︽ᠨᠢᠬᠡᠳᠤᠬᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠬ ᠲᠤ ᠬᠢᠨᠠᠯᠳᠠ ᠳᠠᠯᠪᠢᠬᠤ ᠪᠠᠨ ᠴᠢᠩᠭᠠᠳᠬᠠᠬᠤ ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶᠠᠨ ᠤ ᠰᠠᠨᠠᠯ
ᠨᠡᠶᠢᠲᠡᠯᠡᠭᠰᠡᠨ ᠴᠠᠭ᠄
2021/9/17
     ᠭᠤᠣᠯ ᠤᠳᠤᠷᠢᠳᠬᠤ ᠺᠠᠳ᠋ᠷ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ ᠰᠢᠨ᠎ᠡ ᠴᠠᠭ ᠦᠶ᠎ᠡ ᠳᠤ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠲᠣ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠳᠠ ᠳᠠᠯᠪᠢᠬᠤ ᠶᠢ ᠴᠢᠩᠭᠠᠳᠬᠠᠬᠤ ᠲᠤᠬᠠᠶ ᠳᠤᠤᠷᠠᠬᠢ ᠮᠡᠲᠦ ᠰᠠᠨᠠᠯ ᠳᠤᠷᠠᠳᠤᠶ᠎ᠠ᠃      ᠨᠢᠭᠡ᠂ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠳᠠ ᠳᠠᠯᠪᠢᠬᠤ ᠶᠢ ᠴᠢᠩᠭᠠᠳᠬᠠᠬᠤ ᠶᠢᠨ ᠴᠢᠬᠤᠯᠠ ᠴᠢᠨᠠᠷ ᠲᠤᠯᠭᠠᠮ ᠴᠢᠨᠠᠷ ᠢ ᠭᠦᠢᠴᠡᠳ ᠲᠠᠨᠢᠬᠤ ᠬᠡᠷᠡᠭᠲᠡᠢ      ᠶᠡᠷᠦᠩᠬᠡᠶ ᠱᠦᠵᠢ ᠰᠢ ᠶᠢᠨ ᠫᠢᠩ᠂ ᠨᠠᠮ ᠤᠨ ᠬᠤᠷᠢᠶ᠎ᠠ ᠪᠣᠯ ᠨᠠᠮ ᠤᠨ ᠲᠥᠷᠥ ᠪᠠᠷᠢᠵᠤ ᠤᠯᠤᠰ ᠢᠶᠠᠨ ᠮᠠᠨᠳᠤᠭᠤᠯᠬᠤ ᠶᠢᠨ ᠵᠢᠯᠣᠭᠤᠳᠬᠤ ᠭᠠᠵᠠᠷ ᠮᠥᠨ᠂ ︽ᠨᠢᠭᠡᠳᠦᠭᠡᠷ ᠬᠠᠷᠢᠭᠤᠴᠠᠯᠭᠠᠳᠠᠨ︾ ᠪᠣᠯ ᠨᠠᠮ ᠤᠨ ᠠᠵᠢᠯ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ ᠮᠥᠨ᠂ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠡᠷᠬᠡᠪᠰᠢ ᠥᠯᠢᠭᠡᠷ ᠳᠠᠭᠤᠷᠢᠶᠠᠯ ᠪᠣᠯᠵᠣ᠂ ᠬᠤᠰᠢᠭᠤᠴᠢ ᠪᠣᠯᠬᠤ ᠬᠡᠷᠡᠭᠲᠡᠶ ᠬᠡᠵᠥ ᠵᠢᠭᠠᠵᠥ ᠭᠠᠷᠭᠠᠪᠠ︔ ᠡᠯ᠎ᠡ ᠱᠠᠲᠤᠨ ᠤ ︽ᠨᠢᠭᠡᠳᠦᠭᠡᠷ ᠬᠠᠷᠢᠭᠤᠴᠠᠯᠭᠠᠳᠠᠨ︾ ᠳᠤ ᠠᠪᠴᠤ ᠬᠡᠯᠡᠪᠡᠯ᠂ ᠳᠡᠭᠡᠳᠦ ᠱᠠᠳᠤᠨ ᠠᠴᠠ ᠳᠣᠤᠷᠠᠳᠤ ᠱᠠᠳᠤᠨ ᠳᠤ ᠲᠠᠯᠪᠢᠬᠤ ᠬᠢᠨᠠᠯᠲᠠ ᠪᠣᠯ ᠬᠠᠮᠤᠭ ᠤᠨ ᠪᠦᠲᠦᠮᠵᠢᠲᠡᠢ ᠪᠠᠶᠢᠭ᠎ᠠ ᠶᠤᠮ᠂ ᠨᠠᠮ ᠤᠨ ᠲᠥᠪ ᠬᠤᠷᠢᠶ᠎ᠠ ᠳᠡᠭᠡᠳᠦ ᠵᠡᠷᠭᠡ ᠶᠢᠨ ᠺᠠᠳ᠋ᠷ ᠲᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠢᠯᠠᠩᠭᠤᠶ᠎ᠠ ᠭᠤᠣᠯ ᠤᠳᠤᠷᠢᠳᠬᠤ ᠺᠠᠳ᠋ᠷ ᠲᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠳᠡᠭᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠳᠠᠨ︾ ᠡᠷᠬᠡᠪᠰᠢ ᠲᠤᠤᠷᠡᠳᠦ ᠱᠠᠲᠤᠨ ᠤ ᠪᠠᠨ ︽ᠨᠢᠭᠡᠳᠦᠭᠡᠷ ᠬᠠᠷᠢᠭᠤᠴᠠᠯᠭᠠᠳᠠᠨ︾ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ︔ ᠠᠳᠠᠯᠢ ᠱᠠᠲᠤᠨ ᠤ ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠪᠠᠶᠢᠨ᠎ᠠ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ ᠬᠡᠷᠡᠭᠯᠡᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ᠂ ᠬᠠᠷᠢᠯᠴᠠᠨ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠤ ᠤᠷᠢᠲᠦ ᠡᠮᠦᠨ᠎ᠡ ᠪᠠᠶᠢᠭ᠎ᠠ ᠦᠭᠡᠢ ᠨᠠᠷᠢᠨ ᠪᠤᠳᠤᠯᠢᠶᠠᠨᠲᠠᠶ ᠣᠷᠴᠢᠨ ᠪᠠ ᠠᠶᠤᠯ ᠲᠦᠭᠰᠢᠭᠦᠷᠢ ᠥᠷᠢᠰᠥᠯᠳᠦᠭᠡᠨ ᠳᠤ ᠲᠤᠯᠭᠠᠷᠠᠬᠤ ᠪᠤᠯᠤᠨ᠎ᠠ᠂ ᠭᠠᠭᠴᠠ ᠬᠦ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠢᠮᠠᠭᠲᠠ ᠲᠤᠭᠤᠰᠢᠯᠠᠭᠤᠯᠵᠦ᠂ ᠪᠦᠲᠦᠮᠵᠢᠲᠡᠢ ᠬᠢᠨᠠᠯᠲᠠ ᠪᠠᠷ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠥ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠪᠠ ᠦᠯᠢᠭᠡᠷ ᠳᠠᠭᠤᠷᠢᠶᠠᠯ ᠪᠤᠯᠵᠥ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠᠯ ᠰᠠᠶ᠋ᠢ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠠᠶᠢᠭᠠᠳ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠰᠢᠨ᠎ᠡ ᠢᠯᠠᠯᠲᠠ ᠶᠢ ᠲᠠᠰᠤᠷᠠᠯᠲᠠ ᠦᠭᠡᠢ ᠤᠯᠵᠥ ᠴᠢᠳᠠᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠠᠰᠢ ᠤᠯᠠᠨ ᠪᠦᠲᠦᠮᠵᠢᠲᠡᠢ ᠠᠷᠭ᠎ᠠ ᠪᠠ ᠲᠤᠷᠰᠢᠯᠭ᠎ᠠ ᠶᠢ ᠪᠦᠷᠢᠯᠳᠦᠭᠦᠯᠪᠡ᠃ ᠡᠭᠦᠨ ᠤ ᠬᠠᠮᠲᠤ᠂ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ ᠲᠠᠯᠪᠢᠬᠤ ᠨᠢ ᠮᠥᠨ ᠯᠡ ᠪᠠᠭᠤᠷᠠᠢ ᠭᠤᠭᠴᠤᠭ᠎ᠠ ᠪᠤᠯᠵᠦ ᠪᠠᠶᠢᠬᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠡᠭᠦᠷᠭᠡ ᠮᠥᠨ ᠯᠡ ᠮᠠᠰᠢ ᠲᠤᠯᠭᠠᠮ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠤᠳᠤᠷᠢᠳᠬᠤ ᠺᠠᠳ᠋ᠷ ᠤᠨ ᠬᠠᠷᠢᠭᠤᠴᠠᠯᠭ᠎ᠠ ᠤᠯᠠᠮ ᠬᠦᠨᠳᠦ ᠪᠤᠯᠬᠤ ᠲᠤᠳᠤᠮ᠂ ᠠᠵᠢᠯ ᠤᠨ ᠪᠠᠶᠢᠷᠢ ᠤᠯᠠᠮ ᠴᠢᠬᠤᠯᠠ ᠪᠤᠯᠬᠤ ᠲᠤᠳᠤᠮ ᠬᠢᠨᠠᠯᠲᠠ ᠲᠠᠯᠪᠢᠬᠤ ᠪᠠᠨ ᠤᠯᠠᠮ ᠴᠢᠩᠭᠠᠳᠬᠠᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠪᠠ ᠠᠳᠠᠯᠢ ᠱᠠᠲᠤᠨ ᠤ ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ ᠡᠷᠬᠡᠪᠰᠢ ᠬᠢᠨᠠᠯᠲᠠ ᠲᠠᠯᠪᠢᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠲᠦᠷᠢᠮ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠲᠠ ᠳᠠᠯᠪᠢᠬᠤ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠪᠠ ᠠᠬᠤᠶᠢᠴᠢ ᠲᠤᠯᠭᠠᠮ ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠴᠢᠩᠭᠠᠳᠬᠠᠨ᠂ ᠠᠳᠠᠯᠢ ᠱᠠᠲᠤᠨ ᠤ ᠬᠢᠨᠠᠯᠲᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠥ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠤᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠢᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠦᠷᠦᠭᠦᠯᠡᠨ ᠬᠠᠮᠠᠭᠠᠯᠠᠵᠤ᠂ ᠪᠦᠬᠦ ᠨᠠᠮ ᠢᠶᠠᠷ ᠢᠶᠠᠨ ᠠᠯᠬᠤᠭ᠎ᠠ ᠨᠢᠭᠡᠲᠡᠢ ᠪᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ᠂ ᠤᠬᠠᠮᠰᠠᠷ ᠠᠴᠠ ᠪᠠᠨ ᠬᠢᠨᠠᠯᠲᠠ ᠬᠦᠯᠢᠶᠡᠬᠦ ᠶᠢ ᠠᠬᠢᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠳᠠ ᠶᠢ ᠠᠳᠬᠤᠬᠤ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠤᠨ᠂ ᠨᠠᠮ ᠤᠨ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ  ᠲᠠᠢ ᠬᠢᠨᠠᠯᠲᠠ ᠲᠠᠯᠪᠢᠬᠤ ᠲᠦᠷᠢᠮ  ᠤᠨ ᠳᠠᠪᠠᠭᠤᠯᠢᠭ  ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃      ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠲᠤ ᠬᠢᠨᠠᠯᠲᠠ ᠳᠠᠯᠪᠢᠬᠤ ᠶᠢ ᠴᠢᠩᠭᠠᠳᠬᠠᠬᠤ ᠳᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠢᠨᠠᠯᠲᠠ ᠳᠠᠯᠪᠢᠬᠤ ᠶᠢ ᠲᠤᠪᠤᠶᠢᠯᠭᠠᠨ᠂ ︽ᠨᠢᠭᠡᠳᠦᠭᠡᠷ ᠬᠠᠷᠢᠭᠤᠴᠠᠯᠭᠠᠳᠠᠨ︾ ᠪᠠ ᠤᠳᠤᠷᠢᠳᠬᠤ ᠪᠠᠭ ᠤᠨ ᠨᠠᠮ ᠳᠠᠭᠠᠨ ᠦᠨᠡᠨᠴᠢ ᠪᠠᠶᠢᠬᠤ᠂ ᠨᠠᠮ ᠤᠨ ᠰᠢᠨᠵᠢ ᠴᠢᠨᠠᠷ ᠵᠣᠷᠢᠯᠲᠠ ᠶᠢ ᠦᠢᠯᠡᠳᠦᠯᠭᠡᠵᠢᠭᠦᠯᠬᠦ ᠪᠠᠶᠢᠳᠠᠯ ᠤᠨ ᠲᠤᠬᠠᠢ ᠬᠢᠨᠠᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ︔ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ︔ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠡᠷᠬᠡ ᠪᠠᠨ ᠬᠡᠷᠡᠭᠵᠢᠬᠦᠯᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠪᠠᠶᠢᠬᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠭ᠎ᠠ ᠪᠠᠶᠢᠬᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠭ᠎ᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃      ᠡᠯ᠎ᠡ ᠱᠠᠲᠤᠨ ᠤ ᠤᠳᠤᠷᠢᠳᠬᠤ ᠺᠠᠳ᠋ᠷ ᠤᠯᠤᠰ ᠲᠦᠷᠦ ᠶᠢᠨ ᠲᠠᠯ᠎ᠠ ᠪᠠᠷ ᠤᠳᠤᠷᠢᠳᠬᠤ ᠲᠤᠰᠢᠶᠠᠯ ᠬᠠᠷᠢᠭᠤᠴᠠᠯᠭ᠎ᠠ ᠳᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠪᠠᠭᠲᠠᠭᠠᠵᠦ ᠪᠠᠶᠢᠬᠤ ᠶᠢ ᠳᠠᠨᠢᠨ ᠮᠡᠳᠡᠵᠦ᠂ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ︔ ᠨᠠᠮ ᠤᠨ ᠵᠣᠬᠢᠶᠠᠨ ᠪᠠᠶᠢᠭᠤᠯᠤᠯᠲᠠ ᠪᠠ ᠤᠯᠡᠠ ᠲᠦᠮᠡᠨ ᠤ ᠬᠢᠨᠠᠯᠲᠠ ᠳᠠᠯᠪᠢᠬᠤ ᠳᠤ ᠵᠥᠪ ᠢᠶᠠᠷ ᠬᠠᠨᠳᠤᠵᠤ᠂ ᠠᠯᠳᠠᠭ᠎ᠠ ᠪᠤᠷᠤᠭᠤ ᠪᠠᠨ ᠵᠣᠷᠢᠭᠲᠠᠢ ᠪᠠᠷ ᠵᠠᠯᠠᠷᠠᠭᠤᠯᠵᠤ᠂ ᠠᠵᠢᠯ ᠢᠶᠠᠨ ᠦᠨᠡᠨ ᠬᠦ ᠰᠠᠶᠢᠵᠢᠷᠠᠭᠤᠯᠬᠤ ᠬᠡᠷᠡᠭᠲᠡᠢ︔ ᠬᠢᠨᠠᠯᠲᠠ ᠶᠢ ᠬᠦᠯᠢᠶᠡᠬᠦ ᠪᠠ ᠬᠢᠵᠠᠭᠠᠷᠯᠠᠯ ᠲᠠᠢ ᠪᠠᠶᠢᠬᠤ ᠣᠷᠴᠢᠨ ᠳᠤ ᠠᠵᠢᠯᠯᠠᠵᠤ ᠠᠮᠢᠳᠤᠷᠠᠬᠤ ᠳᠠᠳᠬᠠᠯ ᠲᠠᠢ ᠪᠤᠯᠵᠥ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠳᠡᠢ᠂ ᠬᠢᠨᠠᠯᠲᠠ ᠶᠢ ᠲᠡᠪᠴᠢᠵᠦ᠂ ᠬᠢᠨᠠᠯᠲᠠ ᠠᠴᠠ ᠵᠠᠶᠢᠯᠠᠵᠤ ᠶᠠᠭᠠᠬᠢᠭᠰᠠᠨ ᠴᠤ ᠪᠣᠯᠬᠤ ᠦᠭᠡᠢ᠃ ︽ᠨᠢᠭᠡᠳᠦᠭᠡᠷ ᠬᠠᠷᠢᠭᠤᠴᠠᠯᠭᠠᠳᠠᠨ︾ ᠤᠬᠠᠮᠰᠡᠷ ᠠᠴᠠ ᠪᠠᠨ ᠨᠠᠮ ᠤᠨ ᠵᠣᠬᠢᠶᠠᠨ ᠪᠠᠶᠢᠭᠤᠯᠤᠯᠲᠠ ᠪᠠ ᠤᠯᠠᠨ ᠲᠦᠮᠡᠨ ᠤ ᠬᠢᠨᠠᠯᠲᠠ ᠳᠣᠣᠷ᠎ᠠ ᠪᠠᠶᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠪᠠ ᠲᠤᠤᠷᠠᠳᠤ ᠱᠠᠲᠤᠨ ᠤ ᠤᠳᠤᠷᠢᠳᠬᠤ ᠺᠠᠳ᠋ᠷ ᠲᠤ ᠲᠠᠯᠪᠢᠬᠤ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃      ᠬᠤᠶᠠᠷ᠂ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠡᠢ      ︵ᠨᠢᠭᠡ︶ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ︽ᠨᠢᠭᠡᠳᠦᠭᠡᠷ ᠬᠠᠷᠢᠭᠤᠴᠠᠯᠭᠠᠲᠠᠨ︾ ᠴᠢᠬᠤᠯᠠ ᠡᠷᠬᠡ ᠠᠳᠬᠤᠵᠦ᠂ ᠨᠠᠮ ᠢ ᠬᠠᠮᠢᠶᠠᠷᠴᠤ ᠨᠠᠮ ᠢ ᠵᠠᠰᠠᠬᠤ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠣᠯᠬᠤᠷ ᠡᠷᠬᠡᠪᠰᠢ ᠪᠠᠳᠤ ᠴᠢᠩᠭ᠎ᠠ ᠬᠢᠨᠠᠯᠲᠠ ᠪᠠᠷ ᠲᠡᠭᠦᠨ ᠢ ᠲᠤᠰᠢᠶᠠᠯ ᠤᠨ ᠪᠠᠶᠢᠷᠢ ᠥᠨᠳᠥᠷ ᠪᠣᠯᠪᠠᠴᠤ ᠡᠷᠬᠡ ᠪᠠᠨ ᠳᠤᠷ᠎ᠠ ᠪᠠᠷ ᠬᠡᠷᠡᠭᠯᠡᠬᠦ ᠦᠭᠡᠢ᠂ ᠡᠷᠬᠡ ᠶᠡᠭᠡ ᠪᠣᠯᠪᠠᠴᠤ ᠠᠮᠢ ᠪᠠᠨ ᠪᠣᠷᠳᠣᠬᠤ ᠦᠭᠡᠢ ᠪᠤᠯᠭᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ ᠪᠠᠶᠢᠭᠤᠯᠭ᠎ᠠ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠶᠢ ᠳᠣᠪᠤᠶᠢᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠢ ᠡᠳᠦᠷ ᠲᠤᠲᠤᠮ ᠤᠨ ᠬᠢᠨᠠᠯᠲᠠ ᠲᠠᠯᠪᠢᠬᠤ᠂ ᠲᠤᠰᠬᠠᠶ ᠱᠠᠯᠠᠪᠳᠠᠭᠤᠯᠤᠨ ᠪᠠᠶᠢᠴᠠᠭᠠᠬᠤ ᠵᠡᠷᠭᠡ ᠶᠢᠨ ᠭᠤᠤᠯᠳᠠᠯᠭ᠎ᠠ ᠪᠣᠯᠭᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠳᠤ ᠴᠠᠭ ᠢᠮᠠᠬᠲᠠ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠬᠦᠯᠢᠶᠡᠬᠦ ᠬᠡᠷᠡᠭᠲᠡᠶ ᠭᠡᠳᠡᠭ ᠢ ᠮᠡᠳᠡᠷᠡᠭᠦᠯᠬᠦ ᠬᠡᠷᠡᠭᠲᠡᠢ᠃      ︵ᠬᠤᠶᠠᠷ︶ ︽ᠨᠢᠭᠡᠳᠦᠭᠡᠷ ᠬᠠᠷᠢᠭᠤᠴᠠᠯᠭᠠᠲᠠᠨ︾ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠨ᠎ᠡ᠃ ︽ᠨᠢᠭᠡᠳᠦᠭᠡᠷ ᠬᠠᠷᠢᠭᠤᠴᠠᠯᠭᠠᠲᠠᠨ︾ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠡᠯ᠎ᠡ ᠵᠦᠶ᠋ᠯ ᠤᠨ ᠲᠦᠷᠢᠮ ᠢ ᠲᠦᠷᠦᠭᠦᠯᠡᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠭᠡᠬᠦ᠂ ᠪᠡᠶ᠎ᠡ ᠪᠠᠨ ᠴᠢᠩᠭ᠎ᠠ ᠱᠠᠭᠠᠷᠳᠠᠬᠤ ᠲᠠᠯ᠎ᠠ ᠪᠠᠷ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠵᠣ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠮᠥᠷᠲᠡᠭᠡᠨ ᠪᠠᠰᠠ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠲᠦᠷᠦᠭᠦᠯᠡᠨ ᠵᠢᠷᠤᠮᠯᠠᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠵᠣᠬᠢᠶᠠᠨ ᠪᠠᠶᠢᠭᠤᠯᠤᠯᠲᠠ ᠠᠴᠠ ᠵᠢᠭᠠᠪᠤᠷᠢ ᠠᠪᠴᠤ ᠠᠵᠢᠯ ᠢᠶᠠᠨ ᠮᠡᠳᠡᠭᠦᠯᠦᠨ᠂ ᠲᠥᠪ ᠤᠨ ᠨᠠᠢᠮᠠᠨ ᠲᠣᠭᠲᠠᠭᠠᠯ ᠵᠢᠴᠢ ᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠭᠡᠷ ᠪᠦ᠋ᠯᠢ ᠪᠠᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ᠂ ᠣᠨᠴᠠ ᠡᠷᠬᠡ ᠶᠢᠨ ᠦᠵᠡᠭᠳᠡᠯ ᠢ ᠤᠬᠠᠮᠰᠠᠷ ᠠᠴᠠ ᠪᠠᠨ ᠡᠰᠡᠷᠭᠦᠴᠡᠵᠦ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢᠶᠠᠨ ᠢᠮᠠᠭᠲᠠ ᠪᠠᠳᠤᠯᠠᠬᠤ ᠬᠡᠷᠡᠭᠲᠡᠢ᠃      ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠳᠡᠭᠡᠳᠦ ᠱᠠᠳᠤᠨ ᠠᠴᠠ ᠳᠣᠤᠷᠠᠳᠦ ᠱᠠᠳᠤᠨ ᠳᠤ ᠲᠠᠯᠪᠢᠬᠤ ᠬᠢᠨᠠᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠡᠷᠬᠡᠪᠰᠢ ᠲᠤᠤᠷᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠢ ᠰᠠᠶᠢᠲᠤᠷ ᠠᠳᠬᠤᠨ᠎ᠠ᠃ ᠲᠥᠪ ᠤᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠣᠷᠣᠨ ᠨᠤᠲᠤᠭ᠂ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠢ ᠴᠢᠬᠤᠯᠠᠴᠢᠯᠠᠨ ᠣᠶᠢᠯᠠᠭᠠᠵᠤ᠂ ᠬᠤᠯᠪᠣᠭᠳᠠᠯ ᠪᠦᠬᠦᠢ ᠣᠷᠣᠨ ᠨᠤᠲᠤᠭ ᠪᠠ ᠰᠠᠯᠠᠭ᠎ᠠ ᠮᠥᠴᠢᠷ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠭᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢ ᠱᠠᠯᠠᠪᠳᠠᠭᠤᠯᠵᠤ᠂ ᠠᠰᠠᠭᠤᠳᠠᠯ ᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠰᠤᠷᠭᠠᠨ ᠬᠥᠮᠦᠵᠢᠭᠦᠯᠵᠦ ᠰᠠᠨᠠᠭᠤᠯᠬᠤ ᠬᠡᠷᠡᠭᠲᠡᠢ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠲᠥᠪ ᠤᠨ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠮᠤᠵᠢ ᠶᠢᠨ ᠱᠠᠲᠤᠨ ᠤ ᠨᠠᠮ ᠤᠨ ᠬᠤᠷᠢᠶ᠎ᠠ ᠶᠢ ᠱᠠᠯᠠᠪᠳᠠᠭᠤᠯᠵᠤ ᠪᠠᠶᠢᠭᠠᠳ ᠲᠤᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠤ ᠲᠤᠬᠠᠢ ᠬᠠᠮᠢᠶᠠᠷᠤᠯᠲᠠ ᠶᠢ ᠨᠢ ᠴᠢᠩᠭᠠᠳᠬᠠᠬᠤ ᠬᠡᠷᠡᠭᠲᠡᠢ᠃ ᠳᠡᠭᠡᠳᠦ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠨᠢ ᠳᠣᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠳᠤ ᠬᠢᠨᠠᠯᠲᠠ ᠲᠠᠯᠪᠢᠭᠰᠠᠨ ᠪᠠᠶᠢᠳᠠᠯ ᠢ ᠵᠢᠯ ᠪᠦᠷᠢ ᠶᠢᠨ ᠲᠤᠰᠢᠶᠠᠯ ᠤᠨ ᠮᠡᠳᠡᠭᠦᠯᠦᠯᠲᠡ ᠬᠢᠬᠦ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠬᠤ ᠬᠡᠷᠡᠭᠲᠡᠶ︔ ᠳᠣᠣᠷᠠᠳᠤ ᠱᠠᠲᠤᠨ ᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ︽ᠨᠢᠭᠡᠳᠦᠭᠡᠷ ᠬᠠᠷᠢᠭᠤᠴᠠᠯᠭᠠᠲᠠᠨ︾ ᠲᠠᠢ ᠲᠤᠰᠢᠶᠠᠯ ᠡᠭᠦᠷᠭᠡᠯᠡᠬᠦ ᠲᠤᠬᠠᠢ ᠶᠠᠷᠢᠯᠴᠠᠭ᠎ᠠ ᠬᠢᠬᠦ ᠬᠡᠷᠡᠭᠲᠡᠶ︔ ᠳᠣᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠵᠤ ᠶᠠᠷᠢᠯᠴᠠᠬᠤ ᠠᠵᠢᠯ ᠢ ᠥᠷᠨᠢᠭᠦᠯᠦᠨ᠂ ᠢᠯᠡᠷᠡᠯ ᠤᠨ ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠣᠷᠣᠰᠢᠵᠤ ᠪᠠᠶᠢᠪᠠᠯ ᠰᠢᠭᠦᠮᠵᠢᠯᠡᠨ ᠬᠥᠮᠦᠵᠢᠭᠦᠯᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠦᠡᠭᠭᠡᠪᠳᠦᠷ ᠠᠰᠠᠭᠤᠳᠠᠯ ᠣᠷᠣᠰᠢᠵᠤ ᠪᠠᠶᠢᠪᠠᠯ ᠴᠠᠭ ᠲᠤᠬᠠᠶ ᠳᠤᠨᠢ ᠰᠡᠷᠡᠮᠵᠢᠯᠡᠭᠦᠯᠦᠨ ᠴᠡᠭᠡᠷᠯᠡᠭᠦᠯᠬᠦ ᠬᠡᠷᠡᠭᠲᠡᠶ᠃       ︵ᠳᠥᠷᠪᠡ︶ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠤ ᠨᠢᠭᠡᠳᠦᠭᠡᠷ ᠬᠠᠷᠢᠭᠤᠴᠠᠯᠭᠠᠲᠠᠨ ᠪᠤᠯᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠳᠤᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠪᠠᠯ ᠴᠠᠭ ᠲᠤᠬᠠᠶ ᠳᠤᠨᠢ ᠪᠣᠯᠵᠣᠨ ᠶᠠᠷᠢᠯᠴᠠᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠭᠡᠷ ᠬᠠᠷᠢᠭᠤᠴᠠᠯᠭᠠᠲᠠᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠨ ᠰᠢᠯᠭᠠᠬᠤ ᠲᠦᠷᠢᠮ ᠢ ᠪᠦᠷᠢᠨᠰᠢᠬᠦᠯᠤᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ︽ᠨᠢᠭᠡᠳᠦᠭᠡᠷ ᠬᠠᠷᠢᠭᠤᠴᠠᠯᠭᠠᠲᠠᠨ︾ ᠢ ᠰᠣᠩᠭᠤᠨ ᠳᠡᠪᠰᠢᠭᠦᠯᠵᠦ ᠲᠣᠮᠢᠯᠠᠨ ᠬᠡᠷᠡᠭᠯᠡᠬᠦ᠂ ᠪᠣᠳᠠᠲᠤ ᠠᠮᠵᠢᠯᠳᠠ ᠪᠦᠲᠦᠮᠵᠢ ᠶᠢ ᠦᠨᠡᠯᠡᠬᠦ᠂ ᠤᠷᠮᠠᠰᠢᠭᠤᠯᠤᠨ ᠬᠢᠵᠠᠭᠠᠷᠯᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠳᠠᠢ᠃ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ ᠪᠠᠶᠢᠪᠠᠯ ᠲᠣᠭᠲᠠᠭᠠᠯ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ︵ᠲᠠᠪᠤ︶ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠪᠦᠬᠦᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠳᠣᠣᠷᠠᠳᠤ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠭᠠᠭᠴᠠᠭᠠᠷ ᠡᠵᠡᠨ ᠮᠡᠳᠡᠬᠦ ᠴᠢᠨᠠᠭᠰᠢᠯᠠᠪᠠᠯ ᠭᠡᠷ ᠤᠨ ᠠᠬᠠᠮᠠᠳ ᠤᠨ ᠳᠦᠷᠢᠮᠲᠦ ᠠᠰᠠᠭᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ ᠲᠦᠪ ᠤᠨ ᠵᠣᠬᠢᠶᠠᠨ ᠪᠠᠶᠢᠭᠤᠯᠬᠤ ᠬᠡᠯᠲᠡᠰ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠲᠥᠪ ᠤᠨ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠭᠤᠣᠯᠳᠠᠯᠭ᠎ᠠ ᠲᠠᠢ ᠬᠢᠨᠠᠯᠲᠠ ᠲᠠᠯᠪᠢᠬᠤ ᠬᠡᠷᠡᠭᠲᠡᠢ᠃ ︽ᠭᠤᠷᠪᠠᠨ ᠴᠢᠬᠤᠯᠠ ᠨᠢᠭᠡ ᠶᠡᠭᠡ︾ ᠪᠦᠬᠦᠢ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠲᠣᠭᠤᠷᠢᠨ ᠪᠠᠶᠢᠴᠠᠭᠠᠬᠤ᠂ ᠬᠢᠨᠠᠨ ᠪᠣᠳᠣᠵᠤ ᠬᠢᠨᠠᠯᠲᠠ ᠲᠠᠯᠪᠢᠬᠤ᠂ ᠲᠤᠰᠬᠠᠶ ᠲᠦᠷᠦᠯ ᠢᠶᠠᠷ ᠱᠠᠯᠠᠪᠳᠠᠭᠤᠯᠤᠨ ᠪᠠᠶᠢᠴᠠᠭᠠᠬᠤ ᠶᠢᠨ ᠴᠢᠬᠤᠯᠠ ᠠᠭᠤᠯᠭ᠎ᠠ ᠪᠣᠯᠭᠠᠬᠤ ᠬᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠢ ︽ᠨᠢᠭᠡᠳᠦᠭᠡᠷ ᠬᠠᠷᠢᠭᠤᠴᠠᠯᠭᠠᠲᠠᠨ︾ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠠᠴᠠ ᠵᠥᠷᠢᠴᠡᠭᠰᠡᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠠᠨᠠᠯ ᠳᠤᠷᠠᠳᠬᠤ ᠬᠡᠷᠡᠭᠲᠡᠢ᠂ ᠰᠠᠶᠢᠲᠤᠷ ᠵᠠᠯᠠᠷᠠᠭᠤᠯᠤᠭᠰᠠᠨ ᠦᠭᠡᠢ ᠪᠠᠶᠢᠪᠠᠯ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠣᠮᠢᠯᠠᠭᠰᠠᠨ ᠪᠠᠶᠢᠭᠤᠯᠭ᠎ᠠ ᠳᠤ ᠲᠤᠰᠬᠠᠬᠤ ᠬᠡᠷᠡᠭᠲᠡᠢ᠃      ︵ᠵᠢᠷᠭᠤᠭ᠎ᠠ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠨᠢ ︽ᠨᠢᠭᠡᠳᠦᠭᠡᠷ ᠬᠠᠷᠢᠭᠤᠴᠠᠯᠭᠠᠲᠠᠨ︾ ᠢ ᠴᠢᠩᠭ᠎ᠠ ᠠᠩᠬᠠᠷᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠠᠰᠠᠭᠤᠳᠠᠯ ᠢ ᠢᠯᠡᠷᠡᠭᠦᠯᠵᠦ᠂ ᠠᠶᠤᠯᠭᠠᠨ ᠰᠦᠷᠳᠡᠬᠦᠯᠵᠦ᠂ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠬᠤ︾ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠤᠯᠤᠰ ᠲᠦᠷᠦ ᠶᠢᠨ ᠠᠯᠳᠠᠭ᠎ᠠ ᠶᠢ ᠪᠠᠶᠢᠴᠠᠭᠠᠨ ᠵᠠᠯᠠᠷᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠳᠤᠭᠤᠶᠢᠯᠠᠩ ᠨᠢ ᠲᠣᠭᠤᠷᠢᠨ ᠪᠠᠶᠢᠴᠠᠭᠠᠭᠳᠠᠬᠤ ᠴᠠᠭᠳᠠᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠢ ᠬᠢᠨᠠᠯᠲᠠ ᠲᠠᠯᠪᠢᠬᠤ ᠭᠤᠣᠯᠳᠠᠯᠭ᠎ᠠ ᠪᠠᠨ ᠪᠣᠯᠭᠠᠵᠤ᠂ ᠣᠷᠣᠵᠤ ᠰᠠᠭᠤᠬᠤ ᠠᠴᠠ ᠪᠠᠨ ᠡᠮᠦᠨ᠎ᠡ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠪᠠᠶᠢᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠠᠷᠢᠯᠴᠠᠭ᠎ᠠ ᠳᠤ ︽ᠨᠢᠭᠡᠳᠦᠭᠡᠷ ᠬᠠᠷᠢᠭᠤᠴᠠᠯᠭᠠᠲᠠᠨ︾ ᠤ ᠠᠵᠢᠯ᠂ ᠠᠮᠢᠳᠤᠷᠠᠯ ᠤᠨ ᠪᠠᠶᠢᠳᠠᠯ ᠢ ᠵᠠᠪᠠᠯ ᠶᠠᠷᠢᠬᠤ ᠠᠭᠤᠯᠭ᠎ᠠ ᠪᠣᠯᠭᠠᠵᠤ᠂ ᠲᠤᠰᠬᠠᠬᠰᠠᠨ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠠᠬᠳᠠᠨ ᠪᠠᠶᠢᠴᠠᠭᠠᠭᠰᠠᠨ ᠮᠡᠳᠡᠭᠦᠯᠦᠯᠲᠡ ᠳᠤ ︽ᠨᠢᠭᠡᠳᠦᠭᠡᠷ ᠬᠠᠷᠢᠭᠤᠴᠠᠯᠭᠠᠲᠠᠨ︾ ᠤ ᠨᠢᠭᠡᠳᠦᠭᠡᠷ ᠬᠠᠷᠢᠭᠤᠴᠠᠯᠭᠠᠲᠠᠨ ᠪᠤᠯᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠ ᠠᠷᠢᠭᠤᠨ ᠴᠢᠬᠡᠴᠢ ᠪᠠᠷ ᠦᠪᠡᠷ ᠢ ᠪᠠᠨ ᠱᠠᠭᠠᠷᠳᠠᠬᠰᠠᠨ ᠪᠠᠶᠢᠳᠠᠯ ᠢ ᠲᠤᠰᠠᠭᠠᠷ ᠵᠢᠭᠰᠠᠭᠠᠵᠤ᠂ ᠲᠣᠳᠣᠷᠬᠠᠢ ᠰᠠᠨᠠᠯ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠃      ︵ᠳᠤᠯᠤᠭ᠎ᠠ︶ ︽ᠨᠢᠭᠡᠳᠦᠭᠡᠷ ᠬᠠᠷᠢᠭᠤᠴᠠᠯᠭᠠᠲᠠᠨ︾ ᠤ ᠲᠤᠬᠠᠢ ᠲᠤᠰᠬᠠᠯ ᠢ ᠴᠠᠭ ᠲᠤᠬᠠᠶ ᠳᠤᠨᠢ ᠡᠵᠡᠮᠰᠢᠵᠦ ᠂ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠳᠤᠤᠷᠠᠳᠤ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ᠂ ᠲᠤᠰᠬᠠᠶ ᠱᠠᠯᠠᠪᠳᠠᠭᠤᠯᠤᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠡᠳᠡᠨ ᠤ ᠦᠵᠡᠯ ᠰᠠᠨᠠᠭ᠎ᠠ᠂ ᠠᠵᠢᠯ᠂ ᠰᠤᠷᠲᠠᠯ᠂ ᠠᠮᠢᠳᠤᠷᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠲᠤᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠲᠠᠢ ᠶᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠠᠰᠠᠭᠤᠳᠠᠯ ᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠲᠤᠰ ᠬᠥᠮᠦᠨ ᠳᠤᠨᠢ ᠬᠡᠯᠡᠵᠦ ᠦᠭᠴᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠢ ᠢᠯᠡᠷᠡᠭᠦᠯᠵᠦ ᠮᠡᠳᠡᠪᠡᠯ ᠠᠳᠠᠯᠢ ᠱᠠᠲᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠳᠤ ᠮᠡᠳᠡᠭᠦᠯᠬᠦ ᠬᠡᠷᠡᠭᠲᠡᠢ᠃ ᠳᠣᠣᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠨ︾ ᠤ ᠳᠡᠭᠡᠳᠦ ᠱᠠᠲᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠥᠷᠭᠡᠳᠬᠡᠭᠰᠡᠨ ᠬᠤᠷᠠᠯ ᠳᠡᠭᠡᠷ᠎ᠡ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠬᠢᠬᠦ᠂ ᠦᠨᠡᠯᠡᠨ ᠶᠠᠷᠢᠯᠴᠠᠬᠤ ᠶᠢ ᠬᠦᠯᠢᠶᠡᠬᠦ ᠠᠵᠢᠯ ᠢ ᠦᠷᠨᠢᠭᠦᠯᠵᠦ᠂ ᠬᠠᠷᠢᠭᠤᠴᠠᠯᠭ᠎ᠠ ᠶᠢᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢ ᠵᠣᠬᠢᠬᠤ ᠬᠡᠪᠴᠢᠶᠡᠨ ᠳᠤ ᠢᠯᠡ ᠪᠠᠷ ᠨᠡᠶᠢᠲᠡᠯᠡᠬᠦ ᠬᠡᠷᠡᠭᠳᠠᠢ᠃      ᠭᠤᠷᠪᠠ᠂ ᠠᠳᠠᠯᠢ ᠱᠠᠲᠤᠨ ᠤ ᠤᠳᠤᠷᠢᠳᠬᠤ ᠪᠠᠭ ᠲᠤ ᠬᠢᠨᠠᠯᠲᠠ ᠳᠠᠯᠪᠢᠬᠤ ᠶᠢ ᠴᠢᠩᠭᠠᠳᠬᠠᠬᠤ ᠬᠡᠷᠡᠭᠳᠡᠢ      ︵ᠨᠠᠢᠮᠠ︶ ᠤᠳᠤᠷᠢᠳᠬᠤ ᠪᠠᠭ ᠤᠨ ᠪᠦᠷᠢᠯᠳᠦᠬᠦᠨ ᠤ ᠬᠠᠷᠢᠯᠴᠠᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠬᠢᠨᠠᠮᠠᠭᠠᠢ ᠥᠷᠨᠢᠭᠦᠯᠤᠨ᠎ᠡ᠃ ᠲᠥᠪ ᠬᠤᠷᠢᠶᠠᠨ ᠤ ᠪᠦᠷᠢᠯᠳᠦᠬᠦᠨ ᠡᠷᠬᠡᠪᠰᠢ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠪᠤᠰᠤᠳ ᠪᠦᠷᠢᠯᠳᠦᠬᠦᠨ ᠳᠤ ᠨᠠᠮ ᠤᠨ ᠲᠦᠷᠢᠮ ᠢ ᠵᠥᠷᠢᠴᠡᠭᠰᠡᠨ᠂ ᠨᠠᠮ ᠤᠨ ᠰᠠᠬᠢᠯᠭ᠎ᠠ ᠪᠠᠲᠤ ᠶᠢ ᠡᠪᠳᠡᠭᠰᠡᠨ᠂ ᠨᠠᠮ ᠤᠨ ᠪᠦᠯᠬᠦᠮᠳᠡᠯ ᠨᠢᠭᠡᠳᠦᠯ ᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠪᠠᠶᠢᠬᠤ ᠶᠢ ᠢᠯᠡᠷᠡᠭᠦᠯᠵᠦ ᠮᠡᠳᠡᠪᠡᠯ᠂ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠪᠤᠶᠤ ᠦᠨᠡᠨ ᠨᠡᠷ᠎ᠡ ᠪᠠᠷ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠲᠤᠰᠬᠠᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ︽ᠨᠢᠭᠡᠳᠦᠭᠡᠷ ᠬᠠᠷᠢᠭᠤᠴᠠᠯᠭᠠᠲᠠᠨ︾ ᠤᠳᠤᠷᠢᠳᠬᠤ ᠪᠠᠭ ᠢᠶᠠᠨ ᠰᠠᠶᠢᠲᠤᠷ ᠬᠠᠮᠢᠶᠠᠷᠴᠤ᠂ ᠡᠩᠨᠡᠭᠡ ᠪᠠᠨ ᠰᠠᠶᠢᠲᠤᠷ ᠳᠠᠭᠠᠭᠤᠯᠤᠨ᠂ ᠦᠷᠭᠦᠯᠵᠢ ᠰᠡᠳᠬᠢᠯ ᠤᠨ ᠦᠭᠡ ᠪᠠᠨ ᠶᠠᠷᠢᠯᠴᠠᠵᠤ᠂ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ︔ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ᠭᠠᠷᠭᠠᠭᠰᠠᠨ ᠵᠠᠬᠢᠳᠠᠯ ᠢᠶᠠᠷ ᠠᠰᠠᠭᠤᠭᠰᠠᠨ ᠲᠣᠳᠣᠷᠬᠠᠶᠢᠯᠠᠯᠲᠠ ᠳᠤ ᠰᠠᠨᠠᠯ ᠢᠶᠠᠨ ᠪᠢᠴᠢᠵᠦ ᠭᠠᠷ ᠤᠨ ᠦᠰᠦᠭ ᠵᠢᠷᠦᠬᠤ ᠳᠠᠭᠠᠨ᠂ ᠬᠦᠮᠦᠵᠢᠭᠦᠯᠦᠨ ᠰᠠᠨᠠᠭᠤᠯᠬᠤ ᠬᠡᠷᠡᠭᠲᠡᠢ᠂ ︽ᠭᠠᠷ ᠤᠨ ᠦᠰᠦᠭ ᠵᠢᠷᠤᠭᠠᠳ ᠪᠠᠷᠠᠭᠠᠴᠢᠬᠠᠵᠦ︾ ᠪᠣᠯᠬᠤ ᠦᠭᠡᠢ᠃ ᠤᠳᠤᠷᠢᠳᠬᠤ ᠪᠠᠭ ᠤᠨ ᠪᠦᠷᠢᠯᠳᠦᠬᠦᠨ ᠬᠤᠭᠤᠷᠣᠨᠳᠣ ᠪᠠᠨ ᠦᠷᠭᠦᠯᠵᠢ ᠰᠠᠨᠠᠯ ᠢᠶᠠᠨ ᠰᠣᠯᠢᠯᠴᠠᠵᠤ᠂ ᠠᠰᠠᠭᠤᠳᠠᠯ ᠢ ᠢᠯᠡᠷᠡᠭᠦᠯᠵᠦ ᠮᠡᠳᠡᠪᠡᠯ ᠦᠨᠡᠨᠴᠢ ᠪᠠᠷ ᠨᠦᠭᠦᠭᠡ ᠡᠲᠡᠭᠡᠳ ᠲᠡᠭᠡᠨ ᠬᠡᠯᠡᠵᠦ ᠦᠭᠬᠦ ᠬᠡᠷᠡᠭᠲᠡᠢ᠂ ︽ᠨᠢᠭᠡᠳᠦᠭᠡᠷ ᠬᠠᠷᠢᠭᠤᠴᠠᠯᠭᠠᠲᠠᠨ︾ ᠳᠤ ᠴᠢᠬᠤᠯᠠ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ ᠮᠡᠳᠡᠪᠡᠯ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠰᠢᠭᠤᠳ ᠮᠡᠳᠡᠭᠦᠯᠵᠦ ᠪᠣᠯᠤᠨ᠎ᠠ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠲᠦᠷᠢᠮ ᠢ ᠪᠠᠷᠢᠮᠲᠠᠯᠠᠵᠤ᠂ ︽ᠨᠢᠭᠡᠳᠦᠭᠡᠷ ᠬᠠᠷᠢᠭᠤᠴᠠᠯᠭᠠᠲᠠᠨ︾ ᠲᠦᠷᠦᠭᠦᠯᠡᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠲᠣᠭᠲᠠᠭᠠᠯ ᠶᠣᠰᠣᠭᠠᠷ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠵᠢᠴᠢ ᠤᠯᠠᠨ ᠲᠦᠮᠡᠨ ᠤ ᠲᠤᠰᠬᠠᠭᠰᠠᠨ᠂ ᠲᠣᠭᠤᠷᠢᠨ ᠪᠠᠶᠢᠴᠠᠭᠠᠵᠤ ᠴᠠᠬᠳᠠᠨ ᠪᠠᠶᠢᠴᠠᠭᠠᠵᠤ ᠬᠠᠷᠢᠭᠤ ᠲᠤᠰᠬᠠᠭᠰᠠᠨ᠂ ᠵᠣᠬᠢᠶᠠᠨ ᠪᠠᠶᠢᠭᠤᠯᠤᠯᠲᠠ ᠠᠴᠠ ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠭᠰᠠᠨ ᠠᠰᠠᠭᠤᠳᠠᠯ ᠳᠤ ᠦᠨᠡᠨ ᠢ ᠪᠠᠷᠢᠮᠲᠠᠯᠠᠨ ᠲᠣᠳᠣᠷᠬᠠᠶᠢᠯᠠᠯᠲᠠ ᠬᠢᠬᠦ ᠬᠡᠷᠡᠭᠲᠡᠢ᠃      ︵ᠶᠢᠰᠦ︶ ᠤᠳᠤᠷᠢᠳᠬᠤ ᠪᠠᠭ ᠤᠨ ᠤᠢᠢᠷ᠎ᠠ ᠵᠠᠢ ᠠᠴᠠ ᠪᠠᠶᠢᠩᠭᠤᠵᠢᠭᠰᠠᠨ ᠬᠢᠨᠠᠯᠲᠠ ᠲᠠᠯᠪᠢᠬᠤ ᠳᠠᠪᠠᠭᠤᠯᠢᠭ ᠢ ᠪᠠᠳᠠᠷᠠᠭᠤᠯᠵᠤ᠂ ᠲᠤᠰ ᠪᠡᠶ᠎ᠡ ᠶᠢᠨ ᠠᠰᠠᠭᠤᠳᠠᠯ ᠢᠶᠠᠨ ᠢᠯᠡᠷᠡᠭᠦᠯᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠤᠳᠤᠷᠢᠳᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠬᠤᠯᠪᠣᠭᠳᠠᠯ ᠪᠦᠬᠦᠢ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠥᠪᠡᠷ ᠤᠨ ᠪᠡᠶ᠎ᠡ ᠳᠡᠭᠡᠨ᠂ ᠨᠥᠬᠦᠳ ᠲᠡᠭᠡᠨ᠂ ᠤᠳᠤᠷᠢᠳᠬᠤ ᠪᠠᠭ ᠲᠤ᠂ ᠨᠠᠮ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠷᠢᠯᠴᠠᠨ ᠰᠠᠨᠠᠭᠤᠯᠵᠤ᠂ ᠬᠠᠷᠢᠯᠴᠠᠨ ᠱᠠᠯᠠᠪᠳᠠᠭᠤᠯᠤᠨ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭᠠᠳᠬᠠᠨ ᠵᠢᠷᠤᠮᠵᠢᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠲᠠᠶᠢᠴᠢᠨ ᠬᠦᠴᠦᠨ ᠢ ᠴᠢᠩᠭᠠᠳᠬᠠᠬᠤ ᠬᠡᠷᠡᠭᠲᠡᠢ︔ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠪᠠᠶᠢᠬᠤ ᠶᠢ ᠢᠯᠡᠷᠡᠭᠦᠯᠵᠦ ᠮᠡᠳᠡᠪᠡᠯ᠂ ᠴᠠᠭ ᠲᠤᠬᠠᠢ ᠳᠤᠨᠢ ᠵᠢᠷᠤᠮ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠳᠤ ᠦᠨᠡᠨ ᠮᠥᠨ ᠢᠶᠠᠷ ᠨᠢ ᠲᠤᠰᠬᠠᠵᠤ ᠮᠡᠳᠡᠭᠦᠯᠬᠦ ᠬᠡᠷᠡᠭᠲᠡᠢ᠂ ᠨᠢᠭᠤᠵᠤ ᠳᠠᠷᠤᠭᠠᠳ ᠮᠡᠳᠡᠭᠦᠯᠬᠦ ᠦᠭᠡᠢ᠂ ︽ᠪᠤᠷᠬᠠᠨ ᠰᠡᠳᠭᠢᠯᠳᠦ ᠬᠦᠮᠦᠨ︾ ᠪᠣᠯᠤᠭᠰᠠᠨ ᠪᠠᠶᠢᠪᠠᠯ ᠬᠤᠯᠪᠣᠯᠳᠤᠭᠰᠠᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃      ︵ᠠᠷᠪᠠ︶ ᠬᠠᠮᠲᠤ ᠶᠢᠨ ᠤᠳᠤᠷᠢᠳᠤᠯᠭ᠎ᠠ ᠶᠢᠨ ᠳᠦᠷᠢᠮ ᠢ ᠪᠠᠷᠢᠮᠲᠠᠯᠠᠨ᠂ ᠳᠦᠷᠢᠮ ᠪᠣᠯᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯᠯᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠲᠣᠭᠲᠠᠴᠠ ᠶᠢ ᠪᠦᠷᠢᠨᠰᠢᠬᠦᠯᠵᠤ᠂ ᠡᠷᠬᠡ ᠶᠢ ᠵᠦᠢ ᠵᠣᠬᠢᠰᠲᠠᠢ ᠪᠠᠷ ᠵᠠᠳᠠᠯᠤᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠬᠡᠷᠡᠭᠳᠠᠢ᠃ ᠲᠤᠰᠬᠠᠢ ᠰᠡᠳᠦᠪᠲᠦ ᠬᠤᠷᠠᠯ ᠢᠶᠠᠷ ᠪᠠᠶᠢᠩᠭᠤ ᠶᠢᠨ ᠬᠤᠷᠢᠶᠠᠨ ᠤ ᠬᠤᠷᠠᠯ ᠢ ᠣᠷᠣᠯᠠᠭᠤᠯᠤᠨ ᠰᠢᠢᠳᠪᠦᠷᠢᠲᠦ ᠪᠤᠳᠤᠯᠭ᠎ᠠ ᠲᠤᠬᠳᠠᠭᠠᠬᠤ ᠶᠢ ᠡᠷᠡᠰ ᠰᠡᠷᠭᠡᠶᠢᠯᠡᠨ ᠬᠤᠷᠢᠬᠯᠠᠵᠤ᠂ ᠨᠠᠮ ᠤᠨ ᠬᠤᠷᠢᠶᠠᠨ ᠤ ᠬᠠᠮᠲᠤ ᠪᠠᠷ ᠰᠢᠢᠳᠪᠦᠷᠢᠲᠦ ᠪᠤᠳᠤᠯᠭ᠎ᠠ ᠲᠤᠬᠳᠠᠭᠠᠬᠤ ᠨᠡᠷ᠎ᠡ ᠪᠠᠷ ᠬᠠᠮᠲᠤ ᠶᠢᠨ ᠲᠣᠭᠲᠠᠭᠠᠯ ᠢ ᠵᠥᠷᠢᠴᠡᠬᠦ ᠶᠢ ᠡᠷᠡᠰ ᠰᠡᠷᠭᠡᠶᠢᠯᠡᠨ ᠬᠤᠷᠢᠬᠯᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠬᠤᠪᠢᠳᠠᠨ ᠬᠠᠮᠢᠶᠠᠷᠴᠤ ᠪᠠᠶᠢᠭ᠎ᠠ ᠠᠵᠢᠯ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠬᠠᠮᠲᠤ ᠶᠢᠨ ᠤᠳᠤᠷᠢᠳᠤᠯᠭ᠎ᠠ ᠪᠠ ᠬᠢᠨᠠᠯᠲᠠ ᠶᠢ ᠬᠦᠯᠢᠶᠡᠬᠦ ᠦᠭᠡᠢ ︽ᠬᠤᠪᠢ ᠶᠢᠨ ᠬᠠᠷᠢᠶ᠎ᠠ ᠭᠠᠵᠠᠷ︾ ᠪᠣᠯᠭᠠᠬᠤ ᠶᠢ ᠤᠬᠳᠤ ᠵᠥᠪᠰᠢᠶᠡᠷᠡᠵᠦ ᠪᠤᠯᠬᠤ ᠦᠭᠡᠢ᠃ ᠤᠳᠤᠷᠢᠳᠬᠤ ᠪᠠᠭ ᠤᠨ ᠬᠡᠷᠡᠭ ᠵᠥᠪᠯᠡᠬᠦ ᠲᠦᠷᠢᠮ ᠢ ᠲᠡᠭᠦᠯᠳᠡᠷᠵᠢᠭᠦᠯᠵᠦ᠂ ᠴᠢᠬᠤᠯᠠ ᠬᠡᠷᠡᠭ ᠶᠠᠪᠤᠳᠠᠯ ᠢ ᠡᠷᠬᠡᠪᠰᠢ ᠤᠳᠤᠷᠢᠳᠬᠤ ᠪᠠᠭ ᠤᠨ ᠬᠤᠷᠠᠯ ᠳᠤ ᠳᠡᠪᠰᠢᠭᠦᠯᠦᠨ ᠶᠠᠷᠢᠯᠴᠠᠵᠤ᠂ ᠤᠳᠤᠷᠢᠳᠬᠤ ᠪᠠᠭ ᠤᠨ ᠪᠦᠷᠢᠯᠳᠦᠬᠦᠨ ᠰᠠᠨᠠᠯ ᠢᠶᠠᠨ ᠭᠦᠢᠴᠡᠳ ᠢᠯᠡᠳᠬᠡᠵᠦ᠂ ᠰᠠᠨᠠᠯ ᠵᠥᠷᠢᠯᠳᠦᠭᠡᠨ ᠨᠡᠯᠢᠶᠡᠳ ᠶᠡᠭᠡ ᠪᠠᠶᠢᠬᠤ ᠦᠶ᠎ᠡ ᠳᠤ ᠲᠠᠰᠤᠯᠤᠯᠳᠠ ᠬᠢᠬᠦ ᠶᠢ ᠲᠦᠷ ᠬᠤᠶᠢᠰᠢᠯᠠᠭᠤᠯᠵᠤ᠂ ᠬᠤᠷᠠᠯ ᠳᠤ ᠲᠠᠰᠤᠯᠤᠯᠳᠠ ᠬᠢᠭᠰᠡᠨ ᠪᠠᠶᠢᠳᠠᠯ ᠪᠠ ᠠᠳᠠᠯᠢ ᠪᠤᠰᠤ ᠰᠠᠨᠠᠯ ᠢ ᠦᠨᠡᠨ ᠮᠥᠨ ᠢᠶᠠᠷ ᠨᠢ ᠲᠡᠮᠳᠡᠭᠯᠡᠵᠦ᠂ ᠲᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠬᠤ ᠳᠤ ᠪᠡᠯᠡᠳᠭᠡᠬᠦ ᠬᠡᠷᠡᠭᠳᠠᠢ᠃      ︵ᠠᠷᠪᠠᠨ ᠨᠢᠭᠡ︶ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠱᠠᠯᠠᠪᠳᠠᠭᠤᠯᠤᠨ ᠱᠠᠭᠠᠷᠳᠠᠵᠤ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠰᠠᠶᠢᠲᠤᠷ ᠠᠳᠬᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠣᠨ ᠤ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠠᠵᠢᠯ ᠡᠭᠦᠷᠭᠡ ᠪᠠᠨ ᠵᠠᠳᠠᠯᠤᠨ ᠬᠤᠪᠢᠶᠠᠷᠢᠯᠠᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠳᠠᠨ︾ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ ᠶᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠪᠣᠯᠵᠣᠨ ᠶᠠᠷᠢᠯᠴᠠᠬᠤ ᠬᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠤ ᠲᠡᠭᠦᠨ ᠤ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠶᠢᠨ ᠤᠳᠤᠷᠢᠳᠬᠤ ᠺᠠᠳ᠋ᠷ ᠤᠨ ᠨᠠᠮ ᠤᠨ ᠲᠦᠷᠢᠮ ᠨᠠᠮ ᠤᠨ ᠲᠣᠭᠲᠠᠭᠠᠯ ᠢ ᠵᠢᠷᠤᠮᠯᠠᠵᠤ ᠪᠠᠶᠢᠬᠤ ᠡᠰᠡᠬᠦ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠦ ᠪᠠᠶᠢᠬᠤ ᠵᠡᠷᠭᠡ ᠪᠠᠶᠢᠳᠠᠯ ᠢ ᠮᠡᠳᠡᠭᠳᠡᠵᠦ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠤ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃      ︵ᠠᠷᠪᠠᠨ ᠬᠤᠶᠠᠷ︶ ᠤᠳᠤᠷᠢᠳᠬᠤ ᠺᠠᠳ᠋ᠷ ᠴᠢᠬᠤᠯᠠ ᠶᠡᠭᠡ ᠤᠴᠢᠷ ᠶᠠᠪᠤᠳᠠᠯ ᠳᠤ ᠭᠠᠷ ᠲᠦᠷᠦᠵᠤ ᠨᠥᠯᠥᠭᠡᠯᠡᠬᠦ ᠶᠢ ᠲᠡᠮᠳᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠰᠠᠭᠤᠳᠠᠯ ᠢ ᠢᠯᠡᠷᠡᠭᠦᠯᠵᠦ ᠮᠡᠳᠡᠪᠡᠯ ᠴᠠᠭ ᠲᠤᠬᠠᠢ ᠳᠤᠨᠢ ᠮᠡᠳᠡᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠺᠠᠳ᠋ᠷ ᠴᠢᠬᠤᠯᠠ ᠶᠡᠭᠡ ᠤᠴᠢᠷ ᠶᠠᠪᠤᠳᠠᠯ ᠳᠤ ᠭᠠᠷ ᠲᠦᠷᠦᠵᠤ ᠨᠥᠯᠥᠭᠡᠯᠡᠬᠦ ᠶᠢ ᠲᠡᠮᠳᠡᠭᠯᠡᠬᠦ ᠲᠦᠷᠢᠮ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠳᠤ ᠲᠣᠭᠲᠠᠭᠠᠯ ᠢ ᠵᠥᠷᠢᠴᠡᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠳᠤ ᠲᠤᠭᠳᠠᠭᠠᠯ ᠠᠴᠠ ᠵᠦᠷᠢᠴᠡᠨ ᠭᠠᠷ ᠳᠦᠷᠦᠭᠰᠡᠨ ᠵᠡᠷᠭᠡ ᠠᠰᠠᠭᠤᠳᠠᠯ ᠣᠷᠣᠰᠢᠵᠤ ᠪᠠᠶᠢᠪᠠᠯ᠂ ᠨᠠᠶᠢᠳᠠᠯᠭ᠎ᠠ ᠬᠦᠯᠢᠶᠡᠭᠴᠢ ᠨᠢ ᠪᠠᠶᠢᠭ᠎ᠠ ᠰᠠᠯᠠᠭ᠎ᠠ ᠮᠥᠴᠢᠷ ᠪᠠ ᠨᠢᠭᠡᠴᠢ ᠶᠢᠨ ᠢᠶᠠᠨ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠪᠤᠰᠤᠳ ᠤᠳᠤᠷᠢᠳᠬᠤ ᠺᠠᠳ᠋ᠷ ᠤᠨ ᠲᠦᠷᠦᠯ ᠰᠠᠳᠤᠨ ᠨᠠᠶᠢᠵᠠ ᠶᠢᠨ ᠲᠣᠭᠲᠠᠭᠠᠯ ᠠᠴᠠ ᠵᠥᠷᠢᠴᠡᠨ ᠭᠠᠷ ᠲᠦᠷᠦᠭᠦ ᠠᠵᠢᠯᠯᠠᠭ᠎ᠠ ᠶᠢ ᠡᠷᠡᠰ ᠬᠤᠷᠢᠬᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠱᠠᠭᠠᠷᠳᠠᠯᠭ᠎ᠠ ᠶᠣᠰᠣᠭᠠᠷ ᠮᠡᠳᠡᠭᠦᠯᠦᠭᠰᠡᠨ ᠦᠭᠡᠢ ᠪᠠᠶᠢᠪᠠᠯ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃      ︵ᠠᠷᠪᠠᠨ ᠭᠤᠷᠪᠠ︶ ᠤᠯᠤᠰ ᠲᠦᠷᠦ ᠶᠢᠨ ᠠᠮᠢ ᠠᠬᠤᠢ ᠶᠢᠨ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠮᠡᠳᠡᠭᠦᠯᠦᠯᠳᠡ ᠶᠢ ᠬᠦᠷᠢᠶ᠎ᠡ ᠬᠤᠪᠢᠶᠠᠨ ᠪᠦᠷᠢᠯᠳᠦᠭᠦᠯᠤᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠤᠯᠤᠰ ᠲᠦᠷᠦ ᠶᠢᠨ ᠠᠮᠢ ᠠᠬᠤᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠢᠨᠵᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠨᠠᠮ ᠤᠨ ᠠᠵᠢᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠮᠡᠳᠡᠭᠦᠯᠦᠯᠲᠡ ᠶᠢ ᠦᠷᠭᠦᠯᠵᠢ ᠰᠣᠨᠣᠰᠴᠤ᠂ ᠤᠳᠤᠷᠢᠳᠬᠤ ᠪᠠᠭ ᠤᠨ ᠲᠤᠰ ᠪᠡᠶ᠎ᠡ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠡᠷᠢᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠡᠬᠢ ᠪᠠᠶᠠᠯᠢᠭ ᠢ ᠨᠡᠬᠡᠬᠡᠨ ᠠᠰᠢᠬᠯᠠᠬᠤ᠂ ᠮᠥᠩᠭᠦᠨ ᠭᠦᠢᠯᠭᠡᠭᠡ ᠢᠲᠡᠭᠡᠮᠵᠢᠲᠦ ᠵᠢᠭᠡᠯᠡᠯᠭᠡ ᠵᠡᠷᠭᠡ ᠬᠦᠷᠢᠶᠡᠨ ᠳᠠᠬᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠪᠠᠶᠢᠳᠠᠯ ᠤᠨ ᠲᠤᠬᠠᠢ ᠵᠠᠳᠠᠯᠤᠯᠲᠠ ᠪᠠᠨ ᠴᠢᠩᠭᠠᠳᠬᠠᠵᠤ᠂ ᠲᠦᠭᠡᠮᠡᠯ ᠴᠢᠨᠠᠷᠲᠠᠢ ᠠᠰᠠᠭᠤᠳᠠᠯ ᠢ ᠢᠯᠡᠷᠡᠭᠦᠯᠬᠦ ᠶᠢ ᠴᠢᠬᠤᠯᠠᠴᠢᠯᠠᠵᠤ᠂ ᠲᠤᠰᠬᠠᠢ ᠰᠡᠳᠦᠪᠲᠦ ᠮᠡᠳᠡᠭᠦᠯᠦᠯᠲᠡ ᠵᠤᠬᠢᠶᠠᠨ᠂ ᠠᠳᠠᠯᠢ ᠱᠠᠲᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠬᠢᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃      ︵ᠠᠷᠪᠠᠨ ᠲᠦᠷᠪᠡ︶ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠶᠠᠷᠢᠯᠴᠠᠵᠤ ᠰᠠᠨᠠᠭᠤᠯᠬᠤ ᠲᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠤ ᠪᠠᠶᠢᠬᠤ ᠪᠠᠶᠢᠳᠠᠯ ᠪᠠ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠵᠦ ᠪᠠᠶᠢᠬᠤ ᠪᠠᠶᠢᠳᠠᠯ ᠢ ᠦᠨᠡᠨ ᠮᠥᠨ ᠢᠶᠠᠷ ᠨᠢ ᠮᠡᠳᠡᠭᠦᠯᠦᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠮᠡᠳᠡᠭᠦᠯᠦᠯᠲᠡ ᠬᠢᠬᠦ ᠪᠣᠯ ᠲᠤᠬᠠᠶᠢᠯᠠᠭᠰᠠᠨ ᠠᠵᠢᠯ ᠮᠥᠨ᠂ ᠮᠡᠳᠡᠭᠦᠯᠬᠦ ᠶᠤᠰᠤᠳᠠᠢ ᠶᠢ ᠨᠢ ᠮᠡᠳᠡᠭᠦᠯᠬᠦ ᠦᠭᠡᠢ ᠪᠣᠯ ᠲᠤᠰᠢᠶᠠᠯ ᠳᠠᠭᠠᠨ ᠣᠰᠣᠯᠳᠠᠭᠰᠠᠨ ᠶᠠᠪᠤᠳᠠᠯ ᠮᠥᠨ ᠭᠡᠬᠦ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ᠤ ᠴᠤᠬᠤᠶᠢᠮᠠᠯ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠᠶᠢᠬᠤ ᠶᠢ ᠢᠯᠡᠷᠡᠭᠦᠯᠵᠦ ᠮᠡᠳᠡᠪᠡᠯ᠂ ᠴᠠᠭ ᠲᠤᠬᠠᠢ ᠳᠤᠨᠢ ᠰᠠᠨᠠᠭᠤᠯᠬᠤ ᠬᠡᠷᠡᠭᠳᠠᠢ᠃ ᠴᠢᠬᠤᠯᠠ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ ᠮᠡᠳᠡᠪᠡᠯ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠠᠳᠠᠯᠢ ᠱᠠᠲᠤᠨ ᠤ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠳᠤ ᠮᠡᠳᠡᠭᠦᠯᠵᠦ᠂ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠢ ᠲᠤᠰᠬᠠᠬᠤ ᠬᠡᠷᠡᠭᠲᠡᠢ᠃ ᠮᠡᠳᠡᠭᠦᠯᠬᠦ ᠥᠬᠡᠶ ᠪᠤᠶᠤ ᠦᠨᠡᠨ ᠮᠥᠨ ᠢᠶᠠᠷ ᠨᠢ ᠮᠡᠳᠡᠭᠦᠯᠬᠦ ᠥᠬᠡᠶ ᠪᠠᠶᠢᠪᠠᠯ ᠲᠦᠷᠢᠮ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃       ᠳᠥᠷᠪᠡ᠂ ᠳᠣᠤᠷᠠᠳᠤ ᠱᠠᠲᠤᠨ ᠤ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠳᠠᠢ       ︵ᠠᠷᠪᠠᠨ ᠲᠠᠪᠤ︶ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠ ᠬᠢᠨᠠᠯᠲᠠ ᠶᠢ ᠤᠳᠤᠷᠢᠳᠬᠤ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠥᠪᠡᠷ ᠤᠨ ︽ᠬᠠᠷᠢᠭᠤᠴᠠᠯᠭᠠᠳᠤ ᠤᠷᠤᠨ︾ ᠢᠶᠠᠨ ᠦᠨᠡᠨ ᠬᠦ ᠰᠠᠶᠢᠲᠤᠷ ᠬᠠᠮᠢᠶᠠᠷᠴᠤ᠂ ᠰᠤᠭᠤᠴᠢᠨ ᠪᠠᠶᠢᠴᠠᠭᠠᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠢᠯᠣᠭᠤᠳᠬᠤ᠂ ᠵᠠᠬᠢᠳᠠᠯ ᠰᠤᠷᠪᠤᠯᠵᠢᠯᠠᠯ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠳᠤᠤᠷᠠᠳᠤ ᠱᠠᠲᠤᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠳᠠᠨ︾ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠠᠷᠢᠭᠤᠴᠠᠯᠭ᠎ᠠ ᠲᠣᠳᠣᠷᠬᠠᠢ᠂ ᠭᠤᠤᠯ ᠴᠣᠭᠴᠠ ᠲᠣᠳᠣᠷᠬᠠᠢ᠂ ᠠᠷᠭ᠎ᠠ ᠬᠡᠮᠵᠢᠶ᠎ᠡ ᠨᠢ ᠲᠤᠰᠠᠲᠠᠢ᠂ ᠬᠡᠷᠡᠭᠵᠢᠭᠦᠯᠬᠦ ᠳᠤ ᠪᠦᠲᠦᠮᠵᠢᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃      ︵ᠠᠷᠪᠠᠨ ᠵᠢᠷᠭᠤᠭ᠎ᠠ︶ ᠲᠦᠷᠢᠮ ᠤᠨ ᠰᠢᠩᠭᠡᠯᠢᠭ ᠢ ᠤᠯᠠᠮ ᠴᠢᠩᠭ᠎ᠠ ᠪᠠᠬᠢᠯᠡᠵᠦ᠂ ᠬᠢᠨᠠᠯᠲᠠ ᠲᠠᠯᠪᠢᠬᠤ ᠠᠵᠢᠯ ᠢ ᠵᠢᠷᠤᠮᠵᠢᠭᠤᠯᠬᠤ ᠶᠢ ᠠᠬᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠦᠷᠢᠮ ᠢᠶᠠᠷ ᠡᠷᠬᠡ ᠶᠢ ᠬᠠᠮᠢᠶᠠᠷᠬᠤ ᠬᠡᠷᠡᠭ ᠶᠠᠪᠤᠳᠠᠯ ᠢ ᠬᠠᠮᠢᠶᠠᠷᠬᠤ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ᠲᠤᠰᠢᠶᠠᠯ ᠳᠤ ᠲᠤᠮᠢᠯᠠᠬᠤ ᠳᠤ ᠤᠨᠴᠠᠭᠠᠢ ᠬᠠᠷᠢᠴᠠᠭ᠎ᠠ ᠠᠴᠠ ᠵᠠᠶᠢᠯᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠪᠠᠶᠢᠷᠢ ᠡᠭᠡᠯᠵᠢᠯᠡᠭᠦᠯᠬᠦ᠂ ᠺᠠᠳ᠋ᠷ ᠢ ᠰᠣᠯᠢᠯᠴᠠᠭᠤᠯᠬᠤ ᠲᠦᠷᠢᠮ ᠢ ᠪᠦᠷᠢᠨᠰᠢᠬᠦᠯᠵᠤ᠂ ︽ᠨᠢᠭᠡᠳᠦᠭᠡᠷ ᠬᠠᠷᠢᠭᠤᠴᠠᠯᠭᠠᠳᠠᠨ︾ ᠳᠤ ᠨᠡᠩ ᠴᠢᠩᠭ᠎ᠠ ᠬᠠᠮᠢᠶᠠᠷᠤᠯᠲᠠ ᠶᠢᠨ ᠲᠦᠷᠢᠮ ᠲᠤᠭᠳᠠᠭᠠᠬᠤ ᠬᠡᠷᠡᠭᠳᠠᠢ᠃ ᠤᠳᠤᠷᠢᠳᠬᠤ ᠺᠠᠳ᠋ᠷ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ︽ᠨᠢᠭᠡᠳᠦᠭᠡᠷ ᠬᠠᠷᠢᠭᠤᠴᠠᠯᠭᠠᠳᠠᠨ︾ ᠤ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠤᠳᠤᠷᠢᠳᠬᠤ ᠪᠠᠭ ᠲᠤ ᠢᠯᠡ ᠪᠣᠯᠭᠠᠬᠤ ᠠᠵᠢᠯ ᠢ ᠠᠬᠢᠭᠤᠯᠬᠤ ᠬᠡᠷᠡᠭᠳᠠᠢ᠃ ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠭᠤᠤᠯᠯᠠᠨ ᠬᠠᠮᠢᠶᠠᠷᠬᠤ ᠲᠠᠯ᠎ᠠ᠂ ᠬᠠᠮᠵᠢᠨ ᠬᠠᠮᠢᠶᠠᠷᠬᠤ ᠲᠠᠯ᠎ᠠ ᠠᠴᠠ ᠺᠠᠳ᠋ᠷ ᠲᠤ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠳᠠᠢ᠃      ︵ᠠᠷᠪᠠᠨ ᠳᠣᠯᠤᠭ᠎ᠠ︶ ᠤᠳᠤᠷᠢᠳᠬᠤ ᠺᠠᠳ᠋ᠷ ᠤᠨ ᠭᠡᠷ ᠪᠦᠯᠢ ᠶᠢᠨ ᠬᠢᠨ ᠤ ᠠᠵᠢᠯ ᠡᠷᠬᠢᠯᠡᠬᠦ ᠶᠢ ᠵᠢᠷᠤᠮᠵᠢᠭᠤᠯᠵᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠭᠡᠴᠢ ᠬᠠᠷᠢᠴᠠᠭ᠎ᠠ ᠪᠠᠶᠢᠭᠤᠯᠬᠤ ᠶᠢ ᠠᠬᠢᠭᠤᠯᠤᠨ᠎ᠠ᠃ ᠤᠳᠤᠷᠢᠳᠬᠤ ᠺᠠᠳ᠋ᠷ ᠤᠨ ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠦᠬᠦᠷ ᠤᠨ ᠬᠤᠳᠠᠯᠳᠤᠭ᠎ᠠ ᠬᠢᠵᠦ ᠠᠵᠤ ᠠᠬᠤᠶᠢᠯᠠᠯ ᠡᠷᠭᠢᠯᠡᠭᠦ ᠠᠵᠢᠯᠯᠠᠭ᠎ᠠ ᠶᠢ ᠵᠢᠷᠤᠮᠵᠢᠭᠤᠯᠬᠤ ᠲᠣᠭᠲᠠᠭᠠᠯ ᠢ ᠳᠡᠭᠡᠳᠦ ᠵᠡᠷᠭᠡ ᠶᠢᠨ ᠺᠠᠳ᠋ᠷ ᠲᠦᠷᠦᠭᠦᠯᠡᠨ ᠬᠡᠷᠡᠭᠵᠢᠭᠦᠯᠵᠦ᠂ ᠪᠦᠭᠦ ᠨᠠᠮ ᠳᠤ ᠦᠯᠢᠭᠡᠷ ᠵᠢᠱᠢᠶ᠎ᠡ ᠦᠵᠡᠭᠦᠯᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠬᠤ ᠬᠡᠷᠡᠭᠳᠠᠢ᠃ ᠤᠳᠤᠷᠢᠳᠬᠤ ᠺᠠᠳ᠋ᠷ ᠠᠵᠤ ᠠᠬᠤᠶᠢᠯᠠᠯᠲᠠᠨ ᠲᠠᠢ ᠶᠠᠪᠤᠯᠴᠠᠬᠤ ᠳᠠᠭᠠᠨ ᠡᠷᠬᠡᠪᠰᠢ ᠬᠤᠷᠢᠭ᠎ᠠ ᠱᠤᠭᠤᠮ ᠢ ᠰᠠᠬᠢᠵᠤ᠂ ᠭᠡᠮ ᠬᠡᠮᠵᠢᠶ᠎ᠡ ᠶᠢ ᠰᠠᠶᠢᠲᠤᠷ ᠡᠵᠡᠮᠳᠡᠵᠤ᠂ ︽ᠨᠢᠭᠡᠳᠦᠭᠡᠷ ᠬᠠᠷᠢᠭᠤᠴᠠᠯᠭᠠᠳᠠᠨ︾ ᠨᠢ ︽ᠳᠣᠲᠣᠨᠣ︾᠂ ︽ᠴᠢᠬᠡᠴᠢ︾ ᠪᠠᠶᠢᠬᠤ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠡᠷᠬᠡ ᠪᠠᠨ ᠠᠰᠢᠬᠯᠠᠨ ᠠᠮᠢ ᠪᠠᠨ ᠪᠣᠷᠳᠣᠵᠤ᠂ ᠳᠠᠯᠳᠠᠭᠤᠷ ᠦᠢᠯᠡᠳᠬᠦ ᠪᠠ ᠠᠰᠢᠭ ᠬᠦᠷᠳᠡᠭᠡᠵᠦ ᠪᠣᠯᠬᠤ ᠦᠭᠡᠢ︔ ᠥᠪᠡᠷ ᠤᠨ ᠲᠦᠷᠦᠯ ᠰᠠᠳᠤᠨ ᠨᠠᠶᠢᠵᠠ ᠪᠠᠨ ᠰᠠᠶᠢᠲᠤᠷ ᠬᠠᠮᠢᠶᠠᠷᠴᠤ᠂ ᠤᠳᠤᠷᠢᠳᠬᠤ ᠺᠠᠳ᠋ᠷ ᠤᠨ ᠲᠤᠰᠢᠶᠠᠯ ᠢ ᠠᠰᠢᠬᠯᠠᠨ ᠡᠳ᠋ ᠠᠰᠢᠭ ᠤᠯᠬᠤ ᠶᠢ ᠤᠬᠳᠤ ᠵᠦᠪᠰᠢᠶᠡᠷᠡᠵᠤ ᠪᠤᠯᠬᠤ ᠦᠭᠡᠢ᠂ ᠮᠠᠭᠤ ᠰᠠᠨᠠᠭ᠎ᠠ ᠲᠠᠢ ᠬᠦᠮᠦᠰ ᠤᠳᠤᠷᠢᠳᠬᠤ ᠺᠠᠳ᠋ᠷ ᠤᠨ ᠭᠡᠷ ᠪᠦᠯᠢ ᠶᠢᠨ ᠪᠦᠷᠢᠯᠳᠦᠬᠦᠨ ᠢ ︽ᠬᠤᠮᠤᠷᠭᠠᠯᠠᠬᠳᠠᠬᠤ︾ ᠶᠢ ᠰᠡᠷᠭᠡᠶᠢᠯᠡᠬᠦ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠤᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠬᠤ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠠᠰᠠᠭᠤᠳᠠᠯ ᠢ ᠢᠯᠡᠷᠡᠭᠦᠯᠪᠡᠯ ᠲᠣᠭᠲᠠᠭᠠᠯ ᠶᠣᠰᠣᠭᠠᠷ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃      ︵ᠠᠷᠪᠠᠨ ᠨᠠᠢᠮᠠ︶ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠣᠤᠷᠠᠳᠤ ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠠᠬᠢ ᠵᠢᠯᠣᠭᠤᠳᠣᠯᠭ᠎ᠠ ᠶᠢ ᠴᠢᠩᠭᠠᠳᠬᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠵᠣᠬᠢᠶᠠᠨ ᠪᠠᠶᠢᠭᠤᠯᠵᠤ ᠬᠤᠷᠠᠯᠳᠤᠭᠤᠯᠬᠤ ᠤᠳᠤᠷᠢᠳᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠤᠷᠠᠳᠤ ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠢ ᠨᠢᠭᠡᠳᠦᠯᠲᠡᠢ ᠲᠣᠭᠲᠠᠭᠠᠬᠤ ᠪᠤᠶᠤ ᠵᠥᠪᠰᠢᠶᠡᠷᠡᠵᠦ᠂ ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠬᠦᠨ ᠲᠤᠤᠷᠠᠳᠤ ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠲᠥᠯᠥᠪᠯᠡᠭᠡ ᠲᠠᠢ ᠪᠠᠷ ᠣᠷᠣᠯᠴᠠᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠨᠢ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠲᠠᠢ ᠬᠠᠮᠲᠤᠷᠠᠨ ᠲᠤᠤᠷᠠᠳᠤ ᠱᠠᠲᠤᠨ ᠤ ᠨᠢᠭᠡᠴᠢ ᠶᠢᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠱᠠᠯᠠᠪᠲᠠᠭᠤᠯᠤᠨ ᠪᠠᠶᠢᠴᠠᠭᠠᠬᠤ ᠪᠦᠭᠡᠳ ᠵᠢᠭᠠᠨ ᠵᠢᠯᠣᠭᠤᠳᠴᠤ᠂ ︽ᠨᠢᠭᠡᠳᠦᠭᠡᠷ ᠬᠠᠷᠢᠭᠤᠴᠠᠯᠭᠠᠲᠠᠠ︾ ᠤ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠦᠭᠰᠡᠨ ᠣᠪᠣᠷ ᠨᠢ ᠢᠯᠡ ᠲᠣᠳᠣ ᠪᠠᠶᠢᠬᠤ ᠡᠰᠡᠬᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠦᠨᠡᠨ ᠬᠦ ᠨᠢᠭᠤᠷ ᠤᠯᠠᠶᠢᠵᠤ ᠬᠥᠯᠥᠰᠥ ᠭᠠᠷᠴᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠳᠠᠢ᠃ ᠲᠣᠭᠲᠠᠭᠠᠯ ᠶᠣᠰᠣᠭᠠᠷ ᠬᠤᠷᠠᠯᠳᠤᠭᠤᠯᠤᠭᠰᠠᠨ ᠦᠭᠡᠶ ᠪᠠᠶᠢᠪᠠᠯ ᠴᠢᠩᠭ᠎ᠠ ᠵᠢᠭᠠᠨ ᠭᠠᠷᠭᠠᠬᠤ ᠶᠢᠨ ᠬᠠᠮᠲᠤ ᠵᠠᠯᠠᠷᠠᠭᠤᠯᠵᠤ᠂ ᠶᠣᠰᠣᠨ ᠲᠡᠳᠦᠶ ᠥᠩᠭᠡᠷᠡᠭᠦᠯᠬᠦ ᠶᠢ ᠨᠢ ᠵᠠᠷᠯᠢᠭᠳᠠᠵᠤ ᠪᠠᠶᠢᠭᠠᠳ ᠳᠠᠬᠢᠵᠤ ᠬᠤᠷᠠᠯᠳᠤᠭᠤᠯᠬᠤ ᠬᠡᠷᠡᠭᠳᠠᠢ᠃ ᠲᠤᠤᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠳᠤ ᠴᠢᠬᠤᠯᠠ ᠶᠡᠭᠡ ᠠᠰᠠᠭᠤᠳᠠᠯ ᠭᠠᠷᠤᠭᠰᠠᠨ ᠪᠠᠶᠢᠪᠠᠯ᠂ ᠲᠤᠤᠷᠠᠳᠤ ᠱᠠᠲᠤᠨ ᠤ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠬᠤ ᠶᠢ ᠱᠠᠯᠠᠪᠲᠠᠭᠤᠯᠤᠨ ᠱᠠᠭᠠᠷᠲᠠᠬᠤ ᠬᠡᠷᠡᠭᠳᠠᠢ᠃      ︵ᠠᠷᠪᠠ ᠶᠢᠰᠦ︶ ᠬᠥᠮᠦᠨ ᠰᠣᠩᠭᠤᠵᠤ ᠬᠥᠮᠦᠨ ᠬᠡᠷᠡᠭᠯᠡᠬᠦ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ ᠴᠢᠩᠭ᠎ᠠ ᠰᠠᠬᠢᠵᠤ᠂ ᠺᠠᠳ᠋ᠷ ᠢ ᠬᠢᠨᠠᠨ ᠪᠠᠶᠢᠴᠠᠭᠠᠵᠤ ᠬᠢᠨᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠤᠷᠠᠳᠤ ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠵᠢᠱᠢᠭᠳᠡᠭᠴᠢ ᠶᠢᠨ ᠪᠣᠭᠤᠮᠲᠠ ᠶᠢ ᠴᠢᠩᠭ᠎ᠠ ᠰᠠᠬᠢᠵᠤ᠂ ᠵᠠᠳᠠᠯᠤᠨ ᠰᠤᠳᠤᠯᠵᠤ ᠮᠠᠭᠠᠳᠯᠠᠬᠤ ᠪᠠ ᠰᠠᠨᠠᠭᠠᠴᠢᠯᠠᠭ᠎ᠠ ᠭᠠᠷᠭᠠᠬᠤ᠂ ᠠᠷᠠᠳᠴᠢᠯᠠᠯ ᠢᠶᠠᠷ ᠲᠠᠨᠢᠯᠴᠠᠭᠤᠯᠬᠤ᠂ ᠰᠢᠯᠭᠠᠨ ᠪᠠᠶᠢᠴᠠᠭᠠᠬᠤ᠂ ᠶᠠᠷᠢᠯᠴᠠᠨ ᠲᠣᠭᠲᠠᠭᠠᠬᠤ ᠵᠡᠷᠭᠡ ᠡᠯ᠎ᠡ ᠭᠤᠭᠴᠤᠭ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠭᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠰᠠᠶᠢᠨ ᠺᠠᠳ᠋ᠷ ᠤᠨ ᠪᠠᠷᠢᠮᠵᠢᠶ᠎ᠠ ᠶᠣᠰᠣᠭᠠᠷ᠂ ︽ᠰᠢᠯᠢᠨ ᠲᠡᠪᠰᠢᠭᠦᠯᠬᠦ ᠳᠤ ᠳᠦᠷᠪᠡ ᠶᠢ ᠵᠠᠪᠠᠯ ᠭᠦᠢᠴᠡᠳᠭᠡᠬᠦ︾ ᠲᠡᠰ ᠲᠠᠷᠠᠭᠠᠯᠠᠯ ᠢ ᠴᠢᠩᠳᠠᠯᠠᠵᠤ᠂ ᠺᠠᠳ᠋ᠷ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠲᠠᠩᠰᠠ ᠡᠪᠬᠡᠮᠡᠯ ᠢ ᠬᠥᠳᠡᠯᠦᠩᠭᠦᠢ ᠪᠠᠷ ᠰᠢᠨᠡᠳᠬᠡᠵᠦ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠲᠤᠬᠠᠢ ᠰᠠᠨᠠᠯ ᠳᠤ ᠬᠠᠷᠢᠭᠤ ᠥᠭᠬᠦ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠴᠠ ᠳᠤᠤᠷᠠᠳᠤ ᠱᠠᠲᠤᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ ᠢ ᠱᠠᠲᠤ ᠲᠥᠷᠥᠯ ᠬᠤᠪᠢᠶᠠᠨ ᠰᠢᠯᠭᠠᠨ ᠬᠢᠨᠠᠵᠤ᠂ ᠲᠣᠭᠤᠷᠢᠨ ᠪᠠᠶᠢᠴᠠᠭᠠᠬᠤ᠂ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ᠂ ᠠᠵᠢᠯ ᠢ ᠱᠠᠯᠠᠪᠲᠠᠭᠤᠯᠤᠨ ᠪᠠᠶᠢᠴᠠᠭᠠᠬᠤ᠂ ᠬᠤᠯᠪᠤᠭᠲᠠᠯ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠰᠢᠯᠭᠠᠨ ᠬᠢᠨᠠᠭᠠᠳ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠵᠤ᠂ ᠪᠥᠬᠦ ᠲᠠᠯ᠎ᠠ ᠪᠠᠷ ᠪᠤᠰᠤᠳᠴᠢ ᠪᠠᠷ ᠦᠨᠡᠯᠡᠬᠦ ᠬᠡᠷᠡᠭᠲᠡᠶ᠃ ᠵᠢᠯ ᠪᠦᠷᠢ ᠬᠡᠰᠡᠭ ︽ᠨᠢᠭᠡᠳᠦᠭᠡᠷ ᠬᠠᠷᠢᠭᠤᠴᠠᠯᠭᠠᠲᠠᠠ︾ ᠪᠣᠯᠤᠨ ᠤᠳᠤᠷᠢᠳᠬᠤ ᠪᠠᠭ ᠢ ᠰᠣᠩᠭᠤᠨ ᠲᠣᠭᠲᠠᠭᠠᠵᠤ ᠭᠤᠣᠯᠳᠠᠯᠭ᠎ᠠ ᠲᠠᠢ ᠬᠢᠨᠠᠨ ᠰᠢᠯᠭᠠᠯᠲᠠ ᠬᠢᠵᠦ᠂ ᠲᠤᠰᠬᠠᠯ ᠨᠡᠯᠢᠶᠡᠳ ᠠᠷᠪᠢᠨ ᠪᠠᠶᠢᠭ᠎ᠠ ᠠᠰᠠᠭᠤᠳᠠᠯ ᠢ ᠲᠤᠰᠬᠠᠢ ᠬᠢᠨᠠᠨ ᠰᠢᠯᠭᠠᠯᠳᠠ ᠬᠢᠬᠦ ᠬᠡᠷᠡᠭᠳᠠᠢ᠃       ︵ᠬᠤᠷᠢ︶ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠦ ᠰᠤᠳᠤᠯᠤᠨ ᠮᠠᠭᠠᠳᠯᠠᠵᠦ᠂ ᠤᠯᠠᠨ ᠲᠦᠮᠡᠨ ᠤ ᠲᠤᠰᠬᠠᠯ ᠶᠡᠬᠡᠲᠡᠢ ᠤᠳᠤᠷᠢᠳᠬᠤ ᠺᠠᠳ᠋ᠷ ᠲᠤ ᠴᠠᠭ ᠲᠤᠬᠠᠢ ᠳᠤᠨᠢ ᠰᠡᠷᠡᠮᠵᠢ ᠶᠢᠨ ᠲᠤᠬᠢᠶ᠎ᠠ ᠥᠭᠭᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ ᠠᠵᠢᠯ ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢᠯᠠᠩᠭᠤᠶ᠎ᠠ ︽ᠨᠢᠭᠡᠳᠦᠭᠡᠷ ᠬᠠᠷᠢᠭᠤᠴᠠᠯᠭᠠᠲᠠᠠ︾ ᠤ ᠲᠤᠬᠠᠢ ᠤᠯᠠᠨ ᠲᠦᠮᠡᠨ ᠤ ᠲᠤᠰᠬᠠᠯ ᠢ ᠤᠢᠢᠯᠠᠭᠠᠨ ᠡᠵᠡᠮᠰᠢᠬᠦ ᠬᠡᠷᠡᠭᠲᠡᠢ᠃ ᠤᠳᠤᠷᠢᠳᠬᠤ ᠺᠠᠳ᠋ᠷ ᠤᠯᠡᠠ ᠲᠦᠮᠡᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠣᠨᠣᠰᠴᠤ᠂ ᠤᠯᠡᠠ ᠲᠦᠮᠡᠨ ᠤ ᠰᠠᠨᠠᠯ ᠰᠢᠭᠦᠮᠵᠢᠯᠡᠯ ᠳᠤ ᠲᠥᠪ ᠴᠢᠩᠭ᠎ᠠ ᠨᠠᠷᠢᠨ ᠬᠢᠨᠠᠮᠠᠭᠠᠢ ᠬᠠᠨᠳᠤᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ᠂ ᠲᠤᠰᠬᠠᠭᠰᠠᠨ ᠠᠰᠠᠭᠤᠳᠠᠯ ᠳᠤ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠰᠠᠨᠠᠯ ᠳᠤᠷᠠᠳᠴᠤ᠂ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠯᠳᠡ ᠨᠡᠯᠢᠶᠡᠳ ᠲᠥᠪᠯᠡᠷᠡᠭᠰᠡᠨ ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠲᠠᠠ ᠱᠠᠭᠠᠷᠲᠠᠵᠦ ᠪᠠᠶᠢᠭᠠᠳ ᠰᠢᠯᠲᠠᠭᠠᠨ ᠢ ᠨᠢ ᠡᠷᠢᠭᠦᠯᠵᠦ ᠵᠠᠳᠠᠯᠤᠯᠲᠠ ᠬᠢᠯᠭᠡᠬᠦ ᠬᠡᠷᠡᠭᠲᠡᠢ᠃ ᠳᠣᠤᠷᠠᠳᠤ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠠ︾ ᠵᠢᠴᠢ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠳᠤ ᠬᠤᠯᠪᠣᠭᠳᠠᠬᠰᠠᠠ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠲᠤᠰᠬᠠᠶ ᠰᠡᠳᠦᠪ ᠢᠶᠠᠷ ᠵᠠᠳᠠᠯᠤᠯᠲᠠ ᠬᠢᠵᠦ᠂ ᠨᠡᠶᠢᠭᠡᠮ ᠤᠨ ᠲᠤᠰᠬᠠᠯ ᠢᠶᠠᠷ ᠲᠣᠪᠤᠶᠢᠮ᠎ᠠ᠂ ᠣᠯᠠᠨ ᠲᠦᠮᠡᠨ ᠤ ᠦᠨᠡᠯᠡᠯᠲᠠ ᠨᠡᠯᠢᠶᠡᠳ ᠠᠨᠠᠶ ᠪᠠᠶᠢᠬᠤ ᠤᠳᠤᠷᠢᠳᠬᠤ ᠺᠠᠳ᠋ᠷ ᠤᠨ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠡᠩ ᠤᠨ ᠴᠢᠨᠠᠷᠲᠠᠶ ᠠᠰᠠᠭᠤᠳᠠᠯ ᠳᠤ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠬᠡᠷᠡᠭᠲᠡᠶ᠃      ︵ᠬᠤᠷᠢᠨ ᠨᠢᠭᠡ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ᠂ ᠭᠤᠤᠯᠳᠠᠯᠭ᠎ᠠ ᠲᠠᠢ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠲᠠᠬᠤ ᠬᠡᠷᠡᠭᠲᠡᠶ᠃ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠳᠤᠷᠠᠳᠬᠤ᠂ ᠱᠠᠯᠠᠪᠲᠠᠭᠤᠯᠤᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ ᠪᠠ ᠬᠠᠷᠢᠭᠤ ᠰᠤᠷᠪᠤᠯᠵᠢᠯᠠᠵᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ᠃ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠴᠠᠭ ᠲᠤᠬᠠᠶ ᠳᠤᠨᠢ ᠪᠣᠳᠠᠲᠠᠶᠢᠵᠢᠭᠤᠯᠤᠭᠰᠠᠨ ᠥᠬᠡᠶ ᠴᠢᠨᠠᠭᠰᠢᠯᠠᠪᠠᠯ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠳᠤ ᠶᠣᠰᠣᠭᠠᠷ ᠴᠢᠩᠭ᠎ᠠ ᠰᠢᠢᠳᠪᠦᠷᠢᠯᠡᠵᠦ᠂ ᠨᠡᠶᠢᠲᠡᠯᠢᠭ ᠠᠰᠠᠭᠤᠳᠠᠯ ᠢ ᠵᠠᠷᠯᠠᠨ ᠨᠡᠶᠢᠲᠡᠯᠡᠵᠦ ᠢᠯᠡᠴᠢᠯᠡᠬᠦ ᠬᠡᠷᠡᠭᠲᠡᠶ᠃      ᠲᠠᠪᠤ᠂ ᠬᠢᠨᠠᠯᠲᠠ ᠲᠠᠯᠪᠢᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠬᠤ ᠬᠡᠷᠡᠭᠳᠠᠢ      ︵ᠬᠤᠷᠢᠨ ᠬᠤᠶᠠᠷ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠠᠵᠢᠯ ᠢ ᠰᠠᠶᠢᠲᠤᠷ ᠤᠳᠤᠷᠢᠳᠴᠤ᠂ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠨᠢᠭᠡᠳᠦᠭᠡᠷ ᠬᠠᠷᠢᠭᠤᠴᠠᠯᠭᠠᠲᠠᠠ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠰᠠᠶᠢᠲᠤᠷ ᠠᠳᠬᠤᠬᠤ ᠪᠠᠷ ᠳᠠᠮᠵᠢᠭᠤᠯᠤᠨ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠡᠯ᠎ᠡ ᠵᠦᠢᠯ ᠤᠨ ᠬᠢᠨᠠᠯᠲᠠ ᠲᠠᠯᠪᠢᠯᠲᠠ ᠶᠢ ᠨᠢᠭᠡᠲᠦᠯᠲᠡᠢ ᠲᠥᠯᠥᠪᠵᠢᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠬᠦ ᠪᠦᠭᠡᠳ ᠬᠢᠨᠠᠯᠲᠠ ᠲᠠᠯᠪᠢᠵᠤ᠂ ᠨᠠᠮ ᠤᠨ ᠠᠵᠢᠯ ᠤᠨ ᠪᠠᠶᠢᠭᠤᠯᠭ᠎ᠠ ᠶᠢ ᠱᠠᠯᠠᠪᠲᠠᠭᠤᠯᠵᠦ ᠪᠠᠶᠢᠭᠠᠳ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠭᠦᠷᠭᠡ ᠴᠢᠳᠠᠪᠤᠷᠢ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠳᠦᠷ ᠲᠤᠳᠤᠮ ᠤᠨ ᠬᠢᠨᠠᠯᠲᠠ ᠲᠠᠯᠪᠢᠯᠲᠠ ᠪᠠ ᠨᠠᠮ ᠤᠨ ᠭᠡᠰᠢᠭᠦᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠳᠠᠢ᠃      ︵ᠬᠤᠷᠢᠨ ᠭᠤᠷᠪᠠ︶ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ ᠪᠣᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠬᠤᠯᠪᠤᠯᠳᠤᠭᠤᠯᠤᠨ ᠨᠡᠪᠲᠡᠷᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢᠨ ᠳᠠᠶᠢᠴᠢᠯᠠᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ᠂ ᠠᠷᠠᠳᠴᠢᠯᠠᠭᠰᠠᠨ ᠬᠢᠨᠠᠯᠲᠠ ᠲᠠᠯᠪᠢᠯᠲᠠ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ᠂ ᠬᠠᠤᠯᠢ ᠴᠠᠭᠠᠵᠠ ᠶᠢᠨ ᠬᠢᠨᠠᠯᠲᠠ ᠲᠠᠯᠪᠢᠯᠲᠠ᠂ ᠬᠢᠨᠠᠨ ᠪᠤᠳᠤᠬᠤ ᠬᠢᠨᠠᠯᠲᠠ ᠲᠠᠯᠪᠢᠯᠲᠠ᠂ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠬᠢᠨᠠᠯᠲᠠ ᠲᠠᠯᠪᠢᠯᠲᠠ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ᠂ ᠤᠯᠠᠨ ᠲᠦᠮᠡᠨ ᠤ ᠬᠢᠨᠠᠯᠲᠠ ᠲᠠᠯᠪᠢᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠵᠤ᠂ ᠬᠠᠮᠳᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠳᠭᠡᠵᠦ᠂ ᠲᠣᠮᠣ ᠳ᠋ᠠᠶᠢᠲ᠋ᠠ ᠶᠢ ᠪᠦᠲᠦᠮᠵᠢᠲᠡᠶ ᠬᠡᠷᠡᠭᠯᠡᠨ᠂ ᠴᠢᠬᠤᠯᠠ ᠶᠡᠭᠡ ᠬᠢᠨᠠᠯᠲᠠ ᠲᠠᠯᠪᠢᠬᠤ ᠵᠦᠢᠯᠡᠰ ᠢ ᠵᠥᠪᠳᠡᠯᠴᠡᠵᠦ ᠰᠤᠳᠤᠯᠤᠨ ᠮᠠᠭᠠᠳᠯᠠᠬᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠠᠩ ᠬᠠᠮᠵᠢᠯᠴᠠᠨ ᠪᠦᠲᠦᠮᠵᠢᠲᠡᠶ ᠪᠣᠯᠭᠠᠬᠤ ᠬᠡᠷᠡᠭᠲᠡᠶ᠃      ︵ᠬᠤᠷᠢᠨ ᠳᠥᠷᠪᠡ︶ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠰᠬᠠᠶ ᠬᠠᠷᠢᠭᠤᠴᠠᠯᠭᠠᠲᠦ ᠪᠠᠶᠢᠭᠤᠯᠭ᠎ᠠ ᠶᠢᠨ ᠦᠶ᠋ᠯᠡᠳᠦᠯ ᠢ ᠪᠠᠳᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨ ᠤᠯᠤᠰ ᠲᠦᠷᠦ ᠶᠢᠨ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ︽ᠨᠢᠭᠡᠳᠦᠭᠡᠷ ᠬᠠᠷᠢᠭᠤᠴᠠᠯᠭᠠᠲᠠᠠ︾ ᠪᠠ ᠤᠳᠤᠷᠢᠳᠬᠤ ᠪᠠᠭ ᠤᠨ ᠬᠢᠨ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︽ᠳᠥᠷᠪᠡᠨ ᠵᠦᠢᠯ ᠤᠨ ᠬᠡᠯᠪᠡᠷᠢ︾ ᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠯᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠬᠡᠷᠡᠭᠵᠢᠭᠦᠯᠬᠦ ᠪᠠᠷ ᠲᠦᠷᠢᠮ ᠤᠨ ᠴᠢᠩᠭ᠎ᠠ ᠴᠢᠨᠠᠷ ᠢ ᠴᠢᠩᠭᠠᠳᠬᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠡᠷᠬᠡ ᠪᠠᠨ ᠠᠰᠢᠠᠠᠯᠠᠠ ᠠᠮᠢ ᠪᠠᠨ ᠪᠣᠷᠳᠣᠭᠰᠠᠳ ᠢ ᠡᠷᠡᠰ ᠪᠠᠶᠢᠴᠠᠭᠠᠨ ᠰᠢᠢᠳᠪᠦᠷᠢᠯᠡᠵᠦ᠂ ᠠᠳᠬᠤᠬᠤ ᠥᠬᠡᠶ ᠬᠠᠮᠢᠶᠠᠷᠬᠤ ᠥᠬᠡᠶ᠂ ᠲᠤᠰᠢᠶᠠᠯ ᠳᠠᠭᠠᠨ ᠣᠰᠣᠯᠳᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠳᠣᠣᠷᠠᠳᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠶᠡᠭᠡ ᠪᠠᠷ ᠳᠠᠮᠵᠢᠵᠤ᠂ ᠰᠠᠬᠢᠯᠭ᠎ᠠ ᠪᠠᠲᠤ ᠪᠠᠷ ᠬᠢᠨᠠᠯᠲᠠ ᠲᠠᠯᠪᠢᠬᠤ᠂ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ ᠠᠬᠢᠭᠤᠯᠵᠤ᠂ ᠪᠦᠬᠦᠨ ᠢ ᠬᠠᠮᠤᠷᠬᠤ ᠬᠢᠨᠠᠯᠲᠠ ᠲᠠᠯᠪᠢᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠤᠬᠠᠮᠰᠠᠷ ᠠᠴᠠ ᠪᠠᠨ ᠬᠢᠨᠠᠯᠲᠠ ᠲᠠᠯᠪᠢᠯᠲᠠ ᠶᠢ ᠬᠦᠯᠢᠶᠡᠵᠦ᠂ ᠡᠷᠬᠡ ᠶᠢ ᠴᠢᠩᠭ᠎ᠠ ᠬᠢᠵᠠᠭᠠᠷᠯᠠᠬᠤ ᠶᠢ ᠦᠨᠡᠨ ᠬᠦ ᠪᠠᠲᠤᠯᠠᠬᠤ ᠬᠡᠷᠡᠭᠳᠠᠢ᠃       ︵ᠬᠤᠷᠢᠨ ᠲᠠᠪᠤ︶ ᠰᠢᠨ᠎ᠡ ᠡᠭᠦᠳᠦᠯᠳᠡ ᠶᠢ ᠢᠳᠡᠪᠬᠢᠲᠡᠶ ᠰᠦᠪᠡᠭᠴᠢᠯᠡᠵᠦ᠂ ᠴᠢᠭᠯᠡᠭᠦᠯᠦᠯᠲᠦ ᠴᠢᠨᠠᠷ᠂ ᠪᠦᠲᠦᠮᠵᠢᠲᠦ ᠴᠢᠨᠠᠷ ᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠤᠳᠤᠷᠢᠳᠬᠤ ᠺᠠᠳ᠋ᠷ ᠲᠤᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠡᠯ᠎ᠡ ᠵᠦᠢᠯ ᠤᠨ ᠬᠢᠨᠠᠯᠲᠠ ᠲᠠᠯᠪᠢᠯᠲᠠ ᠶᠢᠨ ᠲᠦᠷᠢᠮ ᠢ ᠲᠡᠷᠡ ᠶᠣᠰᠣᠭᠠᠷ ᠨᠢ ᠲᠤᠭᠤᠰᠢᠲᠠᠢ ᠬᠡᠷᠡᠭᠵᠢᠭᠦᠯᠬᠦ ᠬᠡᠷᠡᠭᠲᠡᠢ᠃ ᠲᠥᠷᠥᠯ ᠬᠤᠪᠢᠶᠠᠨ ᠵᠢᠯᠣᠭᠤᠳᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠭᠡᠷᠡᠭᠲᠡᠢ᠃ ᠦᠵᠦ ᠲᠥᠯᠥᠪᠯᠡᠭᠡ ᠪᠣᠯᠤᠨ ᠦᠨᠳᠦᠰᠦᠨ ᠱᠠᠲᠤᠨ ᠤ ᠰᠢᠨ᠎ᠡ ᠡᠭᠦᠳᠦᠯᠳᠡ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠷᠣᠨ ᠨᠤᠲᠤᠭ᠂ ᠰᠠᠯᠠᠭ᠎ᠠ ᠮᠥᠴᠢᠷ ᠪᠣᠯᠤᠨ ᠨᠢᠭᠡᠴᠢ ᠶᠢ ᠵᠣᠷᠢᠭᠵᠢᠭᠤᠯᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠬᠤ ᠪᠦᠲᠦᠮᠵᠢᠲᠡᠶ ᠠᠷᠭ᠎ᠠ ᠶᠢ ᠰᠦᠪᠡᠭᠴᠢᠯᠡᠵᠦ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠥᠩᠨᠡᠵᠦ᠂ ᠬᠢᠨᠠᠯᠲᠠ ᠲᠠᠯᠪᠢᠯᠲᠠ ᠶᠢᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠨᠡᠮᠡᠭᠳᠡᠭᠦᠯᠬᠦ ᠬᠡᠷᠡᠭᠳᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号