ᠠᠯᠠᠱᠠ ᠠᠶᠢᠮᠠᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠱᠠᠲᠤᠴᠢ ᠴᠢᠨᠠᠷᠲᠠᠶ ᠦᠷ᠎ᠡ ᠪᠦᠲᠦᠮᠵᠢ ᠣᠯᠵᠡᠢ
ᠨᠡᠶᠢᠲᠡᠯᠡᠭᠰᠡᠨ ᠴᠠᠭ᠄
2021/9/17
      ᠠᠯᠠᠱᠠ ᠠᠶᠢᠮᠠᠭ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠦᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠪᠠ᠃       ᠶᠠᠪᠣᠴᠠ ᠶᠢ ᠳᠠᠬᠢᠨ ᠪᠠᠶᠢᠭᠤᠯᠬᠤ ᠳᠤ ᠲᠥᠪᠯᠡᠷᠡᠭᠦᠯᠵᠦ᠂ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠰᠢᠰᠲ᠋ᠧᠮ ᠢ ᠪᠠᠶᠢᠭᠤᠯᠵᠡᠢ᠃ ︽ᠪᠦᠬᠦ ᠶᠠᠪᠤᠴᠠ ᠪᠠᠷ᠂ ᠪᠦᠬᠦᠨ ᠢ ᠬᠠᠮᠤᠷᠬᠤ︾ ᠱᠠᠭᠠᠷᠳᠠᠯᠭ᠎ᠠ ᠶᠣᠰᠣᠭᠠᠷ ︽ᠠᠯᠠᠱᠠ ᠠᠶᠢᠮᠠᠭ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠦᠬᠦᠴᠠᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠳᠠᠷᠬᠠᠭᠠᠵᠣ᠂ 21 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠳᠡᠯᠡᠪᠡ᠃ ᠲᠥᠷᠥᠯ ᠵᠦᠢᠯ ᠤᠨ ᠲᠥᠷᠥᠯ ᠠᠩᠭᠢᠯᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠣ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠳᠥᠭᠦᠮ ᠳᠣᠣᠷ᠎ᠠ ᠲᠦᠭᠰᠢᠭᠦᠷᠢᠲᠦ ᠲᠥᠷᠥᠯ ᠵᠦᠢᠯ ᠤᠨ ᠬᠡᠪᠴᠢᠶ᠎ᠡ ᠶᠢ ᠳᠣᠳᠣᠷᠬᠠᠶᠢᠯᠠᠨ᠂     ︽ᠨᠢᠭᠡ ᠰᠠᠯᠠᠭ᠎ᠠ ᠮᠦᠴᠢᠷ ᠢᠶᠠᠷ ᠲᠦᠷᠦᠭᠦᠯᠡᠭᠦᠯᠦᠨ᠂ ᠬᠤᠯᠪᠣᠭᠠᠯᠠᠨ ᠬᠢᠨᠠᠨ ᠵᠥᠪᠰᠢᠶᠡᠷᠡᠵᠦ᠂ ᠴᠠᠭ ᠬᠢᠵᠠᠭᠠᠷᠯᠠᠨ ᠬᠦᠢᠴᠡᠳᠭᠡᠵᠣ ᠳᠠᠭᠤᠰᠬᠠᠬᠤ︾ ᠶᠢ ᠪᠡᠶᠡᠯᠡᠬᠦᠯᠵᠡᠢ᠃ ᠣᠳᠣᠬᠠᠨ ᠪᠣᠯᠲᠠᠯ᠎ᠠ᠂ 175 ᠵᠦᠢᠯ ᠤᠨ ᠵᠢᠷᠤᠭ ᠢ ᠬᠠᠮᠳᠣᠷᠠᠨ ᠬᠢᠨᠠᠬᠤ ᠶᠢ ᠪᠡᠶᠡᠯᠡᠭᠦᠯᠵᠦ᠂ ᠬᠠᠮᠲᠤᠷᠠᠨ ᠬᠢᠨᠠᠭᠰᠠᠨ ᠵᠢᠷᠤᠭ ᠤᠨ ᠬᠠᠷᠢᠴᠠᠯ ᠤᠨ ᠨᠣᠷᠮ᠎ᠠ 95.6% ᠳᠤ ᠬᠦᠷᠴᠡᠢ᠃ ᠪᠠᠭᠤᠯᠭᠠᠬᠤ ᠶᠣᠰᠣᠲᠠᠢ ᠶᠢ ᠨᠢ ᠪᠦᠬᠦᠨ ᠢ ᠪᠠᠭᠤᠯᠭᠠᠵᠣ᠂ ᠬᠠᠰᠤᠵᠤ ᠳᠡᠶᠢᠯᠬᠦ ᠶᠢ ᠨᠢ ᠬᠠᠰᠤᠬᠤ᠂ ᠨᠡᠶᠢᠯᠡᠭᠦᠯᠵᠦ ᠳᠡᠶᠢᠯᠬᠦ ᠶᠢ ᠨᠢ ᠨᠡᠶᠢᠯᠡᠭᠦᠯᠬᠦ ᠶᠢ ᠪᠠᠷᠢᠮᠲᠠᠯᠠᠵᠤ᠂ ᠠᠯᠢᠪᠠ ᠵᠦᠢ ᠵᠤᠬᠢᠰ ᠦᠭᠡᠢ᠂ ᠴᠢᠬᠤᠯᠠ ᠦᠭᠡᠢ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠲᠦᠭᠵᠢᠷᠡᠯ ᠢ ᠠᠷᠢᠯᠭᠠᠨ ᠬᠤᠭᠤᠴᠠᠭ᠎ᠠ ᠶᠢ ᠨᠢ ᠪᠣᠭᠤᠨᠢᠰᠬᠠᠵᠡᠢ᠃      ᠴᠢᠳᠠᠮᠵᠢ ᠶᠢ ᠳᠡᠭᠡᠭᠰᠢᠯᠡᠭᠦᠯᠬᠦ ᠳᠤ ᠲᠥᠪᠯᠡᠷᠡᠭᠦᠯᠵᠦ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠢᠰᠲ᠋ᠧᠮ ᠢ ᠪᠠᠶᠢᠭᠤᠯᠵᠡᠢ᠃ ᠣᠲᠣ ᠶᠢᠨ ᠪᠠᠶᠢᠭ᠎ᠠ ᠮᠡᠳᠡᠭᠡ ᠵᠠᠩᠭᠢ ᠶᠢᠨ ᠲᠠᠪᠴᠠᠩ ᠢ ᠡᠮᠬᠢᠯᠡᠨ ᠨᠡᠶᠢᠯᠡᠭᠦᠯᠵᠦ᠂ ᠰᠠᠯᠠᠭ᠎ᠠ ᠮᠥᠴᠢᠷ ᠤᠨ ᠬᠤᠷᠢᠭ᠎ᠠ ᠴᠡᠭᠡᠷ ᠢ ᠬᠦᠴᠦᠯᠡᠨ ᠡᠪᠳᠡᠵᠦ᠂ ︽ᠣᠯᠠᠨ ᠳᠦᠷᠢᠮᠵᠢᠯ ᠢ ᠨᠡᠶᠢᠯᠡᠭᠦᠯᠦᠨ ᠨᠢᠭᠡ ᠪᠣᠯᠭᠠᠬᠤ︾ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠠᠪᠴᠠᠩ ᠢ ᠪᠠᠶᠢᠭᠤᠯᠤᠠ᠂ ᠲᠥᠷᠥᠯ ᠵᠦᠢᠯ ᠤᠨ ᠪᠥᠬᠦ ᠶᠠᠪᠣᠴᠠ ᠶᠢ ᠰᠦᠯᠵᠢᠶ᠎ᠡ ᠪᠠᠷ ᠬᠦᠢᠴᠡᠳᠭᠡᠬᠦ ᠶᠢ ᠪᠡᠶᠡᠯᠡᠬᠦᠯᠵᠡᠢ᠃ 2021 ᠣᠨ ᠠᠴᠠ ᠣᠲᠣ ᠪᠣᠯᠲᠠᠯ᠎ᠠ᠂ ᠮᠠᠨ ᠤ ᠠᠶᠢᠮᠠᠭ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠵᠦᠢᠯᠡᠰ 355 ᠪᠣᠯᠵᠣ᠂ ᠬᠢᠨᠠᠨ ᠵᠥᠪᠰᠢᠶᠡᠷᠡᠬᠦ ᠲᠠᠪᠴᠠᠩ ᠢᠶᠠᠷ ᠳᠠᠮᠵᠢᠭᠤᠯᠤᠨ ᠬᠢᠨᠠᠨ ᠵᠥᠪᠰᠢᠶᠡᠷᠡᠬᠦ ᠵᠦᠢᠯᠡᠰ ᠢ 174 ᠬᠦᠢᠴᠡᠳᠭᠡᠵᠣ᠂ ᠪᠥᠬᠦ ᠶᠠᠪᠤᠴᠠ ᠪᠠᠷ ᠶᠠᠪᠣᠭᠤᠯᠣᠨ ᠬᠢᠨᠠᠨ ᠵᠦᠪᠰᠢᠶᠡᠷᠡᠬᠦᠯᠦᠭᠰᠡᠨ ᠨᠢ 85 ᠪᠤᠯᠵᠤ᠂ 203 ᠵᠦᠢᠯ ᠢ ᠨᠡᠶᠢᠯᠡᠭᠦᠯᠦᠨ ᠬᠢᠨᠠᠨ ᠵᠥᠪᠰᠢᠶᠡᠷᠡᠵᠦ᠂ ᠣᠷᠣᠨ ᠪᠦᠰᠡ ᠶᠢᠨ ᠦᠨᠡᠯᠡᠨ ᠵᠢᠱᠢᠬᠦ ᠵᠦᠢᠯᠡᠰ ᠢ 59 ᠬᠦᠢᠴᠡᠳᠭᠡᠭᠰᠡᠨ ᠪᠠᠶᠢᠨ᠎ᠠ᠃ ᠡᠨᠠ ᠵᠢᠯ ᠤᠨ 4 ᠳ᠋ᠦ᠋ᠬᠡᠷ ᠰᠠᠷ᠎ᠠ ᠳᠤ ᠠᠯᠠᠱᠠ ᠠᠶᠢᠮᠠᠭ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠨᠢ ︽ᠮᠥᠩᠬᠡ ᠰᠤᠪᠠᠭ︾ APP ᠲᠠᠢ ᠤᠷᠤᠭᠰᠢᠲᠠᠶ ᠵᠠᠯᠭᠠᠯᠳᠤᠵᠤ᠂ ᠪᠥᠬᠦ ᠣᠷᠣᠨ ᠤ ᠲᠦᠷᠦᠭᠦᠦ ᠭᠤᠷᠪᠡ ᠳᠤ ᠡᠬᠦᠷᠭᠡ ᠪᠠᠨ ᠪᠡᠶᠡᠯᠡᠭᠦᠯᠦᠭᠰᠡᠨ ᠠᠶᠢᠮᠠᠭ ᠬᠤᠲᠠ ᠶᠢᠨ ᠨᠢᠭᠡ ᠪᠤᠯᠪᠠ᠃  ᠡᠯᠧᠺᠲᠷᠣᠨ ᠦᠨᠡᠮᠯᠡᠯ ᠢ ᠢᠳᠡᠪᠬᠢᠲᠡᠶ ᠭᠡᠷᠡᠭᠵᠢᠬᠦᠯᠵᠣ᠂ ᠪᠥᠬᠦ ᠣᠷᠣᠨ ᠤ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠤᠨ ᠡᠯᠧᠺᠲᠷᠣᠨ ᠦᠨᠡᠮᠯᠡᠯ ᠢ ᠬᠠᠮᠤᠭ ᠠᠩᠬ᠎ᠠ ᠳᠠᠷᠬᠠᠭᠠᠭᠰᠠᠨ ᠠᠶᠢᠮᠠᠭ ᠬᠤᠲᠠ ᠪᠣᠯᠵᠣ᠂ ᠣᠲᠣ ᠪᠣᠯᠲᠠᠯ᠎ᠠ ᠪᠥᠬᠦ ᠠᠶᠢᠮᠠᠭ ᠠᠴᠠ ᠪᠠᠷᠢᠯᠭ᠎ᠠ ᠪᠠᠷᠢᠬᠤ ᠵᠥᠪᠰᠢᠶᠡᠷᠡᠯ ᠤᠨ ᠡᠯᠧᠺᠲᠷᠣᠨ ᠦᠨᠡᠮᠯᠡᠯ ᠢ 94 ᠲᠠᠷᠬᠠᠭᠠᠪᠠ᠃      ᠬᠠᠮᠢᠶᠠᠷᠤᠯᠲᠠ ᠶᠢ ᠳᠦᠷᠢᠮᠵᠢᠬᠦᠯᠬᠦ ᠳᠤ ᠲᠥᠪᠯᠡᠷᠡᠭᠦᠯᠵᠦ᠂ ᠨᠢᠭᠡᠳᠦᠯᠲᠡᠶ ᠬᠢᠨᠠᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠡᠢ᠃ ᠵᠠᠰᠠᠭ ᠢ ᠴᠣᠮᠬᠠᠳᠬᠠᠨ ᠬᠠᠷᠢᠭᠤᠴᠠᠯᠭ᠎ᠠ ᠶᠢ ᠬᠥᠩᠭᠡᠷᠡᠭᠦᠯᠬᠦ ᠥᠬᠡᠶ᠂ ᠡᠷᠬᠡ ᠶᠢ ᠳᠣᠷᠣᠭᠰᠢ ᠪᠠᠭᠤᠯᠭᠠᠬᠤ ᠳᠤ ᠳᠤᠷ᠎ᠠ ᠪᠠᠷ ᠨᠢ ᠲᠠᠯᠪᠢᠬᠤ ᠥᠬᠡᠶ ᠪᠠᠶᠢᠬᠤ ᠵᠠᠷᠴᠢᠮ ᠢ ᠪᠠᠲᠤ ᠡᠵᠡᠮᠳᠡᠵᠦ᠂ ︽ᠡᠮᠦᠨ᠎ᠡ ᠲᠠᠪᠴᠠᠩ ᠠᠴᠠ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠢᠶᠠᠷ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠰᠠᠯᠠᠭ᠎ᠠ ᠮᠥᠴᠢᠷ ᠠᠴᠠ ᠵᠣᠬᠢᠴᠠᠭᠤᠯᠬᠤ ᠵᠡᠷᠭᠡ 38 ᠵᠦᠢᠯ ᠤᠨ ᠲᠦᠷᠢᠮ ᠲᠣᠭᠲᠠᠭᠠᠯ ᠢ ᠳᠤᠭᠳᠠᠭᠠᠪᠠ᠃ ᠠᠯᠠᠱᠠ ᠠᠶᠢᠮᠠᠭ ᠤᠨ ᠵᠠᠭᠤᠴᠢ ᠦᠢᠯᠡᠴᠢᠯᠡᠭᠡᠨ ᠤ ᠴᠢᠯᠦᠭᠡᠳᠦ ᠳᠡᠯᠭᠡᠭᠦᠷ ᠢ ᠪᠠᠶᠢᠭᠤᠯᠵᠤ᠂ ᠪᠠᠷᠢᠮᠵᠢᠶ᠎ᠠ ᠵᠢᠴᠢ ᠳᠡᠰ ᠳᠠᠷᠠᠭᠠᠯᠠᠯ ᠢ ᠳᠣᠳᠣᠷᠬᠠᠶᠢᠯᠠᠨ᠂ ᠲᠣᠬᠢᠷᠠᠭᠤᠯᠤᠯᠲᠠ ᠶᠢᠨ ᠦᠨᠡᠯᠡᠯᠲᠡ᠂ ᠬᠡᠮᠵᠢᠨ ᠵᠢᠷᠤᠭᠯᠠᠯᠲᠠ ᠵᠡᠷᠭᠡ 26 ᠵᠦᠢᠯ ᠤᠨ ᠵᠠᠭᠤᠴᠢ ᠦᠢᠯᠡᠴᠢᠯᠡᠭᠡᠨ ᠤ ᠵᠦᠢᠯᠡᠰ ᠢ ᠬᠤᠪᠢᠶᠠᠷᠢᠯᠠᠵᠡᠢ᠃ ᠢᠲᠡᠭᠡᠮᠵᠢ ᠶᠢᠨ ᠤᠷᠮᠠᠰᠢᠭᠤᠯᠤᠯ ᠪᠠ ᠵᠠᠯᠬᠠᠭᠠᠨ ᠴᠡᠭᠡᠷᠯᠡᠭᠦᠯᠬᠦ ᠳᠦᠷᠢᠮ ᠢ ᠲᠡᠭᠦᠯᠳᠡᠷᠵᠢᠭᠦᠯᠦᠨ᠂ ᠪᠦᠬᠦ ᠠᠶᠢᠮᠠᠭ ᠤᠨ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠵᠢᠴᠢ ᠠᠵᠢᠯ ᠡᠷᠬᠢᠯᠡᠭᠴᠢᠳ ᠤᠨ ᠮᠠᠭᠤ ᠠᠵᠢᠯᠯᠠᠭ᠎ᠠ ᠶᠢ ᠢᠯᠡ ᠨᠡᠶᠢᠲᠡᠯᠡᠬᠦ᠂ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ︽ᠨᠢᠭᠡ ᠢᠵᠢ ᠳᠣᠭᠳᠠᠴᠠ︾ ᠶᠢ ᠪᠦᠷᠢᠯᠳᠦᠬᠦᠯᠦᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠪᠡᠶᠡᠯᠡᠬᠦᠯᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号