ᠴᠠᠬᠢᠯᠭᠠᠨ ᠬᠤᠯᠪᠤᠭᠠᠨ ᠤ ᠮᠡᠬᠡᠯᠡᠯ ᠤᠨ ᠤᠪ ᠮᠡᠭᠡ
ᠨᠡᠶᠢᠲᠡᠯᠡᠭᠰᠡᠨ ᠴᠠᠭ᠄
2021/9/16
    ᠤᠳᠠᠰᠤ ᠪᠠᠷ ᠮᠡᠭᠡᠯᠡᠬᠦ᠄    1. ᠦᠷ᠎ᠡ ᠬᠡᠦᠬᠡᠳ ᠨᠢ ᠤᠤᠯᠭᠠᠯᠠᠭᠳᠠᠵᠤ᠂ ᠳ᠋ᠢᠶᠠᠩᠬᠤᠸᠠ ᠳᠠᠭᠤ ᠰᠢᠩᠭᠡᠭᠡᠯᠲᠡ ᠶᠢ ᠠᠰᠢᠭᠯᠠᠨ ᠭᠡᠷ ᠤᠨ ᠬᠥᠮᠦᠰ ᠢ ᠨᠢ ᠠᠶᠤᠯᠭᠠᠨ ᠭᠡᠯᠮᠡᠭᠳᠡᠬᠦᠯᠵᠦ᠂ ᠪᠠᠷᠢᠴᠠᠭᠠᠯᠠᠭᠳᠠᠭᠰᠠᠨ ᠬᠥᠮᠦᠨ ᠳᠤ ᠵᠣᠭᠤᠰ ᠭᠤᠪᠢᠭᠤᠯᠬᠤ ᠶᠢ ᠱᠠᠭᠠᠷᠳᠠᠳᠠᠭ᠃    2. ᠲᠥᠷᠥᠯ ᠰᠠᠳᠤᠨ ᠨᠠᠶᠢᠵᠠ ᠨᠥᠬᠦᠳ ᠢᠶᠠᠷ ᠣᠪᠯᠠᠵᠤ᠂ ᠲᠡᠷᠭᠡᠨ ᠠᠳᠡᠯ᠂ ᠡᠪᠡᠳᠴᠢᠯᠡᠭᠰᠡᠨ᠂ ᠬᠠᠤᠯᠢ ᠠᠴᠠ ᠵᠥᠷᠢᠴᠡᠵᠦ ᠵᠣᠭᠤᠰ ᠲᠤᠰᠢᠶᠠᠬᠤ ᠴᠢᠬᠤᠯᠠᠲᠠᠶ ᠵᠡᠷᠭᠡ ᠰᠢᠯᠲᠠᠭ ᠢᠶᠠᠷ ᠮᠡᠬᠡᠯᠡᠬᠦ ᠠᠵᠢᠯᠯᠠᠭ᠎ᠠ ᠬᠢᠬᠦ᠃    3. ᠴᠠᠬᠢᠯᠭᠠᠨ ᠬᠤᠯᠪᠣᠭᠠᠨ ᠤ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠤᠲᠠᠰᠤᠨ ᠤ ᠰᠦᠢᠳᠬᠡᠯ ᠥᠷᠢᠲᠦᠬᠦ ᠵᠡᠷᠭᠡ ᠨᠡᠷ᠎ᠡ ᠪᠠᠷ ᠮᠡᠬᠡᠯᠡᠯ ᠬᠢᠬᠦ᠃    4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠢᠶᠠᠷ ᠣᠪᠯᠠᠵᠤ᠂ ᠬᠡᠨ ᠬᠡᠨ ᠵᠣᠭᠤᠰ ᠤᠬᠢᠶᠠᠬᠤ᠂ ᠮᠡᠬᠡᠯᠡᠬᠦ ᠵᠡᠷᠭᠡ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢᠶᠠᠷ ᠰᠢᠯᠲᠠᠭ ᠪᠣᠯᠭᠠᠵᠤ ᠮᠡᠬᠡᠯᠡᠬᠦ ᠠᠵᠢᠯᠯᠠᠭ᠎ᠠ ᠬᠢᠬᠦ᠃    5. ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠭᠠᠶᠢᠯᠢ ᠪᠤᠴᠠᠭᠠᠬᠤ ᠪᠠᠷ ᠰᠢᠯᠲᠠᠭ ᠪᠣᠯᠭᠠᠨ ᠬᠦᠮᠦᠰ ᠢ ATM ᠳᠡᠭᠡᠷ᠎ᠡ ᠠᠵᠢᠯᠯᠠᠭᠤᠯᠬᠤ ᠪᠠᠷ ᠱᠠᠭᠠᠷᠳᠠᠵᠤ ᠮᠡᠬᠡᠯᠡᠬᠦ ᠠᠵᠢᠯᠯᠠᠭ᠎ᠠ ᠬᠢᠬᠦ᠃    6. ᠬᠡᠨ ᠬᠡᠨ ᠱᠠᠩᠨᠠᠯ ᠣᠯᠤᠭᠰᠠᠨ ᠭᠡᠵᠦ ᠬᠤᠳᠠᠯ ᠬᠡᠯᠡᠭᠡᠳ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ᠂ ᠦᠢᠯᠡᠴᠢᠯᠡᠭᠡᠨ ᠤ ᠰᠦᠢᠳᠬᠡᠯ ᠪᠠ ᠭᠠᠷ ᠭᠦᠢᠴᠡᠳᠬᠡᠯ ᠤᠨ ᠰᠦᠢᠳᠬᠡᠯ ᠵᠡᠷᠭᠡ ᠶᠢ ᠲᠤᠰᠢᠶᠠᠬᠤ ᠪᠠᠷ ᠮᠡᠬᠡᠯᠡᠬᠦ ᠡᠵᠢᠯᠯᠠᠭ᠎ᠠ ᠬᠢᠬᠦ᠃    ᠣᠬᠤᠷ ᠴᠢᠮᠡᠭᠡ ᠪᠠᠷ ᠮᠡᠬᠡᠯᠡᠬᠦ᠄    1 . ᠬᠦᠮᠦᠰ ᠲᠤ ᠣᠬᠤᠷ ᠮᠡᠳᠡᠭᠡ ᠶᠠᠪᠤᠭᠤᠯᠵᠤ ᠪᠠᠩᠬᠢ ᠶᠢᠨ ᠺᠠᠷᠲ ᠢ ᠴᠢᠨᠢ ᠥᠭᠡᠷ᠎ᠡ ᠭᠠᠵᠠᠷ ᠲᠤ ᠬᠡᠷᠡᠭᠯᠡᠵᠦ ᠪᠠᠶᠢᠨ᠎ᠠ ᠭᠡᠮᠡᠨ ᠮᠡᠬᠡᠯᠡᠵᠦ᠂ ᠬᠠᠷᠢᠭᠤ ᠤᠲᠠᠰᠤ ᠶᠠᠪᠤᠭᠤᠯᠬᠤ ᠦᠶ᠎ᠡ ᠳᠤ ᠬᠠᠤᠯᠢ ᠪᠤᠰᠤ ᠡᠲᠡᠭᠡᠳ ᠪᠠᠩᠬᠢ ᠶᠢᠨ ᠠᠵᠢᠯᠲᠠᠨ ᠢᠶᠠᠷ ᠬᠠᠭᠤᠷᠮᠠᠭᠯᠠᠨ ᠮᠡᠬᠡᠯᠡᠵᠦ ᠪᠠᠶᠢᠨ᠎ᠠ᠃    2 . ᠣᠬᠤᠷ ᠴᠢᠮᠡᠭᠡ ᠪᠠᠷ ᠪᠠᠩᠬᠢ ᠶᠢᠨ ᠲᠠᠩᠰᠠᠨ ᠨᠣᠮᠧᠷ ᠵᠢᠴᠢ ︽ᠲᠦᠷᠭᠡᠨ ᠭᠤᠪᠢᠭᠤᠯᠤᠭᠰᠠᠨ ᠵᠣᠭᠤᠰ︾ ᠵᠡᠷᠭᠡ ᠮᠡᠳᠡᠭᠡ ᠵᠠᠩᠭᠢ ᠶᠢ ᠶᠠᠪᠤᠭᠤᠯᠵᠤ ᠮᠡᠬᠡᠯᠡᠬᠦ᠃    ᠰᠦᠯᠵᠢᠶᠡᠨ ᠤ ᠮᠡᠬᠡᠯᠡᠯ᠄    1 . ᠰᠦᠯᠵᠢᠶᠡᠨ ᠳᠡᠭᠡᠷ᠎ᠡ ᠰᠲ᠋ᠣᠺ ᠢ ᠰᠣᠩᠭᠤᠬᠤ ᠪᠤᠶᠤ ᠬᠤᠳᠠᠯᠳᠤᠨ ᠠᠪᠬᠤ ᠳᠤ ᠬᠠᠪᠰᠤᠷᠬᠤ ᠮᠡᠳᠡᠭᠡ ᠵᠠᠩᠭᠢ ᠨᠡᠶᠢᠲᠡᠯᠡᠵᠦ ᠮᠡᠬᠡᠯᠡᠬᠦ᠃    2 . ᠱᠠᠩᠨᠠᠯ ᠣᠯᠤᠭᠰᠠᠨ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠵᠦ ᠮᠡᠬᠡᠯᠡᠭᠳᠡᠭᠴᠢ ᠰᠦᠯᠵᠢᠶᠡᠨ ᠳᠤ ᠭᠠᠷᠬᠤ ᠳᠠᠭᠠᠨ QQ ᠶᠢᠨ ᠱᠠᠩᠨᠠᠯ ᠣᠯᠤᠭᠰᠠᠨ ᠪᠤᠶᠤ ᠰᠦᠯᠵᠢᠶᠡᠨ ᠤ ᠲᠣᠭᠯᠠᠭᠠᠮ ᠤᠨ ᠱᠠᠩᠨᠠᠯ ᠣᠯᠤᠭᠰᠠᠨ ᠢ ᠣᠯᠵᠤ ᠮᠡᠳᠡᠨ᠎ᠡ᠂ ᠭᠡᠪᠡᠴᠦ ᠡᠷᠬᠡᠪᠰᠢ ᠤᠷᠢᠳᠠᠪᠠᠷ ᠭᠠᠷ ᠭᠦᠶ᠋ᠴᠡᠳᠬᠡᠯ ᠤᠨ ᠰᠦᠢᠳᠬᠡᠯ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠵᠡᠷᠭᠡ ᠶᠢ ᠲᠤᠰᠢᠶᠠᠵᠤ᠂ ᠬᠠᠤᠯᠢ ᠪᠤᠰᠤ ᠡᠲᠡᠭᠡᠳ ᠡᠭᠦᠨ ᠢᠶᠠᠷ ᠵᠣᠭᠤᠰ ᠢ ᠮᠡᠬᠡᠯᠡᠨ ᠠᠪᠳᠠᠭ᠃
 
ᠢᠷᠡᠯᠲᠡ᠄ ᠠᠯᠠᠱᠠ ᠶᠢᠨ ᠡᠳᠦᠷ ‍ᠤᠨ‌‍ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号