠢᠩᠭᠡᠭᠡᠲᠡᠭ ᠬᠠᠨᠳᠠᠭᠠᠰᠤ ᠵᠡᠷᠭᠡ ᠶᠢ ᠰᠤᠩᠭᠤᠬᠤ ᠬᠡᠷᠡᠭᠳᠡᠢ ᠪᠦᠭᠡᠳ ᠬᠦᠷᠢᠨ ᠤ ᠭᠠᠳᠠᠨᠠᠬᠢ ᠲᠤᠶᠠᠭ᠎ᠠ ᠶᠢ ᠰᠡᠷᠭᠡᠶᠢᠯᠡᠬᠦ ᠳᠤᠰᠤ᠂ ᠤᠷᠤᠭᠤᠯ ᠤᠨ ᠳᠤᠰᠤ᠂ ᠨᠠᠷᠠᠨ ᠰᠢᠯ᠂ ᠨᠠᠷᠠ ᠬᠠᠯᠬᠠᠯᠠᠬᠤ ᠮᠠᠯᠠᠭᠠᠢ ᠵᠠᠷᠭᠡ ᠵᠦᠢᠯ ᠢ ᠪᠠᠯᠡᠳᠭᠡᠬᠦ ᠬᠡᠷᠡᠭᠳᠡᠢ᠃ ᠨᠠᠮᠤᠷ ᠤᠨ ᠤᠯᠠᠷᠢᠯ ᠤᠨ ᠦᠷᠯᠦᠭᠡ ᠤᠷᠦᠢ ᠳᠤ ᠨᠢ ᠬᠤᠪᠴᠠᠰᠤ ᠪᠠᠨ ᠵᠤᠵᠠᠭᠠᠯᠠᠨ ᠡᠮᠦᠰᠴᠤ᠂ ᠳᠠᠭᠠᠷᠠᠬᠤ ᠠᠴᠠ ᠬᠢᠴᠢᠶᠡᠬᠦ ᠬᠡᠷᠡᠭᠳᠡᠢ᠃      3. ᠡᠯᠡᠰᠤᠨ ᠳᠤ ᠶᠠᠪᠤᠬᠤ ᠳᠤ ᠪᠠᠨ ᠬᠠᠮᠤᠭ ᠰᠠᠶᠢᠨ ᠨᠢ ᠬᠦᠩᠭᠡᠨ᠂ ᠠᠭᠠᠷ ᠨᠡᠪᠳᠡᠷᠡᠬᠦ ᠴᠢᠨᠠᠷ ᠢᠶᠠᠷ ᠰᠠᠶᠢᠨ᠂ ᠦᠨᠳᠦᠷ ᠲᠦᠷᠠᠢ ᠲᠠᠢ ᠢᠯᠬᠢᠨ ᠠᠷᠠᠰᠤᠨ ᠱᠠᠬᠠᠢ ᠶᠢ ᠰᠤᠩᠭᠤᠵᠤ᠂ ᠱᠠᠬᠠᠢ ᠳᠤ ᠡᠯᠡᠰᠤ ᠤᠷᠤᠵᠤ ᠵᠠᠮ ᠶᠡᠪᠤᠬᠤ ᠶᠢ ᠨᠦᠯᠦᠭᠡᠯᠡᠬᠦ ᠶᠢ ᠰᠡᠷᠭᠡᠶᠢᠯᠡᠨ᠂ ᠵᠤᠨ ᠤ ᠭᠤᠤᠯ ᠦᠳᠡ ᠳᠤ ᠶᠠᠪᠠᠭᠠᠨ ᠶᠠᠪᠤᠵᠤ ᠪᠤᠯᠬᠤ ᠦᠭᠡᠢ᠂ ᠡᠯᠡᠰᠤᠨ ᠤ ᠭᠠᠲᠠᠷᠭᠤ ᠶᠢᠨ ᠬᠠᠯᠠᠭᠤᠨ ᠤ ᠬᠡᠮᠵᠢᠶ᠎ᠡ ᠲᠤᠩ ᠦᠨᠳᠤᠷ ᠪᠠᠶᠢᠳᠠᠭ᠂ ᠠᠮᠠᠷᠬᠠᠨ ᠨᠠᠷᠠᠰᠢᠬᠤ ᠪᠤᠶᠤ ᠠᠷᠠᠰᠤ ᠮᠢᠬ᠎ᠠ ᠶᠢ ᠰᠢᠷᠠᠵᠤ ᠰᠢᠷᠬᠠᠳᠤᠭᠤᠯᠤᠨ᠎ᠠ᠃      4. ᠡᠯᠡᠰᠤ ᠮᠠᠩᠬᠠᠨ ᠳᠤ ᠶᠠᠪᠤᠪᠠᠯ ᠦᠷᠭᠦᠯᠵᠢ ᠤᠰᠤ ᠤᠤᠭᠤᠬᠤ ᠪᠦᠭᠡᠳ ᠢᠯᠡᠭᠦᠦ ᠵᠢᠮᠢᠰ ᠢᠳᠡᠬᠦ ᠠᠴᠠ ᠭᠠᠳᠠᠨ᠎ᠠ᠂ ᠦᠷᠭᠦᠯᠵᠢ ᠬᠡᠷᠡᠭᠯᠡᠬᠦ ᠡᠮ ᠢᠶᠠᠨ ᠪᠡᠯᠡᠳᠭᠡᠨ᠎ᠡ᠂ ᠵᠢᠱᠢᠶᠠᠯᠡᠪᠠᠯ᠄ ᠨᠢᠳᠦᠨ ᠳᠤ ᠲᠤᠰᠤᠭᠠᠬᠤ ᠡᠮ᠂ ᠪᠠᠺᠲ᠋ᠧᠷᠢ ᠦᠷᠪᠢᠰᠤᠯ ᠢ ᠰᠡᠷᠭᠡᠶᠢᠯᠡᠬᠦ ᠡᠮ᠂ ᠳᠡᠷᠭᠡᠨ ᠳᠤ ᠰᠠᠭᠤᠭᠠᠳ ᠲᠤᠷ᠎ᠠ ᠪᠤᠯᠭᠢᠬᠤ ᠶᠢ ᠰᠡᠷᠭᠡᠶᠢᠯᠡᠬᠦ ᠡᠮ ᠵᠢᠴᠢ ᠬᠢᠮᠤᠷᠠᠭᠠᠨ ᠤ ᠡᠮ ᠪᠤᠯᠤᠨ ᠬᠤᠳᠤᠭᠤᠳᠤ ᠭᠡᠳᠡᠰᠤᠨ ᠤ ᠡᠮ ᠵᠡᠷᠭᠡ᠃ ᠵᠢᠮᠢᠰ ᠢᠳᠡᠵᠤ ᠪᠠᠷᠠᠭᠰᠠᠨ ᠤ ᠳᠠᠷᠠᠭ᠎ᠠ ᠬᠠᠯᠠᠭᠤᠨ ᠴᠠᠢ ᠤᠤᠭᠤᠵᠤ ᠪᠤᠯᠬᠤ ᠦᠭᠡᠢ᠂ ᠠᠮᠠᠷᠬᠠᠨ ᠴᠢᠴᠠᠭ᠎ᠠ ᠠᠯᠳᠠᠨ᠎ᠠ᠃      5. ᠴᠦᠭᠡᠨ ᠳᠤᠭᠠᠳᠤ ᠦᠨᠳᠦᠰᠦᠳᠡᠨ ᠤ ᠭᠠᠵᠠᠷ ᠤᠷᠤᠨ ᠤᠯᠠᠩᠬᠢ ᠳᠤ ᠪᠠᠨ ᠦᠬᠡᠷ ᠬᠤᠨᠢᠨ ᠮᠢᠬ᠎ᠠ ᠪᠠᠷ ᠭᠤᠤᠯ ᠪᠤᠯᠭᠠᠳᠠᠭ᠃ ᠲᠤᠬᠠᠢ ᠶᠢᠨ ᠭᠠᠵᠠᠷ ᠤᠷᠤᠨ ᠤ ᠴᠦᠭᠡᠨ ᠳᠤᠭᠠᠳᠤ ᠦᠨᠳᠦᠰᠦᠳᠡᠨ ᠤ ᠵᠠᠩ ᠳᠠᠳᠬᠠᠯ ᠢ ᠬᠦᠨᠳᠦᠳᠬᠡᠵᠤ᠂ ᠰᠡᠷᠭᠡᠭ ᠴᠢᠨᠠᠷ ᠲᠠᠢ ᠦᠭᠡ ᠶᠠᠷᠢᠬᠤ ᠶᠢ ᠴᠡᠭᠡᠷᠯᠡᠨ᠎ᠡ᠃      6. ᠡᠯᠡᠰᠤ ᠮᠠᠩᠬᠠᠨ ᠤ ᠨᠠᠷᠠ ᠭᠠᠷᠬᠤ ᠪᠠ ᠨᠠᠷᠠ ᠰᠢᠩᠭᠡᠬᠦ ᠦᠶ᠎ᠡ ᠶᠢᠨ ᠦᠵᠡᠮᠵᠢ ᠶᠢ ᠰᠡᠭᠦᠳᠡᠷᠯᠡᠭᠰᠡᠨ ᠦᠷ᠎ᠡ ᠳ᠋ᠦᠩ ᠨᠢ ᠲᠤᠩ ᠰᠠᠶᠢᠨ ᠪᠠᠶᠢᠳᠠᠭ᠂ ᠰᠠᠭᠦᠲᠡᠷᠯᠡᠬᠦ ᠰᠠᠨᠠᠭ᠎ᠠ ᠲᠠᠢ ᠪᠠᠶᠢᠪᠠᠯ᠂ ᠰᠠᠭᠦᠳᠡᠷᠯᠡᠬᠦ ᠮᠠᠰᠢᠨ ᠵᠡᠷᠭᠡ ᠪᠠᠨ ᠰᠠᠶᠢᠬᠠᠨ ᠪᠡᠯᠡᠳᠭᠡᠵᠤ᠂ ᠬᠡᠷᠡᠭᠯᠡᠬᠦ ᠦᠭᠡᠢ ᠦᠶ᠎ᠡ ᠳᠤ ᠪᠠᠨ ᠡᠷᠬᠡᠪᠰᠢ ᠰᠠᠶᠢᠬᠠᠨ ᠪᠤᠭᠤᠵᠤ ᠲᠠᠯᠪᠢᠨ᠂ ᠰᠡᠭᠦᠳᠡᠷᠯᠡᠬᠦ ᠮᠠᠰᠢᠨ ᠵᠡᠷᠭᠡ ᠳᠤ ᠡᠯᠡᠰᠤ ᠰᠢᠷᠦᠢ ᠤᠷᠤᠵᠤ᠂ ᠮᠠᠰᠢᠨ ᠢ ᠡᠪᠳᠡᠯᠬᠦ ᠠᠴᠠ ᠬᠢᠴᠢᠶᠡᠨ᠎ᠡ᠃      7. ᠡᠯᠡᠰᠤ ᠮᠠᠩᠬᠠᠨ ᠤ ᠡᠯ᠎ᠡ ᠵᠦᠢᠯ ᠤᠨ ᠡᠪᠡᠰᠤ ᠤᠷᠭᠤᠮᠠᠯ ᠢ ᠡᠪᠳᠡᠵᠤ ᠰᠦᠢᠳᠬᠡᠵᠦ ᠪᠤᠯᠬᠤ ᠦᠭᠡᠢ ᠪᠦᠭᠡᠳ ᠤᠰᠤ ᠠᠷᠪᠢᠯᠠᠬᠤ ᠬᠡᠷᠡᠭᠳᠡᠢ᠂ ᠳᠡᠳᠡᠭᠡᠷ ᠨᠢ ᠡᠯᠡᠰᠤ ᠮᠠᠩᠬᠠᠨ ᠠᠮᠢ ᠠᠬᠤᠢ ᠶᠢ ᠬᠠᠮᠠᠭᠠᠯᠠᠬᠤ ᠳᠤ ᠤᠮᠳᠤᠭᠠᠢᠢᠯᠠᠵᠤ ᠪᠤᠯᠤᠰᠢ ᠦᠭᠡᠢ ᠦᠢᠯᠡᠳᠦᠯ ᠲᠠᠢ᠃      8. ᠲᠠᠨ ᠤ ᠵᠢᠭᠤᠯᠴᠢᠯᠠᠵᠤ ᠪᠠᠶᠢᠭ᠎ᠠ ᠤᠷᠤᠨ ᠪᠤᠯ ᠡᠯᠡᠰᠤ ᠮᠠᠩᠬᠠᠨ ᠠᠮᠢ ᠠᠬᠤᠢ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠬᠤᠷ ᠦᠪᠡᠷ ᠤᠨ ᠬᠡᠷᠡᠭᠯᠡᠵᠤ ᠦᠩᠭᠡᠷᠡᠭᠰᠡᠨ ᠠᠮᠢᠳᠤᠷᠠᠯ ᠤᠨ ᠬᠠᠶᠠᠭᠳᠠᠮᠠᠯ ᠡᠳ᠋ ᠪᠠᠨ ᠲᠦᠷᠦᠯ ᠬᠤᠪᠢᠶᠠᠨ᠂ ᠦᠵᠡᠮᠵᠢ ᠶᠢᠨ ᠤᠷᠤᠨ ᠳᠤ ᠲᠤᠬᠢᠷᠠᠭᠤᠯᠤᠭᠰᠠᠨ ᠬᠤᠭ ᠤᠨ ᠰᠠᠪᠠᠨ ᠳᠤ ᠬᠢᠬᠦ ᠬᠡᠷᠡᠭᠳᠡᠢ᠃      9. ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ ᠰᠢᠨᠵᠢᠯᠡᠬᠦ ᠳᠤ᠂ ᠬᠡᠭᠡᠷ᠎ᠡ ᠬᠤᠨᠤᠭᠯᠠᠬᠤ ᠲᠦᠬᠦᠭᠡᠷᠦᠮᠵᠢ ᠪᠤᠯᠤᠨ ᠬᠡᠷᠡᠭᠯᠡᠬᠦ ᠪᠠᠭᠠᠵᠢ ᠶᠢ ᠪᠡᠯᠡᠳᠭᠡᠵᠤ᠂ ᠬᠠᠮᠤᠭ ᠰᠠᠶᠢᠨ ᠨᠢ ᠲᠤᠰᠬᠠᠢ ᠮᠡᠷᠭᠡᠵᠢᠯᠳᠡᠨ ᠢᠶᠠᠷ ᠬᠠᠪᠰᠤᠷᠠᠭᠤᠯᠤᠨ ᠮᠠᠶᠢᠬᠠᠨ ᠢᠶᠠᠨ ᠪᠤᠰᠬᠠᠬᠤ ᠶᠢᠨ ᠬᠠᠮᠳᠤ ᠵᠠᠮ ᠳᠠᠭᠠᠭᠤᠯᠤᠭᠴᠢ ᠲᠠᠢ ᠰᠠᠶᠢᠨ ᠨᠡᠪᠳᠡᠷᠡᠯᠴᠡᠬᠦ ᠶᠢ ᠠᠩᠬᠠᠷᠬᠤ ᠬᠡᠷᠡᠭᠳᠡᠢ᠃      10. ᠡᠯᠡᠰᠤ ᠮᠠᠩᠬᠠᠨ ᠳᠤ ᠵᠢᠭᠤᠯᠴᠢᠯᠠᠬᠤ ᠶᠢᠨ ᠲᠤᠬᠢᠷᠠᠮᠵᠢᠲᠡᠢ ᠤᠯᠠᠷᠢᠯ ᠪᠤᠯ 5--10 ᠰᠠᠷ᠎ᠠ ᠪᠠᠶᠢᠵᠤ᠂ 6--9 ᠰᠠᠷ᠎ᠠ ᠪᠤᠯ ᠬᠠᠮᠤᠭ ᠰᠠᠶᠢᠨ ᠦᠶ᠎ᠡ ᠪᠤᠯᠤᠨ᠎ᠠ᠂ ᠶᠠᠪᠠᠭᠠᠨ ᠢᠶᠠᠷ ᠡᠯᠡᠰᠤ ᠮᠠᠩᠬᠠᠨ ᠳᠤ ᠪᠠᠷᠲᠠᠭ᠎ᠠ ᠰᠢᠨᠵᠢᠯᠡᠬᠦ ᠤᠯᠠᠷᠢᠯ ᠪᠤᠯ 9--10 ᠰᠠᠷ᠎ᠡ ᠪᠤᠯᠤᠨ᠎ᠠ᠃  
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号