ᠮᠠᠨ ᠤ ᠠᠶᠢᠮᠠᠭ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ | ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠠᠳᠠᠯ ᠦᠢᠯᠡᠰ ᠴᠣᠭᠴᠠᠯᠠᠬᠤ ᠶᠢ ᠲᠤᠯᠭᠠᠭᠤᠷᠢᠯᠠᠬᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠵᠢᠯ ᠤᠨ ᠲᠣᠭᠤᠷᠢᠨ ᠳᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠤᠨ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠲᠦᠢᠯ ᠤᠨ ᠣᠨᠣᠪᠴᠢᠲᠠᠶ ᠪᠠᠷ ᠬᠦᠴᠦᠯᠡᠨ᠂ | ᠠᠵᠢᠯ ᠣᠯᠭᠤᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ | ᠦᠢᠯᠡᠴᠢᠯᠡᠭᠡ ᠶᠢ ᠰᠢᠯᠢᠳᠡᠭᠵᠢᠭᠦᠯᠪᠡ᠃ | | | | | | | | | | | | 2020 ᠣᠨ ᠳᠤ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠪᠢᠯᠠᠯᠲᠠ ᠶᠢᠨ ᠲᠤᠰᠬᠠᠶ | ᠮᠡᠷᠭᠡᠵᠢᠯ ᠠᠴᠠ ᠲᠡᠭᠦᠰᠦᠭᠰᠡᠨ ᠯᠢ ᠶᠠ ᠸᠧᠨ ᠰᠤᠷᠭᠠᠭᠤᠯᠢ ᠶᠢᠨ ᠬᠦᠮᠦᠵᠢᠬᠦᠯᠬᠦ ᠰᠠᠭᠤᠷᠢᠨ ᠭᠠᠵᠠᠷ ᠤᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠤᠶᠤᠴᠢᠯᠠᠵᠤ᠂ ᠨᠠᠶᠢᠵᠠ ᠲᠠᠢ ᠪᠠᠨ ᠬᠠᠮᠲᠤ ᠬᠡᠦᠬᠡᠳ ᠤᠨ ᠹᠢᠽᠢᠺ | ᠵᠠᠰᠠᠯ ᠤᠨ ᠲᠥᠪ ᠪᠠᠶᠢᠭᠤᠯᠪᠠ᠃ ᠣᠲᠣ ᠳᠡᠯᠭᠡᠭᠦᠷ ᠲᠤ ᠡᠳᠦᠷ ᠪᠦᠷᠢ ᠳᠤᠮᠳᠠᠴᠢ ᠪᠠᠷ 10 ᠬᠡᠦᠬᠡᠳ ᠭᠥᠯᠢᠶᠡᠨ | ᠠᠪᠴᠤ ᠳᠡᠶᠢᠯᠬᠦ ᠪᠣᠯᠵᠣ᠂ ᠣᠷᠣᠯᠭ᠎ᠠ ᠨᠢ ᠴᠦ ᠤᠯᠠᠮ ᠠᠴᠠ ᠤᠯᠠᠮ ᠲᠣᠭᠲᠠᠪᠤᠷᠢᠲᠠᠶ ᠪᠣᠯᠪᠠ᠃ | | | | | | | | | | ᠮᠠᠨ ᠤ ᠠᠶᠢᠮᠠᠭ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠯᠳᠤᠭᠤᠯᠤᠨ ᠰᠤᠷᠭᠠᠭᠤᠯᠢ | ᠲᠡᠭᠦᠰᠦᠭᠡᠳ ᠵᠢᠯ ᠤᠨ ᠳᠣᠲᠣᠷ᠎ᠠ ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ᠂ ᠬᠠᠮᠢᠶ᠎ᠠ | ᠪᠥᠬᠦᠶ ᠨᠥᠬᠦᠴᠡᠯ ᠳᠤ ᠨᠡᠶᠢᠴᠡᠭᠰᠡᠨ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠢᠭᠡ | ᠯᠡ ᠤᠳᠠᠭ᠎ᠠ ᠶᠢᠨ ᠴᠢᠨᠠᠷᠲᠠᠶ ᠠᠵᠢᠯ ᠡᠷᠢᠵᠦ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠵᠤ᠂ ᠰᠤᠷᠭᠠᠭᠤᠯᠢ | ᠳᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠪᠠ᠃ | | | | | | | | | | | | ᠮᠠᠨ ᠤ ᠠᠶᠢᠮᠠᠭ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠰᠦᠨ | ᠪᠤᠶᠢᠵᠢᠬᠤ ᠲᠥᠯᠥᠪᠯᠡᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠪᠣᠯᠪᠠᠰᠤᠷᠠᠯ ᠤᠨ ᠡᠬᠢ | ᠪᠠᠶᠠᠯᠢᠭ ᠢ ᠠᠰᠢᠭᠯᠠᠨ᠂ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠳᠡᠭᠡᠳᠦ ᠰᠤᠷᠭᠠᠭᠤᠯᠢ | ᠲᠡᠭᠦᠰᠦᠭᠰᠡᠳ ᠲᠤ ᠰᠦᠢᠳᠬᠡᠯ ᠬᠤᠷᠢᠶᠠᠬᠤ ᠥᠬᠡᠶ ᠪᠠᠷ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠭᠦᠷᠳᠡᠭᠡᠬᠦ ᠶᠢᠨ | ᠬᠠᠮᠲᠤ ᠮᠥᠷᠳᠡᠨ ᠵᠢᠯᠣᠭᠤᠳᠬᠤ ᠵᠡᠷᠭᠡ ᠦᠢᠯᠡᠴᠢᠯᠡᠭᠡ ᠥᠷᠨᠢᠭᠦᠯᠪᠡ᠃ ᠳᠠᠭᠠᠭᠠᠯᠲᠠ ᠬᠢᠭᠴᠢ ᠶᠢᠨ ᠬᠢᠷᠢ ᠬᠡᠮ ᠢ | ᠬᠢᠨᠠᠬᠤ ᠶᠢ ᠠᠭᠤᠵᠢᠭᠤ ᠲᠠᠯᠪᠢᠬᠤ᠂ ᠪᠠᠷᠢᠮᠵᠢᠶ᠎ᠠ ᠶᠢ ᠪᠠᠭᠤᠷᠠᠭᠤᠯᠬᠤ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠢ ᠲᠡᠳᠬᠦᠵᠦ᠂ | ᠨᠡᠩ ᠣᠯᠠᠨ ᠬᠥᠮᠦᠨ ᠢ ᠳᠠᠶᠢᠴᠢᠯᠠᠨ ᠠᠵᠢᠯ ᠣᠯᠭᠤᠬᠤ ᠶᠢ ᠪᠡᠶᠡᠯᠡᠬᠦᠯᠪᠡ᠃ ᠶᠡᠭᠡ ᠰᠤᠷᠭᠠᠭᠤᠯᠢ ᠲᠡᠭᠦᠰᠦᠭᠰᠡᠳ | ᠭᠤᠤ ᠶᠠᠩ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠭᠯᠡᠭᠦᠯᠦᠨ ᠬᠡᠷᠡᠭᠵᠢᠭᠦᠯᠦᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠢ | ᠨᠥᠭᠡᠴᠡᠯᠡᠬᠦ ᠪᠠ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠳᠤ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠡᠨᠡ ᠵᠢᠯ ᠤᠨ ᠡᠬᠢ ᠪᠠᠷ᠂ ᠥᠪᠥᠷ ᠮᠣᠩᠭᠤᠯ ᠤᠨ ᠴᠧᠨ ᠬᠤᠩ ᠯᠢ | ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠢᠷᠡᠵᠦ ᠬᠡᠮᠵᠢᠭᠦᠷᠯᠢᠭ ᠤᠨ ᠠᠵᠢᠯ | ᠬᠢᠪᠠ᠃ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠳᠣᠯᠠ᠂ ᠠᠵᠢᠯ ᠳᠤ ᠭᠠᠷᠤᠭᠰᠠᠨ ᠤ ᠳᠠᠷᠠᠭ᠎ᠠ | ᠭᠤᠤ ᠶᠠᠩ ᠤᠳᠠᠯ ᠥᠬᠡᠶ ︽ᠠᠵᠢᠯ ᠣᠯᠭᠤᠯᠲᠠ ᠶᠢᠨ ᠳᠠᠳᠤᠯᠭ᠎ᠠ︾ ᠪᠠᠷ ᠦᠨᠡᠯᠡᠭᠳᠡᠪᠡ᠃ | | | | | | | | | | | | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠴᠢᠳᠠᠪᠤᠷᠢᠲᠠᠨ ᠤ | ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠳᠠᠪᠤᠷᠢᠲᠠᠨ ᠤ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠰᠤᠷᠭᠠᠭᠤᠯᠢ ᠠᠴᠠ ᠪᠠᠨ ᠰᠠᠯᠤᠭᠠᠳ ᠭᠤᠷᠪᠠᠨ ᠵᠢᠯ ᠤᠨ ᠳᠣᠲᠣᠷ᠎ᠠ | ᠠᠵᠢᠯ ᠣᠯᠤᠭᠠᠳᠤᠶ ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶ᠎ᠠ ᠲᠠᠢ ᠪᠦᠬᠦᠯᠢ ᠡᠳᠦᠷ ᠤᠨ ᠳᠦᠷᠢᠮᠲᠦ | ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠬᠢᠨᠠᠮᠠᠭᠠᠶ ᠵᠢᠭᠰᠠᠭᠠᠨ ᠪᠠᠶᠢᠴᠠᠭᠠᠵᠤ᠂ ᠨᠥᠬᠦᠴᠡᠯ ᠳᠤ | ᠨᠡᠶᠢᠴᠡᠬᠦ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ ᠬᠡᠪᠴᠢᠶᠡᠨ ᠳᠤ | ᠣᠷᠣᠭᠤᠯᠤᠨ᠂ ᠦᠢᠯᠡᠳᠪᠦᠷᠢᠯᠡᠯ ᠤᠨ ᠦᠢᠯᠡᠳᠦᠯᠬᠡ ᠶᠢᠨ ᠡᠮᠦᠨ᠎ᠡ ᠹᠷᠣᠨᠲ ᠲᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠨᠥᠭᠡᠴᠡᠯᠡᠬᠦ᠂ ᠬᠥᠮᠦᠵᠢᠭᠦᠯᠬᠦ᠂ ᠪᠣᠯᠪᠠᠰᠤᠷᠠᠭᠤᠯᠬᠤ ᠪᠠ ᠠᠵᠢᠯ ᠣᠯᠵᠤ ᠠᠳᠠᠯ ᠦᠢᠯᠡᠰ | ᠴᠣᠭᠴᠠᠯᠠᠬᠤ ᠴᠢᠳᠠᠪᠤᠷᠢ ᠶᠢ ᠨᠢ ᠨᠡᠮᠡᠭᠳᠡᠬᠦᠯᠪᠡ᠃ ᠡᠭᠦᠨ ᠤ ᠬᠠᠮᠲᠤ᠂ ᠳᠤᠮᠳᠠ ᠵᠢᠵᠢᠭ ᠠᠵᠤ ᠠᠬᠤᠶᠢᠯᠠᠯ ᠪᠣᠯᠤᠨ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠬᠦᠯᠢᠶᠡᠨ | ᠠᠪᠴᠤ ᠨᠥᠭᠡᠴᠡᠯᠡᠬᠦ ᠶᠢ ᠵᠣᠷᠢᠭᠵᠢᠭᠤᠯᠵᠤ᠂ ᠵᠣᠬᠢᠬᠤ ᠬᠡᠮᠵᠢᠶᠡᠨ ᠤ ᠲᠤᠰᠬᠠᠶ ᠮᠡᠷᠭᠡᠵᠢᠯ ᠤᠨ ᠮᠡᠳᠡᠯᠭᠡ ᠲᠠᠢ᠂ | ᠦᠢᠯᠡᠳᠦᠯᠭᠡ ᠪᠠᠷ ᠪᠣᠯᠪᠠᠰᠤᠷᠠᠭᠳᠠᠭᠰᠠᠨ ᠬᠠᠮᠢᠶᠠᠷᠤᠯᠲᠠ ᠶᠢᠨ ᠴᠢᠳᠠᠪᠤᠷᠢᠲᠠᠨ᠂ ᠰᠤᠳᠤᠯᠤᠨ ᠨᠡᠭᠡᠭᠡᠬᠦ ᠴᠢᠳᠠᠪᠤᠷᠢᠲᠠᠨ | ᠪᠣᠯᠤᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠪᠣᠶᠢᠵᠢᠭᠤᠯᠪᠠ᠃ | | | | | | | | | | | | | | ᠮᠠᠨ ᠤ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠬᠤ ᠰᠠᠯᠠᠭ᠎ᠠ ᠮᠥᠴᠢᠷ ᠡᠯ᠎ᠡ ᠠᠵᠢᠯ ᠲᠥᠷᠥᠯ᠂ ᠡᠯ᠎ᠡ | ᠨᠢᠭᠡᠴᠡ ᠲᠠᠢ ᠬᠠᠮᠲᠤᠷᠠᠨ ᠠᠵᠢᠯᠯᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠠᠵᠢᠯ ᠲᠥᠷᠥᠯ ᠤᠨ ᠬᠦᠷᠢᠶ᠎ᠡ ᠪᠠ ᠣᠷᠣᠨ | ᠪᠦᠰᠡ ᠶᠢ ᠢᠳᠡᠪᠬᠢᠲᠡᠶ ᠥᠷᠭᠡᠳᠬᠡᠵᠦ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ | ᠠᠵᠢᠯᠴᠢᠨ ᠬᠡᠷᠡᠭᠯᠡᠬᠦ ᠨᠢᠭᠡᠴᠡ ᠶᠢᠨ ᠬᠤᠭᠤᠰᠣᠨ ᠠᠵᠢᠯ ᠤᠨ ᠪᠠᠶᠢᠷᠢ ᠶᠢᠨ ᠪᠠᠶᠢᠴᠠᠭᠠᠯᠲᠠ ᠬᠢᠵᠦ᠂ ︽ᠤᠷᠢᠬᠠᠨ | ᠬᠠᠪᠣᠷ ᠤᠨ ᠠᠵᠢᠯᠯᠠᠭ᠎ᠠ︾᠂ ︽ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠲᠤᠰᠬᠠᠶ ᠴᠤᠭᠯᠠᠭᠠᠨ︾ | ᠵᠡᠷᠭᠡ ᠠᠵᠢᠯ ᠣᠯᠭᠤᠬᠤ ᠤᠷᠢᠵᠤ ᠡᠯᠰᠡᠬᠦ ᠠᠵᠢᠯᠯᠠᠭ᠎ᠠ ᠳᠤ ᠲᠦᠰᠢᠭᠯᠡᠨ ᠳᠡᠭᠡᠳᠦ ᠰᠤᠷᠭᠠᠭᠤᠯᠢ ᠲᠡᠭᠦᠰᠦᠭᠰᠡᠳ ᠢ | ᠬᠠᠪᠰᠤᠷᠤᠨ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠠᠵᠢᠯ ᠣᠯᠭᠤᠪᠠ᠃ ᠡᠭᠦᠨ ᠤ ᠬᠠᠮᠲᠤ᠂ ᠠᠳᠠᠯ | ᠦᠢᠯᠡᠰ ᠴᠣᠭᠴᠠᠯᠠᠬᠤ ᠲᠤᠯᠭᠠᠭᠤᠷᠢᠯᠠᠬᠤ ᠲᠠᠪᠴᠠᠩ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ | ᠬᠦᠮᠦᠵᠢᠬᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠵᠡᠷᠭᠡ ᠠᠳᠠᠯ ᠦᠢᠯᠡᠰ | ᠴᠣᠭᠴᠠᠯᠠᠬᠤ ᠦᠢᠯᠡᠴᠢᠯᠡᠬᠡᠨ ᠤ ᠠᠴᠢᠶᠠᠯᠠᠪᠤᠷᠢ ᠶᠢᠨ ᠳᠠᠭᠤᠷᠢᠶᠠᠯ ᠦᠵᠡᠭᠦᠯᠦᠨ ᠬᠥᠲᠥᠯᠦᠨ ᠳᠠᠭᠠᠭᠤᠯᠬᠤ | ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠢ ᠵᠣᠷᠢᠭᠵᠢᠭᠤᠯᠵᠤ ᠪᠠᠶᠢᠭᠠᠳ | ᠰᠢᠨ᠎ᠡ ᠠᠵᠤ ᠠᠬᠤᠶ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠲᠣᠭᠤᠷᠢᠨ ᠳᠤ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠵᠢᠯᠯᠠᠭ᠎ᠠ ᠶᠢ ᠦᠷᠨᠢᠬᠦᠯᠪᠡ᠃ | | | |