| | | | | | | | | ᠲᠡᠷᠭᠡᠯ ᠰᠠᠷ᠎ᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠠᠶᠠᠷ ᠤᠨ ᠡᠳᠦᠷ ᠤᠨ ᠢᠳᠡᠭᠡᠨ ᠤ ᠵᠦᠢᠯ ᠤᠨ | ᠪᠣᠷᠣᠯᠠᠭᠤᠯᠭ᠎ᠠ ᠬᠥᠭᠵᠢᠶᠡᠨᠲᠡᠶ ᠤᠯᠠᠷᠢᠯ ᠳᠤ ᠣᠷᠣᠯ᠎ᠠ᠃ ᠣᠯᠠᠨ ᠲᠦᠮᠡᠨ ᠤ ᠪᠠᠶᠠᠷ ᠤᠨ ᠡᠳᠦᠷ ᠤᠨ ᠬᠤᠭᠤᠴᠠᠭᠠᠨ ᠤ | ᠢᠳᠡᠭᠡᠨ ᠤ ᠵᠦᠢᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ | ᠲᠤᠰᠬᠠᠶ ᠪᠠᠶᠢᠴᠠᠭᠠᠯᠲᠠ ᠶᠢᠨ ᠠᠷᠭ᠎ᠠ ᠬᠡᠯᠪᠡᠷᠢ ᠶᠢ ᠠᠪᠴᠤ᠂ ᠡᠯ᠎ᠡ ᠲᠥᠷᠥᠯ ᠤᠨ ᠢᠳᠡᠭᠡᠨ ᠤ ᠬᠠᠤᠯᠢ | ᠲᠣᠭᠲᠠᠭᠠᠯ ᠠᠴᠠ ᠵᠥᠷᠢᠴᠡᠭᠰᠡᠨ ᠣᠶᠢᠯᠡ ᠠᠵᠢᠯᠯᠠᠭ᠎ᠠ ᠶᠢ ᠴᠢᠩᠭ᠎ᠠ ᠬᠤᠷᠢᠭᠯᠠᠨ ᠵᠣᠭᠰᠣᠭᠠᠬᠤ ᠵᠢᠴᠢ ᠬᠠᠣᠯᠢ | ᠵᠦᠷᠢᠴᠡᠭᠰᠡᠳ ᠲᠤ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠵᠢᠴᠢ ᠡᠶ᠎ᠡ ᠵᠣᠬᠢᠴᠠᠩᠭᠤᠶ ᠶᠢ | ᠬᠠᠮᠠᠭᠠᠯᠠᠵᠦ ᠪᠠᠶᠢᠨ᠎ᠠ᠃ | ᠲᠢᠶᠠᠨ ᠱᠧᠩ ᠴᠢᠯᠦᠭᠡᠳᠦ ᠳᠡᠯᠭᠡᠭᠦᠷ ᠲᠤ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠭᠤᠤᠯ | ᠴᠣᠭᠴᠠ ᠶᠢᠨ ᠦᠨᠡᠮᠯᠡᠯ ᠨᠢ ᠪᠦᠷᠢᠨ ᠬᠦᠢᠴᠡᠳ ᠪᠠᠶᠢᠬᠤ ᠡᠰᠡᠬᠦ᠂ ᠪᠠᠷᠠᠭ᠎ᠠ ᠬᠠᠩᠭᠠᠬᠤ ᠬᠤᠳᠠᠯᠳᠤᠭᠠᠴᠢᠨ ᠤ ᠬᠢᠷᠢ | ᠬᠡᠮ᠂ ᠪᠠᠷᠠᠭ᠎ᠠ ᠣᠷᠣᠭᠤᠯᠤᠭᠰᠠᠨ ᠫᠢᠶᠣᠣ ᠪᠠᠷᠢᠮᠲᠠ᠂ ᠬᠢᠷᠢ ᠲᠡᠩᠴᠡᠭᠰᠡᠨ ᠭᠡᠷᠡᠴᠢ ᠪᠠᠷᠢᠮᠲᠠ᠂ ᠣᠷᠣᠭᠤᠯᠵᠤ | ᠪᠣᠷᠣᠯᠠᠭᠤᠯᠤᠭᠰᠠᠨ ᠪᠠᠷᠠᠭᠠᠨ ᠤ ᠡᠬᠡ ᠲᠠᠩᠰᠠ ᠶᠢᠨ ᠲᠡᠮᠳᠡᠭᠯᠡᠯ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ | ᠪᠦᠳᠦᠭᠡᠭᠳᠡᠬᠦᠨ ᠤ ᠨᠡᠷᠡᠶᠢᠳᠦᠯ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ᠂ ᠴᠢᠨᠠᠷ ᠢ ᠪᠠᠲᠤᠯᠠᠬᠤ | ᠬᠤᠭᠤᠴᠠᠭ᠎ᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠴᠢᠬᠤᠯᠠ ᠮᠡᠳᠡᠭᠡ ᠵᠠᠩᠭᠢ ᠶᠢ ᠪᠠᠶᠢᠴᠠᠭᠠᠨ | ᠦᠵᠡᠭᠰᠡᠨ ᠤ ᠬᠠᠮᠳᠦ᠂ ᠶᠧᠪᠡᠩ᠂ ᠮᠢᠬ᠎ᠠ ᠵᠢᠴᠢ ᠮᠢᠬᠠᠨ ᠢᠳᠡᠭᠡᠨ᠂ ᠵᠢᠮᠢᠰ ᠨᠣᠭᠤᠭ᠎ᠠ᠂ ᠠᠷᠢᠬᠢᠨ ᠤ ᠵᠦᠢᠯ᠂ ᠰᠦ | ᠴᠠᠭ᠎ᠠ ᠶᠢᠨ ᠢᠳᠡᠭᠡᠨ᠂ ᠡᠷᠡᠭᠦᠯᠵᠢᠯ ᠤᠨ ᠢᠳᠡᠭᠡᠨ ᠵᠡᠷᠭᠡ ᠬᠡᠷᠡᠭᠯᠡᠭᠡ ᠶᠡᠬᠡᠲᠡᠶ ᠮᠦᠷᠳᠡᠭᠡᠨ ᠪᠣᠷᠣᠯᠠᠭᠤᠯᠭ᠎ᠠ ᠰᠠᠶᠢᠲᠠᠶ | ᠢᠳᠡᠭᠡᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠢᠳᠡᠭᠡᠨ ᠤᠮᠳᠠᠭᠠᠨ ᠤ ᠨᠢᠬᠡᠴᠡ ᠶᠢᠨ ᠦᠢᠯᠡᠴᠢᠯᠡᠭᠡᠨ ᠤ | ᠣᠷᠴᠢᠨ ᠲᠣᠭᠤᠷᠢᠨ ᠤ ᠠᠷᠢᠭᠤᠨ ᠴᠡᠪᠡᠷ᠂ ᠢᠳᠡᠭᠡᠨ ᠤᠮᠳᠠᠭᠠᠨ ᠡᠳ᠋ᠰᠢᠬᠦᠯᠦᠨ ᠦᠢᠯᠡᠳᠬᠦ᠂ ᠢᠳᠡᠭᠡᠨ ᠤ ᠨᠡᠮᠡᠯᠲᠡ | ᠡᠳ᠋ ᠢ ᠬᠠᠮᠢᠶᠠᠷᠬᠤ ᠪᠠ ᠬᠡᠷᠡᠭᠯᠡᠬᠦ᠂ ᠢᠳᠡᠭᠡᠨ ᠵᠢᠴᠢ ᠲᠦᠭᠦᠬᠡᠶ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ ᠡᠬᠡ | ᠳᠠᠩᠰᠠ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ᠂ ᠲᠣᠭᠤᠭᠠᠨ ᠭᠡᠷ ᠤᠨ ᠠᠷᠢᠭᠤᠨ ᠴᠡᠪᠡᠷ᠂ ᠢᠳᠡᠭᠡᠨ ᠤ | ᠶᠠᠩᠵᠤ ᠦᠯᠡᠳᠡᠭᠡᠬᠦ ᠵᠡᠷᠭᠡ ᠲᠠᠯ᠎ᠠ ᠪᠠᠷ ᠴᠢᠩᠭ᠎ᠠ ᠬᠢᠨᠠᠨ ᠬᠠᠮᠢᠶᠠᠷᠴᠦ ᠪᠠᠶᠢᠨ᠎ᠠ᠃ | ᠲᠡᠷᠭᠡᠯ ᠰᠠᠷ᠎ᠠ ᠶᠢᠨ ᠪᠠᠶᠠᠷ ᠣᠶᠢᠷᠠᠳᠬᠤ ᠪᠠᠷ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠳᠬᠠᠵᠣ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠠᠮᠢᠳᠤᠷᠠᠯ ᠤᠨ | ᠴᠢᠯᠦᠭᠡᠳᠦ ᠳᠡᠯᠭᠡᠭᠦᠷ᠂ ᠢᠳᠡᠭᠡᠨ ᠪᠠ ᠡᠯᠳᠡᠪ ᠵᠦᠢᠯ ᠤᠨ ᠲᠥᠬᠦᠮ ᠦᠵᠡᠭᠦᠯᠬᠦ ᠳᠡᠯᠭᠡᠭᠦᠷ᠂ ᠪᠣᠭᠤᠷᠰᠤᠭ ᠬᠢᠬᠦ | ᠳᠡᠯᠭᠡᠬᠦᠷ᠂ ᠢᠳᠡᠭᠡᠨ ᠡᠳ᠋ᠰᠢᠭᠦᠯᠬᠦ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠦᠢᠯᠡᠳᠪᠦᠷᠢᠯᠡᠵᠣ ᠪᠣᠷᠣᠯᠠᠭᠤᠯᠬᠤ | ᠨᠢᠬᠡᠴᠡ ᠳᠤ ᠬᠦᠨᠵᠡᠭᠡᠶᠢᠷᠡᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠡ ᠶᠢᠨ ᠬᠠᠤᠯᠢ ᠴᠠᠭᠠᠵᠠ ᠶᠢᠨ | ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠪᠠ ᠠᠶᠤᠯ ᠲᠦᠭᠰᠢᠭᠦᠷᠢ ᠶᠢᠨ ᠦᠵᠡᠯ ᠤᠬᠠᠮᠰᠠᠷ ᠢ | ᠴᠢᠩᠭᠠᠳᠬᠠᠵᠣ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠵᠡᠷᠭᠡ ᠲᠦᠷᠢᠮ ᠢ | ᠴᠢᠩᠭ᠎ᠠ ᠨᠠᠶᠢᠳᠠᠪᠣᠷᠢᠵᠢᠭᠤᠯᠣᠭᠰᠠᠨ ᠪᠠᠶᠢᠨ᠎ᠠ᠃ ᠣᠳᠣᠬᠠᠨ ᠪᠣᠯᠲᠠᠯ᠎ᠠ 16 ᠴᠢᠯᠦᠬᠡᠳᠦ ᠳᠡᠯᠭᠡᠭᠦᠷ᠂ 156 ᠳᠦᠬᠦᠮ | ᠦᠵᠡᠬᠦᠯᠬᠦ ᠳᠡᠯᠭᠡᠭᠦᠷ᠂ 4 ᠴᠤᠭᠯᠠᠭ᠎ᠠ ᠮᠠᠶᠢᠮᠠᠢ ᠶᠢᠨ ᠭᠠᠵᠠᠷ ᠢ ᠪᠠᠶᠢᠴᠠᠭᠠᠵᠤ᠂ 362 ᠬᠦᠮᠣᠨ ᠣᠳᠠᠭ᠎ᠠ ᠬᠠᠤᠯᠢ | ᠬᠡᠷᠡᠭᠵᠢᠭᠦᠯᠬᠦ ᠠᠵᠢᠯᠲᠠᠨ ᠪᠠᠶᠢᠴᠠᠭᠠᠬᠤ ᠠᠵᠢᠯ ᠳᠤ ᠤᠷᠤᠯᠴᠠᠨ᠂ ᠭᠡᠷᠡᠭᠯᠡᠭᠴᠢᠳ ᠤᠨ ᠰᠠᠨᠠᠭ᠎ᠠ ᠠᠮᠤᠷ ᠬᠤᠳᠠᠯᠳᠤᠨ | ᠠᠪᠬᠤ ᠤᠷᠴᠢᠨ ᠲᠤᠭᠤᠷᠢᠨ ᠢ ᠪᠠᠳᠣᠯᠠᠵᠣ ᠪᠠᠶᠢᠨ᠎ᠠ᠃ | | |