ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/9/17
        9 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠬᠣ᠋ ᠴᠢᠩ ᠡᠤ᠂ ᠳᠡᠳ᠋ ᠳᠤᠭᠤᠶᠢᠯᠠᠩ ᠤᠨ ᠳᠠᠷᠤᠭ᠎ᠠ ᠸᠠᠩ ᠶᠢᠦ ᠵᠢᠶᠦ᠋ᠨ ᠨᠡᠷ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠪᠠᠷ᠎ᠠ ᠪᠣᠯᠪᠠ᠃
       ᠶᠠᠷᠢᠯᠴᠠᠭ᠎ᠠ ᠰᠣᠯᠢᠯᠴᠠᠭ᠎ᠠ ᠳᠤᠮᠳᠠ᠂ ᠲᠣᠭᠤᠷᠢᠨ ᠵᠢᠯᠣᠭᠤᠳᠬᠤ ᠳᠤᠭᠤᠶᠢᠯᠠᠩ ᠵᠢᠱᠢᠶ᠎ᠡ ᠦᠵᠡᠭᠦᠯᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠣ᠋ ᠴᠢᠩ ᠦ᠋ ᠵᠢᠱᠢᠶ᠎ᠡ ᠦᠵᠡᠭᠦᠯᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠬᠦᠢᠴᠡᠳ ᠨᠤᠲᠠᠯᠠᠪᠠ᠃ ᠬᠤ ᠴᠢᠩ ᠦ᠋ ᠠᠴᠠ᠂ ᠵᠢᠱᠢᠶ᠎ᠡ ᠦᠵᠡᠭᠦᠯᠬᠦ ᠣᠷᠣᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤᠮᠳᠠ ᠵᠣᠬᠢᠶᠠᠨ ᠪᠠᠶᠢᠭᠤᠯᠵᠤ ᠤᠳᠤᠷᠢᠳᠬᠤ ᠨᠢ ᠬᠦᠴᠦᠲᠡᠶ ᠪᠥᠭᠡᠳ ᠪᠦᠲᠦᠮᠵᠢᠲᠡᠶ ᠪᠠᠶᠢᠵᠤ᠂ ᠭᠤᠤᠯ ᠤᠳᠤᠷᠢᠳᠤᠯᠭ᠎ᠠ ᠶᠢᠨ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠨᠢ ᠢᠯᠡᠷᠬᠡᠶ᠂ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠬᠢᠴᠠ ᠤᠷᠤᠭᠰᠢᠲᠠᠶ ᠪᠠᠶᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠯᠡᠳᠲᠡ ᠦᠷ᠎ᠡ ᠪᠦᠲᠦᠮᠵᠢ ᠣᠯᠵᠤ᠂ ᠪᠠᠶᠢᠳᠠᠯ ᠰᠠᠶᠢᠨ ᠪᠠᠶᠢᠨ᠎ᠠ ᠬᠡᠪᠡ᠃
       ᠬᠣ᠋ ᠴᠢᠩ ᠡᠦ ᠠᠴᠠ᠂ ᠵᠢᠱᠢᠶ᠎ᠡ ᠦᠵᠡᠭᠦᠯᠬᠦ ᠣᠷᠣᠨ ᠨᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠠᠰᠤᠷᠠᠯᠲᠠ ᠥᠬᠡᠶ ᠭᠦᠨᠵᠡᠭᠡᠶ ᠰᠤᠷᠤᠯᠴᠠᠨ ᠳᠣᠣᠱᠯᠠᠭᠤᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠣᠭ ᠪᠦᠲᠦᠭᠡᠯ ᠢ ᠤᠩᠰᠢᠬᠤ᠂ ᠣᠭ ᠵᠣᠬᠢᠶᠠᠯ ᠢ ᠰᠤᠷᠤᠯᠴᠠᠬᠤ᠂ ᠣᠭ ᠶᠣᠰᠣ ᠶᠢ ᠣᠶᠢᠯᠠᠭᠠᠬᠤ ᠶᠢ ᠬᠥᠮᠦᠵᠢᠭᠦᠯᠦᠨ ᠵᠢᠯᠣᠭᠤᠳᠴᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠶ︔ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠵᠢᠯᠣᠭᠤᠳᠤᠨ ᠬᠢᠨᠠᠨ ᠵᠢᠯᠣᠭᠤᠳᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠯᠭ᠎ᠠ ᠬᠥᠮᠦᠵᠢᠯ ᠤᠨ ᠴᠢᠭᠯᠡᠯᠲᠦ ᠴᠢᠨᠠᠷ ᠪᠣᠯᠤᠨ ᠣᠨᠣᠪᠴᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠤᠯᠠᠨ ᠲᠦᠮᠡᠨ ᠤ ︽ᠪᠠᠴᠢᠮ  ᠳᠣᠯᠭᠠᠮ᠎ᠠ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠠᠴᠠ ᠡᠭᠦᠰᠴᠦ᠂ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ ᠰᠡᠳᠬᠢᠯ ᠤᠨ ᠬᠠᠨᠳᠤᠰᠢ ᠶᠢ ᠣᠨᠣᠪᠴᠢᠲᠠᠢ ᠵᠣᠯᠭᠠᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ︔ ᠣᠯᠠᠨ ᠵᠦᠢᠯ ᠤᠨ ᠬᠡᠯᠪᠡᠷᠢ ᠪᠠᠷ ︽ᠪᠢ ᠴᠢᠮ᠎ᠠ ᠶᠢ ᠬᠠᠪᠰᠣᠷᠣᠶ᠎ᠠ +︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠬᠦᠨᠵᠡᠬᠡᠶᠢᠷᠡᠬᠦᠯᠵᠦ᠂ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢ ᠵᠣᠬᠢᠶᠠᠨ ᠪᠠᠶᠢᠭᠤᠯᠵᠤ ᠲᠤᠬᠠᠶᠢᠯᠠᠭᠰᠠᠨ ᠠᠵᠢᠯ ᠪᠠ ᠲᠤᠰᠬᠠᠶ ᠮᠡᠷᠭᠡᠵᠢᠯ ᠤᠨ ᠴᠢᠳᠠᠪᠤᠷᠢ ᠳᠤ ᠰᠠᠭᠤᠷᠢᠯᠠᠨ ︽ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠵᠢᠭᠰᠠᠭᠠᠨ᠂ ᠣᠯᠠᠨ ᠲᠦᠮᠡᠨ ᠤ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ︾ ᠶᠢ ᠪᠠᠶᠢᠩᠭᠤᠵᠢᠭᠤᠯᠤᠨ ᠬᠤᠷᠢᠶᠠᠩᠭᠤᠶᠢᠯᠠᠵᠦ᠂ ︽ᠳᠥᠷᠪᠡᠨ ᠲᠥᠪ︾ ᠤᠨ ᠬᠤᠯᠪᠣᠭᠠᠯᠠᠨ ᠬᠥᠳᠡᠯᠦᠯᠴᠡᠬᠦ ᠦᠢᠯᠡᠴᠢᠯᠡᠬᠡᠨ ᠤ ᠲᠣᠭᠲᠠᠴᠠ ᠪᠠᠷ ᠳᠠᠮᠵᠢᠭᠤᠯᠤᠨ᠂ ᠣᠯᠠᠨ ᠲᠦᠮᠡᠨ ᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠢ ᠬᠠᠨᠤᠮᠵᠢᠲᠠᠶ ᠪᠣᠯᠭᠠᠨ᠂ ᠡᠯ᠎ᠡ ᠱᠠᠲᠤ ᠡᠯ᠎ᠡ ᠨᠢᠬᠡᠴᠡ ᠶᠢᠨ ᠬᠢᠨ ︽ᠬᠤᠤᠰ ᠨᠡᠷ᠎ᠡ ᠮᠡᠳᠡᠭᠦᠯᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠴᠠᠭ᠎ᠠ᠂ ᠨᠡᠶᠢᠭᠡᠮ ᠲᠣᠭᠤᠷᠢᠭ ᠲᠠᠢ ᠪᠠᠶᠢᠩᠭᠤᠵᠢᠭᠰᠠᠨ ᠬᠠᠷᠢᠯᠴᠠᠬᠤ ᠲᠣᠭᠲᠠᠴᠠ ᠶᠢ  ᠪᠠᠶᠢᠭᠤᠯᠣᠨ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠲᠣᠭᠲᠠᠭᠰᠠᠨ ᠬᠤᠭᠤᠴᠠᠭ᠎ᠠ ᠲᠠᠢ ᠪᠠᠷ ᠭᠠᠴᠠᠭ᠎ᠠ ᠪᠠ ᠨᠡᠶᠢᠭᠡᠮ ᠲᠣᠭᠤᠷᠢᠭ ᠲᠤ ᠣᠴᠢᠵᠤ ᠨᠡᠷ᠎ᠡ ᠪᠠᠨ ᠮᠡᠳᠡᠬᠦᠯᠦᠨ᠂ ᠨᠠᠮ ᠤᠨ ᠰᠦᠯᠳᠡ ᠪᠠᠨ ᠵᠡᠬᠦᠵᠦ᠂ ᠪᠡᠶ᠎ᠡ ᠶᠢᠨ ᠭᠠᠷᠤᠯ ᠢᠶᠠᠨ ᠳᠣᠳᠣᠷᠬᠠᠶᠢᠯᠠᠨ᠂ ᠵᠠᠷᠢᠮ ᠦᠨᠳᠦᠰᠦᠨ ᠱᠠᠲᠤ ᠪᠠ ᠣᠯᠠᠨ ᠲᠦᠮᠡᠨ ᠤ ᠪᠣᠳᠠᠲᠠᠶ ᠬᠦᠴᠢᠷᠳᠡᠯ ᠢ ᠴᠢᠳᠠᠯ ᠤᠨ ᠬᠢᠷᠢ ᠪᠠᠷ ᠰᠢᠢᠳᠪᠦᠷᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠣᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠭᠡᠷᠡᠭᠳᠡᠢ︔  ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠮ᠎ᠡ ᠶᠣᠰᠣᠨ ᠳᠤ ᠨᠡᠶᠢᠴᠡᠬᠦ ᠠᠵᠢᠯ ᠤᠨ ᠠᠷᠭ᠎ᠠ ᠪᠠ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠰᠦᠪᠡᠭᠴᠢᠯᠡᠵᠦ᠂ ᠠᠵᠢᠯ ᠤᠨ ᠠᠮᠵᠢᠯᠳᠠ ᠪᠦᠳᠦᠮᠵᠢ᠂ ᠨᠡᠶᠢᠲᠡᠯᠢᠭ ᠲᠤᠷᠰᠢᠯᠭ᠎ᠠ ᠶᠢ ᠤᠯᠠᠮ ᠨᠢᠭᠡ ᠠᠯᠬᠤᠮ ᠰᠠᠶᠢᠲᠤᠷ ᠠᠭᠤᠳᠠᠯᠵᠤ᠂ ᠰᠠᠶᠢᠲᠤᠷ ᠳ᠋ᠦᠩᠨᠡᠨ᠂ ᠰᠠᠶᠢᠲᠤᠷ ᠳᠡᠯᠭᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠬᠡᠵᠦ ᠴᠢᠬᠤᠯᠠᠴᠢᠯᠠᠪᠠ᠃
        ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ  ᠠᠴᠠ᠂ ᠵᠢᠱᠢᠶ᠎ᠡ ᠦᠵᠡᠭᠦᠯᠬᠦ ᠣᠷᠣᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠰᠠᠨᠠᠯ ᠢ ᠲᠡᠷᠡ ᠬᠡᠪ ᠢᠶᠠᠷ ᠨᠢ ᠰᠠᠶᠢᠲᠤᠷ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠲᠥᠷᠥᠯ ᠬᠤᠪᠢᠶᠠᠨ ᠬᠡᠷᠡᠭᠵᠢᠭᠦᠯᠬᠦ᠂ ᠲᠠᠰ ᠳᠠᠪᠬᠤᠷᠭ᠎ᠠ ᠬᠤᠪᠢᠶᠠᠨ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠠᠷᠠᠳ ᠣᠯᠠᠨ ᠳᠤ ᠪᠣᠳᠠᠲᠤ ᠶᠠᠪᠤᠳᠠᠯ ᠬᠢᠵᠦ ᠥᠭᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠰᠤᠷᠠᠯᠲᠠ ᠥᠬᠡᠶ ᠥᠷᠭᠡᠵᠢᠬᠦ᠂ ᠭᠦᠨᠵᠡᠭᠡᠶᠢᠷᠡᠬᠦ᠂ ᠣᠯᠠᠨ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠶᠢ ᠡᠵᠡᠮᠳᠡᠵᠦ᠂ ᠬᠡᠯᠪᠡᠷᠢ ᠶᠢ ᠪᠠᠶᠠᠯᠢᠭᠵᠢᠭᠤᠯᠵᠤ᠂ ᠤᠬᠠᠭᠤᠯᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠵᠤ᠂ ᠨᠡᠩ ᠭᠦᠨ ᠵᠤᠵᠠᠭᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ︔ ᠨᠠᠮ ᠤᠨ ᠲᠡᠦᠬᠡ ᠶᠢ ᠰᠤᠷᠤᠯᠴᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠨᠧᠷᠭᠢ ᠶᠢᠨ ᠵᠠᠷᠣᠴᠠᠭᠤᠯᠭ᠎ᠠ ᠶᠢᠨ ᠶᠡᠷᠦᠩᠬᠡᠢ ᠬᠡᠮᠵᠢᠶ᠎ᠡ ᠪᠠ ᠡᠷᠴᠢᠮ ᠢ ᠬᠢᠵᠠᠭᠠᠷᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠲᠠᠢ ᠤᠯᠠᠮ ᠴᠢᠨᠠᠭᠰᠢᠳᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠬᠥᠳᠡᠯᠭᠡᠬᠦ ᠬᠦᠴᠦᠨ ᠪᠠ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
        ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠬᠤᠭᠤᠴᠠᠭᠠᠨ ᠳᠤ᠂ ᠲᠣᠭᠤᠷᠢᠨ ᠵᠢᠯᠣᠭᠤᠳᠬᠤ ᠳᠤᠭᠤᠶᠢᠯᠠᠩ ᠤᠷᠢᠳ ᠬᠤᠵᠢᠳ ᠬᠤᠶᠠᠷᠬᠤᠳᠳᠤᠭ ᠨᠡᠶᠢᠭᠡᠮ ᠲᠣᠭᠤᠷᠢᠭ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠴᠡᠭ᠂ ᠵᠢᠱᠢᠶ᠎ᠡ ᠦᠵᠡᠭᠦᠯᠬᠦ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠣᠪᠴᠢᠶ᠎ᠠ᠂ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ᠂ ᠴᠠᠭᠠᠨᠭᠤᠣᠯ ᠭᠠᠴᠠᠭ᠎ᠠ᠂ ᠥᠪᠥᠷ ᠮᠣᠩᠭᠤᠯ ᠤᠨ ᠯᠠᠶ ᠺᠧ ᠲᠠᠷᠢᠮᠠᠯ ᠤᠨ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠶᠠ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠲᠩᠷᠢ ᠡᠯᠡᠰᠦ ᠪᠠᠯᠭᠠᠰᠤ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠵᠢᠭᠠᠨ ᠵᠢᠯᠣᠭᠤᠳᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号