ᠦᠵᠦᠬᠦᠷ ᠦᠭᠡᠢ ᠦᠢᠯᠡᠰ ᠤᠨ ᠠᠶᠠᠨ ᠳᠤ
ᠨᠡᠶᠢᠲᠡᠯᠡᠭᠰᠡᠨ ᠴᠠᠭ᠄
2021/9/17
— ᠵᠠᠯᠠᠭᠤ ᠠᠵᠦ ᠠᠬᠤᠢᠢᠯᠠᠯᠳᠠᠨ ᠦᠨᠳᠦᠰᠦ ᠶᠢᠨ ᠦᠢᠯᠡ ᠠᠵᠢᠯᠯᠠᠭ᠎ᠠ ᠶᠢ ᠲᠡᠮᠳᠡᠭᠯᠡᠪᠡ            ︽ᠳᠤᠮᠳᠠᠳᠤ ᠤᠯᠤᠰ ᠤᠨ ᠶᠠᠰᠤ ᠴᠢᠨᠠᠷ ᠤᠨ ᠦᠨᠡᠨᠴᠢ ᠢᠲᠡᠭᠡᠮᠵᠢ ᠶᠢᠨ AAA ᠲᠠᠰ ᠤᠨ ᠨᠠᠷᠠᠲᠤ ᠲᠡᠮᠳᠡᠭᠲᠦ ᠠᠵᠤ ᠠᠬᠤᠶᠢᠯᠠᠯ︾᠂ ︽ᠲᠠᠪᠤᠨ ᠣᠳᠣᠨ ᠲᠠᠰ ᠤᠨ ᠵᠣᠭᠠᠴᠠᠯ ᠤᠨ ᠭᠥᠯᠢᠶᠡᠨ ᠠᠪᠬᠤ ᠡᠷᠦᠬᠡ︾᠂ ︽ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰᠵᠢᠯᠳᠠ ᠶᠢᠨ ᠬᠤᠯᠪᠣᠭᠠᠲᠤ ᠴᠣᠭᠴᠠ — ᠡᠵᠡᠨ᠎ᠡ ᠶᠢᠨ ᠪᠠᠶᠠᠨᠳᠣᠣᠷᠡᠢ ᠰᠣᠮᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠬᠤᠯᠪᠣᠭᠠᠲᠤ ᠴᠣᠭᠴᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠵᠢᠵᠢᠭ ᠰᠣᠶᠣᠯ ᠤᠨ ᠠᠵᠤ ᠠᠬᠤᠶᠢᠯᠠᠯ︾᠂ ︽ᠵᠢᠭᠤᠯᠴᠢᠯᠠᠯ ᠤᠨ ᠠᠵᠢᠯ ᠤᠨ ᠲᠡᠷᠢᠭᠦᠨ ᠤ ᠬᠤᠪᠢ ᠬᠥᠮᠦᠨ︾ ᠵᠡᠷᠭᠡ ᠣᠯᠠᠨ ᠵᠦᠢᠯ ᠤᠨ ᠬᠠᠮᠲᠤ ᠨᠢᠭᠡᠴᠢ ᠵᠢᠴᠢ ᠬᠤᠪᠢ ᠬᠥᠮᠦᠨ ᠤ ᠢᠷᠠᠭᠤ ᠠᠯᠳᠠᠷ ᠤᠨ ᠴᠣᠯᠠ ᠶᠢ ᠭᠥᠷᠳᠡᠵᠦ ᠶᠠᠪᠣᠭᠰᠠᠨ ᠦᠨᠳᠣᠰᠣ ᠡᠵᠡᠨ᠎ᠡ ᠨᠣᠳᠤᠭ ᠲᠠᠭᠠᠨ ᠪᠣᠴᠠᠵᠣ ᠢᠷᠡᠨ ᠣᠶᠢᠯᠡᠰ ᠪᠣᠰᠬᠠᠨ᠂ ᠰᠢᠨ᠎ᠡ ᠦᠶ᠎ᠡ ᠶᠢᠨ ᠵᠠᠯᠠᠭᠤᠴᠣᠳ ᠤᠨ ᠳᠣᠮᠳᠠ ᠬᠦᠰᠡᠯᠡᠩ ᠲᠠᠢ᠂ ᠴᠢᠳᠠᠪᠣᠷᠢ ᠲᠠᠢ᠂ ᠠᠤᠭ᠎ᠠ ᠵᠣᠷᠢᠭ ᠢ ᠡᠪᠣᠷᠯᠠᠨ ᠮᠠᠯᠴᠢᠨ ᠳᠠᠷᠢᠶᠠᠴᠢᠨ ᠢᠶᠠᠨ ᠳᠠᠭᠠᠭᠤᠯᠣᠨ ᠣᠷᠣᠯᠭ᠎ᠠ ᠡᠬᠦᠳᠴᠣ᠂ ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠬᠠᠷᠠᠭᠤᠯᠵᠣ ᠶᠠᠪᠣᠨ᠎ᠠ᠃ ᠨᠣᠳᠤᠭ ᠤᠨ ᠠᠷᠠᠳ ᠳᠦᠮᠡᠨ ᠤ ᠠᠤᠭ᠎ᠠ ᠣᠶᠢᠯᠡᠰ ᠲᠤ ᠰᠢᠨ᠎ᠡ ᠬᠦᠴᠦᠨ ᠰᠡᠯᠪᠢᠵᠣ ᠰᠢᠨ᠎ᠡ ᠰᠡᠳᠬᠢᠬᠦᠢ ᠨᠡᠮᠡᠷᠢᠯᠡᠨ ᠰᠢᠨ᠎ᠡ ᠬᠦᠭᠵᠢᠯᠳᠡ ᠶᠢᠨ ᠠᠶᠠᠨ ᠤ ᠵᠢᠯᠣᠭᠤ ᠶᠢ ᠵᠠᠯᠠᠵᠣ ᠶᠠᠪᠣᠭ᠎ᠠ ᠵᠠᠯᠠᠭᠤ ᠨᠢᠭᠡ ᠦᠶ᠎ᠡ ᠶᠢᠨ ᠬᠢᠨ ᠤ ᠦᠩᠭᠡ ᠬᠢᠯᠪᠠᠭ᠎ᠠ ᠨᠡᠩ ᠬᠤᠷᠴᠠ ᠪᠠᠶᠢᠨᠠᠮ᠃     ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠣᠨ ᠳᠤ ᠨᠤᠳᠤᠭᠳᠠᠢ ᠦᠨᠳᠤᠰᠤ ᠠᠯᠢ ᠡᠷᠳᠡ ᠤᠶᠤᠳᠠᠨ ᠠᠬᠤᠢ ᠴᠠᠭ ᠠᠴᠠ ᠪᠠᠨ ᠳᠠᠷᠤᠢ ᠠᠷᠠᠯᠵᠢᠶ᠎ᠡ ᠮᠠᠶᠢᠮᠠᠢ ᠶᠢᠨ ᠤᠷᠤᠯᠳᠤᠯᠭ᠎ᠠ ᠪᠠᠨ ᠡᠬᠢᠯᠡᠬᠦᠯᠦᠭᠰᠡᠨ ᠪᠦᠬᠡᠳ ᠤᠯᠵᠠ ᠤᠮᠤᠭ ᠲᠤᠮᠳᠠᠭᠤᠷ ᠦᠬᠡᠢ ᠶᠠᠪᠤᠬᠰᠠᠨ ᠪᠤᠯᠬᠤᠷ ᠤᠷᠮ᠎ᠠ ᠨᠢ ᠤᠯᠠᠮ ᠬᠦᠪᠴᠢᠯᠡᠭᠳᠡᠵᠤ ᠦᠢᠯᠡᠰ ᠪᠣᠰᠬᠠᠬᠤ ᠬᠠᠷᠭᠤᠢ ᠪᠠᠷ ᠵᠤᠷᠢᠬᠯᠠᠨ ᠵᠠᠮᠨᠠᠬᠰᠠᠨ ᠠᠵᠢ᠃ 2008 ᠣᠨ ᠳᠤ᠂ ᠦᠨᠳᠣᠰᠣ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠬᠤ ᠳᠠᠭᠠᠨ ᠬᠢᠲᠠᠳ ᠬᠡᠯᠡ ᠤᠳᠬ᠎ᠠ ᠵᠣᠬᠢᠶᠠᠯ᠂ ᠰᠣᠶᠣᠯ ᠤᠨ ᠠᠵᠤ ᠦᠢᠯᠡᠰ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢ ᠰᠤᠷᠤᠯᠴᠠᠭᠰᠠᠨ ᠢᠶᠠᠷ ᠪᠠᠷᠠᠬᠤ ᠦᠭᠡᠢ ᠪᠠᠰᠠ ᠰᠤᠷᠭᠠᠭᠤᠯᠢ ᠶᠢᠨ ᠬᠦᠳᠡᠯᠭᠡᠭᠡᠨ ᠳᠤ ᠢᠳᠡᠪᠬᠢᠲᠡᠢ ᠣᠷᠣᠯᠴᠠᠭᠰᠠᠨ ᠪᠥᠭᠡᠳ ᠤᠯᠠᠨ ᠢᠷᠠᠭᠤ ᠠᠯᠳᠠᠷ ᠤᠨ ᠦᠨᠡᠮᠯᠡᠯ ᠢ ᠣᠯᠵᠠᠢ᠃ ᠰᠣᠷᠭᠠᠭᠤᠯᠢ ᠳᠤ ᠳᠡᠷᠡ ᠰᠣᠷᠣᠯᠴᠠᠯᠭ᠎ᠠ ᠪᠠ ᠦᠢᠯᠡᠳᠦᠯᠭᠡ ᠪᠠᠨ ᠠᠳᠠᠯᠢ ᠴᠢᠬᠤᠯᠠ ᠪᠠᠷ ᠦᠵᠡᠨ᠂ ᠰᠣᠷᠣᠯᠭ᠎ᠠ ᠪᠠᠨ ᠠᠮᠵᠢᠯᠳᠠᠳᠠᠢ ᠳᠡᠬᠦᠰᠭᠡᠬᠦ ᠪᠠᠨ ᠪᠠᠳᠣᠯᠠᠬᠤ ᠶᠢᠨ ᠳᠠᠭᠠᠣ ᠳᠤ ᠺᠣᠮᠫᠠᠨᠢ ᠳᠤ ᠣᠴᠢᠵᠣ ᠠᠵᠢᠯᠯᠠᠨ ᠳᠡᠷᠢᠬᠢ ᠣᠬᠠᠭᠠᠨ ᠢᠶᠠᠨ ᠴᠡᠨᠡᠭᠯᠡᠨ᠂ ᠠᠷᠭ᠎ᠠ ᠳᠣᠷᠰᠢᠯᠭ᠎ᠠ ᠬᠤᠷᠠᠮᠳᠣᠭᠤᠯᠵᠣ ᠶᠠᠪᠣᠵᠡᠢ᠃    2013 ᠣᠨ ᠤ 3 ᠰᠠᠷ᠎ᠠ ᠶᠢᠨ 22 ᠤᠨ ᠡᠳᠦᠷ ᠥᠪᠥᠷ ᠮᠣᠩᠭᠤᠯ ᠤᠨ ᠮᠧᠩ ᠷᠦᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢ ᠵᠢᠩᠬᠢᠨᠢ ᠪᠠᠷ ᠪᠠᠶᠢᠭᠤᠯᠪᠠ᠃ ︽ᠨᠤᠲᠤᠭ ᠠᠴᠠ ᠮᠢᠨᠢ ᠣᠶᠢᠯᠡᠰ ᠪᠣᠰᠬᠠᠬᠤ ᠳᠤ ᠦᠭᠬᠦᠭᠰᠡᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤ ᠦᠨᠡᠭᠡᠷ ᠲᠠᠯᠠᠷᠬᠠᠵᠤ ᠪᠠᠶᠢᠨ᠎ᠠ᠂ ᠵᠢᠱᠢᠶᠡᠯᠡᠪᠡᠯ ᠵᠠᠰᠠᠭ ᠤᠨ ᠣᠷᠳᠣᠨ ᠠᠴᠠ ᠪᠠᠳᠣᠯᠠᠭ᠎ᠠ ᠬᠢᠵᠦ ᠵᠢᠭᠡᠯᠡᠯᠭᠡ ᠶᠢᠨ ᠬᠦᠦ ᠮᠥᠩᠭᠦ ᠠᠴᠠ ᠭᠡᠯᠳᠦᠷᠢᠭᠦᠯᠬᠦ ᠶᠢ ᠳᠡᠳᠬᠦᠨ ᠳᠡᠮᠵᠢᠵᠣ᠂ ᠬᠡᠷᠪᠡ ᠰᠠᠶᠢᠨ ᠲᠥᠷᠥᠯ ᠵᠦᠢᠯ ᠪᠠᠶᠢᠪᠠᠯ ᠡᠷᠬᠡ ᠲᠡᠭᠰᠢ ᠲᠥᠪ ᠭᠤᠤᠯᠴᠢ ᠪᠠᠶᠢᠳᠠᠯ ᠳᠤᠤᠷ᠎ᠠ ᠬᠠᠮᠤᠭ ᠤᠨ ᠰᠠᠶᠢᠨ ᠬᠢᠵᠣ ᠳᠡᠶᠢᠯᠬᠦ ᠲᠣᠰ ᠭᠠᠵᠠᠷ ᠣᠷᠣᠨ ᠤ ᠵᠠᠯᠠᠭᠤ ᠠᠳᠠᠯ ᠣᠶᠢᠯᠡᠰ ᠪᠣᠰᠬᠠᠭᠴᠢ ᠶᠢ ᠤᠷᠢᠳ ᠢᠶᠠᠷ ᠪᠣᠳᠣᠯᠬᠢᠯᠠᠳᠠᠭ᠃ ᠮᠢᠨᠣ ᠦᠢᠯᠡᠰ ᠪᠤᠰᠬᠠᠬᠤ ᠤᠭ ᠰᠠᠨᠠᠭ᠎ᠠ ᠪᠣᠯ ᠳᠠᠷᠤᠢ ᠦᠨᠳᠦᠰᠦᠲᠡᠨ ᠤ ᠰᠣᠶᠣᠯ ᠢᠶᠠᠨ ᠤᠳᠤ ᠦᠶ᠎ᠡ ᠶᠢᠨ ᠰᠢᠨᠵᠢᠯᠡᠬᠦ ᠣᠬᠠᠭᠠᠨᠴᠢ ᠮᠡᠷᠭᠡᠵᠢᠯ ᠤᠨ ᠮᠡᠳᠡᠭᠡ ᠵᠠᠩᠭᠢᠵᠢᠯᠲᠠ ᠲᠠᠢ ᠠᠮᠵᠢᠯᠲᠠ ᠲᠠᠢ ᠤᠶᠠᠯᠳᠤᠭᠤᠯᠵᠤ᠂ ᠦᠨᠳᠦᠰᠦᠲᠡᠨ ᠤ ᠰᠣᠶᠣᠯ ᠢᠶᠠᠨ ᠣᠯᠠᠨ ᠳᠠᠶᠠᠭᠠᠷ ᠲᠤ ᠮᠡᠳᠡᠬᠦᠯᠵᠣ᠂ ᠣᠶᠢᠯᠠᠭᠠᠭᠤᠯᠵᠣ ᠶᠠᠪᠣᠨ᠎ᠠ︾ ᠭᠡᠵᠦ ᠦᠨᠳᠦᠰᠣ ᠰᠡᠳᠬᠢᠯ ᠳᠣᠭᠳᠣᠯᠤᠨ ᠶᠠᠷᠢᠪᠠ᠃     ᠦᠨᠳᠣᠰᠣ ᠰᠤᠷᠪᠤᠯᠵᠢᠯᠠᠭᠴᠢ ᠳᠤ ᠨᠤᠲᠤᠭ ᠤᠨ ᠠᠷᠠᠳ ᠣᠯᠠᠨ ᠤ ᠪᠠᠨ ᠳᠡᠮᠵᠢᠯᠭᠡ ᠪᠣᠯᠤᠨ ᠬᠠᠮᠵᠢᠯᠴᠠᠭ᠎ᠠ ᠪᠠᠷ ᠺᠣᠮᠫᠠᠨᠢ ᠨᠢ ᠠᠯᠬᠤᠮ ᠠᠯᠬᠤᠮ ᠢᠶᠠᠷ ᠲᠣᠭᠲᠠᠭᠤᠨ ᠬᠤᠭᠤᠴᠠᠭᠠᠨ ᠳᠤ ᠣᠷᠣᠵᠡᠢ ᠭᠡᠪᠡ᠃ ᠳᠡᠷᠡᠪᠡᠷ ᠤᠢᠢᠷ᠎ᠠ ᠶᠢᠨ ᠵᠢᠯ ᠳᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠲᠤᠬᠠᠢ ᠲᠠᠰᠤᠷᠠᠯᠳᠡ ᠦᠭᠡᠢ ᠵᠠᠳᠠᠯᠤᠯᠲᠠ ᠬᠢᠭᠰᠡᠨ ᠪᠠ ᠦᠨᠳᠦᠰᠦᠲᠡᠨ ᠤ ᠰᠣᠶᠣᠯ ᠤᠨ ᠭᠦᠨᠵᠡᠭᠡᠢ ᠰᠤᠳᠤᠯᠤᠯᠲᠠ ᠪᠠᠷ ᠳᠠᠮᠵᠢᠨ᠂ ᠡᠵᠡᠩᠨᠡᠯᠲᠡ ᠶᠢᠨ ᠬᠦᠷᠢᠶ᠎ᠡ ᠭᠡᠪᠴᠢᠶᠡᠨ ᠳᠤ ᠬᠠᠰᠤᠯᠲᠠ ᠪᠠ ᠨᠡᠮᠡᠯᠲᠡ ᠬᠢᠵᠦ᠂ ᠨᠤᠲᠤᠭ ᠤᠨ ᠢᠶᠠᠨ ᠣᠨᠴᠠᠯᠢᠭ ᠲᠠᠢ ᠦᠨᠳᠦᠰᠦᠲᠡᠨ ᠤ ᠵᠠᠩ ᠦᠢᠯᠡ ᠶᠢᠨ ᠰᠣᠶᠣᠯ ᠢ ᠬᠥᠮᠦᠰ ᠤᠨ ᠬᠠᠷᠠᠭᠠᠨ ᠳᠤ ᠳᠣᠳᠣᠷᠠᠭᠤᠯᠣᠨ᠂ ᠠᠵᠠ ᠪᠠᠷ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠬᠦᠵᠡᠢ᠃ ᠳᠡᠷᠡᠪᠡᠷ ᠦᠪᠡᠷ ᠢᠶᠠᠨ ᠴᠦ ᠬᠥᠬᠡᠬᠤᠲᠠ ᠶᠢᠨ ᠵᠠᠯᠠᠭᠤ ᠠᠵᠤ ᠠᠬᠤᠶᠢᠯᠠᠯᠲᠠᠳ ᠤᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ ᠪᠤᠯᠵᠤ᠂ ᠬᠦᠰᠡᠯ ᠨᠢᠭᠡᠳᠡᠢ ᠠᠵᠤ ᠠᠬᠤᠶᠢᠯᠠᠯᠲᠠᠳ ᠲᠠᠢ ᠬᠠᠮᠲᠤ ᠪᠠᠷ ᠬᠥᠭᠵᠢᠯᠲᠡ ᠪᠠ ᠲᠠᠪᠰᠢᠯᠳᠠ ᠪᠠᠨ ᠰᠤᠳᠤᠯᠤᠨ ᠶᠠᠷᠢᠯᠴᠠᠵᠤ᠂ ᠬᠤᠪᠢ ᠬᠥᠮᠦᠨ ᠤ ᠪᠣᠳᠠᠲᠤ ᠬᠦᠴᠦᠨ ᠪᠠ ᠪᠠᠶᠢᠷᠢᠰᠢᠯ ᠢᠶᠠᠨ ᠳᠡᠭᠡᠭᠰᠢᠯᠡᠭᠦᠯᠵᠦ᠂ ᠺᠣᠮᠫᠠᠨᠢ ᠶᠢᠨ ᠬᠥᠭᠵᠢᠯᠲᠡ ᠳᠤ ᠬᠠᠮᠤᠭ ᠤᠨ ᠪᠠᠲᠤ ᠪᠠᠬᠢ ᠰᠠᠭᠤᠷᠢ ᠬᠠᠩᠭᠠᠵᠠᠢ᠃ ᠨᠤᠲᠤᠭ ᠣᠷᠣᠨ ᠤ ᠪᠠᠨ ᠦᠨᠳᠦᠰᠦᠲᠡᠨ ᠤ ᠵᠠᠩ ᠦᠢᠯᠡ ᠶᠢᠨ ᠰᠣᠶᠣᠯ ᠢ ᠤᠳᠠᠭᠠᠨ ᠵᠢᠯ ᠢᠶᠠᠷ ᠠᠭᠤᠳᠠᠯᠠᠨ᠂ ᠨᠤᠲᠤᠭ ᠤᠨ ᠢᠶᠠᠨ ᠰᠣᠶᠣᠯ ᠤᠨ ᠲᠤᠬᠠᠢ ᠰᠡᠳᠬᠢᠯ ᠵᠢᠷᠦᠬᠡᠨ ᠳᠡᠭᠡᠨ ᠬᠠᠳᠠᠭᠠᠯᠠᠭᠰᠠᠨ ᠵᠦᠢᠯ ᠤᠳ ᠢᠶᠠᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠳᠡᠭᠡᠷ᠎ᠡ ᠪᠠᠨ ᠬᠦᠢᠴᠡᠳ ᠢᠯᠡᠷᠡᠬᠦᠯᠣᠨ᠂ ︽ᠰᠠᠭᠤᠭᠳᠠᠯ ᠡᠵᠡᠨ᠎ᠡ︾ ᠰᠢᠷᠢᠰ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠠᠮᠵᠢᠯᠲᠠ ᠲᠠᠢ ᠡᠭᠦᠳᠴᠦ᠂ ︽ᠡᠵᠡᠨ᠎ᠡ ᠶᠢᠨ ᠶᠣᠰᠣ︾ ᠵᠢᠴᠢ ︽ᠡᠯᠡᠰᠣ ᠮᠠᠩᠬᠠᠨ ᠤ ᠤᠷᠲᠤ ᠶᠢᠨ ᠳᠠᠭᠤᠤ︾ ᠭᠡᠬᠦ ᠬᠤᠶᠠᠷ ᠶᠡᠭᠡ ᠭᠤᠣᠯ ᠰᠡᠳᠦᠪ ᠬᠤᠪᠢᠶᠠᠨ ᠡᠵᠡᠨ᠎ᠡ ᠶᠢᠨ ᠷᠢᠳᠢ ᠰᠢᠳᠢ ᠶᠢ ᠵᠤᠭᠠᠴᠠᠭᠰᠠᠳ ᠤᠨ ᠨᠢᠳᠦᠨ ᠡᠮᠦᠨ᠎ᠡ ᠢᠯᠡᠷᠡᠬᠦᠯᠦᠭᠰᠡᠨ ᠪᠠᠶᠢᠨ᠎ᠠ᠃     2016 ᠣᠨ ᠳᠤ᠂ ᠡᠵᠡᠨ᠎ᠡ ᠬᠤᠰᠢᠭᠤᠨ ᠤ ᠮᠧᠩ ᠷᠥᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠵᠢᠩᠬᠢᠨᠢ ᠪᠠᠷ ᠪᠠᠶᠢᠭᠤᠯᠤᠭᠳᠠᠵᠤ᠂ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠪᠠ ᠵᠣᠷᠢᠭᠵᠢᠭᠤᠯᠤᠯ ᠳᠣᠣᠷ᠎ᠠ᠂ ᠳᠡᠷᠡᠪᠡᠷ ᠮᠠᠯᠴᠢᠨ ᠲᠠᠷᠢᠶᠠᠴᠢᠨ ᠲᠠᠢ ᠬᠠᠮᠲᠤ ᠪᠠᠷ ︿ᠵᠤᠭᠠᠴᠠᠯ +﹀ ᠪᠠᠷ ᠵᠢᠯᠣᠭᠤᠳᠤᠮᠵᠢ ᠪᠣᠯᠭᠠᠵᠤ᠂ ᠭᠠᠴᠠᠭᠠᠨ ᠤ ᠵᠤᠭᠠᠴᠠᠯ ᠤᠨ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠨ᠂ ᠲᠣᠷᠭᠤᠳ ᠤᠨ ᠤᠨᠴᠠᠯᠢᠬᠳᠤ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠲᠠᠢ ᠤᠶᠠᠯᠳᠤᠭᠤᠯᠤᠨ᠂ ᠣᠯᠠᠮᠵᠢᠯᠠᠯᠳᠣ ᠢᠳᠡᠭᠡᠨ ᠤᠮᠳᠠᠭᠠᠨ᠂ ᠬᠦᠳᠡᠭᠡ ᠳᠣᠰᠬᠤᠨ ᠤ ᠠᠷᠠᠳ ᠤᠨ ᠣᠷᠣᠨ ᠰᠠᠭᠤᠴᠠ᠂ ᠵᠤᠭ᠎ᠠ ᠴᠡᠩᠭᠡᠯ᠂ ᠴᠣᠭᠯᠠᠭ᠎ᠠ ᠮᠠᠶᠢᠮᠠᠢ᠂ ᠰᠣᠶᠣᠯ ᠤᠨ ᠡᠭᠦᠳᠦᠯᠲᠡ ᠵᠡᠷᠭᠡ ᠶᠢ ᠨᠢᠭᠡ ᠴᠤᠬᠴᠠᠵᠢᠭᠤᠯᠵᠤ᠂ ︽ᠳᠣᠷᠣᠨᠠᠰᠢ ᠪᠣᠴᠠᠭᠰᠠᠨ ᠳᠣᠮᠣᠭᠳᠣ ᠣᠷᠣᠨ︾ — ᠲᠣᠷᠭᠤᠳ ᠠᠷᠠᠳ ᠤᠨ ᠵᠠᠩ ᠦᠢᠯᠡ ᠶᠢᠨ ᠰᠣᠶᠣᠯ ᠤᠨ ᠬᠦᠷᠢᠶᠡᠯᠡᠩ ᠢ ᠠᠮᠵᠢᠯᠲᠠ ᠲᠠᠢ ᠪᠠᠶᠢᠭᠤᠯᠪᠠ᠃ ᠦᠨᠳᠣᠰᠣ ᠪᠣᠳᠠᠳᠣ ᠡᠵᠡᠩᠨᠡᠯᠳᠠ ᠳᠤᠮᠳᠠ ᠪᠠᠨ ᠵᠢᠭᠤᠯᠴᠢᠯᠠᠯ ᠤᠨ ᠦᠢᠯᠡᠴᠢᠯᠡᠭᠡᠨ ᠤ ᠣᠶᠢᠯᠠᠭᠠᠭᠳᠠᠬᠤᠨ ᠪᠠ ᠬᠥᠭᠵᠢᠯᠲᠡ ᠶᠢᠨ ᠰᠡᠳᠬᠢᠴᠡ ᠪᠠᠨ ᠰᠢᠨᠡᠳᠬᠡᠨ᠂ ᠲᠣᠣᠷᠠᠢ ᠶᠢᠨ ᠣᠢ ᠶᠢᠨ ᠦᠵᠡᠮᠵᠢ᠂ ᠲᠣᠷᠭᠤᠳ ᠤᠨ ᠰᠣᠶᠣᠯ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠶᠢ ᠨᠢᠭᠡ ᠴᠤᠭᠴᠠᠵᠢᠭᠤᠯᠤᠭᠰᠠᠨ ᠬᠦᠷᠢᠶᠡᠯᠡᠩ ᠢ ᠪᠠᠶᠢᠭᠤᠯᠵᠣ᠂ ᠵᠢᠭᠤᠯᠴᠢᠯᠠᠯ ᠬᠢᠭᠡᠳ ᠰᠣᠶᠣᠯ᠂ ᠲᠠᠷᠢᠶᠠᠯᠠᠩ ᠮᠠᠯ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠴᠢᠬᠤᠯᠠᠴᠢᠯᠠᠨ ᠺᠣᠮᠫᠠᠨᠢ᠂ ᠭᠠᠴᠠᠭ᠎ᠠ᠂ ᠮᠠᠯᠴᠢᠨ ᠲᠠᠷᠢᠶᠠᠴᠢᠨ ᠬᠠᠮᠲᠤᠪᠠᠷ ᠠᠰᠢᠭ ᠬᠦᠷᠳᠡᠬᠦ ᠶᠢ ᠪᠠᠶᠠᠯᠡᠬᠦᠯᠵᠣ᠂ ᠵᠢᠷᠭᠠᠯᠠᠩᠲᠤ ᠭᠠᠴᠠᠭᠠᠨ ᠳᠤ ᠪᠠᠶᠢᠭᠤᠯᠤᠭᠰᠠᠨ ᠡᠵᠡᠨ᠎ᠡ ᠲᠣᠷᠭᠤᠳ ᠤᠨ ᠠᠷᠪᠠᠨ ᠭᠤᠷᠪᠠᠨ ᠣᠳᠣᠮ ᠤᠨ ᠲᠡᠤᠬᠡ᠂ ᠨᠡᠭᠦᠳᠡᠯ ᠰᠣᠶᠣᠯ ᠤᠨ ᠮᠦᠽᠧᠶ᠂ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠣᠷᠣᠨ ᠢᠶᠠᠷ ᠭᠤᠤᠯ ᠪᠣᠯᠭᠠᠭᠰᠠᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠤᠳᠤᠯᠭᠠᠨ ᠤ ᠰᠠᠭᠤᠷᠢᠨ ᠭᠠᠵᠠᠷ ᠢᠶᠠᠷ ᠳᠦᠰᠢᠭ ᠪᠣᠯᠭᠠᠨ᠂ ᠲᠣᠣᠷᠠᠢ ᠶᠢᠨ ᠵᠤᠭᠠᠴᠠᠯ᠂ ᠭᠠᠷᠠᠭ ᠤᠨ ᠰᠡᠭᠦᠯᠴᠢ ᠶᠢᠨ ᠰᠡᠯᠡᠭᠦᠴᠡᠨ ᠵᠤᠭᠠᠴᠠᠬᠤ ᠪᠠ ᠴᠤᠭᠯᠠᠭ᠎ᠠ ᠮᠠᠶᠢᠮᠠᠶ ᠶᠢᠨ ᠴᠠᠭ ᠲᠣᠬᠢᠶᠠᠯ ᠢ ᠠᠰᠢᠭᠯᠠᠨ ᠵᠢᠭᠤᠯᠴᠢᠯᠠᠯ ᠢᠶᠠᠷ ᠳᠠᠮᠵᠢᠨ ᠲᠣᠷᠭᠤᠳ ᠤᠨ ᠰᠣᠶᠣᠯ ᠤᠨ ᠰᠤᠳᠤᠯᠭᠠᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠰᠣᠳᠣᠯᠣᠨ ᠨᠡᠭᠡᠭᠡᠬᠦ ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ᠂ ᠣᠯᠠᠮᠵᠢᠯᠠᠯᠳᠣ ᠴᠠᠭᠠᠨ ᠢᠳᠡᠭᠡᠨ ᠤ ᠪᠡᠶ᠎ᠡ ᠰᠣᠪᠢᠯᠠᠯᠳᠠ ᠵᠡᠷᠭᠡ ᠶᠢ ᠳᠠᠶᠢᠴᠢᠯᠠᠵᠣ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠠᠵᠤ ᠣᠶᠢᠯᠡᠰ ᠤᠨ ᠬᠡᠯᠬᠢᠶ᠎ᠡ ᠶᠢ ᠤᠷᠳᠤᠳᠬᠠᠬᠤ᠂ ᠨᠡᠮᠡᠯᠲᠡ ᠥᠷᠲᠡᠭ ᠢ ᠳᠡᠭᠡᠭᠰᠢᠯᠡᠭᠦᠯᠬᠦ᠂ ᠨᠢᠭᠡᠳᠦᠭᠡᠷ ᠭᠤᠷᠪᠠᠳᠤᠭᠠᠷ ᠠᠵᠤ ᠣᠶᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠤᠳᠤᠯᠤᠨ ᠶᠠᠷᠢᠯᠴᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠪᠠᠷ ᠵᠣᠷᠢᠵᠣ ᠶᠠᠪᠣᠨ᠎ᠠ ᠠᠵᠢ᠃ ᠣᠳᠣ ᠳᠡᠷᠡ ᠦᠵᠡᠮᠵᠢ ᠶᠢᠨ ᠣᠷᠣᠨ ᠢᠶᠠᠨ ᠪᠠᠶᠢᠭᠤᠯᠵᠣ᠂ ᠰᠣᠶᠣᠯ ᠤᠨ ᠡᠭᠦᠳᠦᠯᠲᠡ ᠶᠢ ᠲᠠᠰᠤᠷᠠᠯᠲᠠ ᠥᠬᠡᠶ ᠡᠷᠬᠢᠮᠯᠡᠨ᠂ ᠰᠢᠨ᠎ᠡ ᠵᠠᠭᠤᠴᠢᠯᠠᠭᠤᠷ᠂ ᠢᠨᠲ᠋ᠧᠷ ᠰᠦᠯᠵᠢᠶ᠎ᠡ ᠵᠡᠷᠭᠡ ᠰᠢᠨ᠎ᠡ ᠪᠠᠷ ᠬᠥᠭᠵᠢᠭᠰᠡᠨ ᠠᠵᠢᠯ ᠲᠥᠷᠥᠯ ᠢᠶᠠᠷ ᠳᠠᠮᠵᠢᠭᠤᠯᠤᠨ ᠡᠬᠢ ᠪᠠᠶᠠᠯᠢᠭ ᠢ ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠪᠠᠨ ᠪᠦᠷᠢᠨ ᠬᠦᠢᠴᠡᠳ ᠬᠢᠵᠦ᠂ ᠨᠣᠳᠤᠭ ᠤᠨ ᠢᠶᠠᠨ ᠣᠨᠴᠠᠯᠢᠭ ᠪᠥᠬᠦᠶ ᠨᠠᠷᠠᠲᠤ ᠲᠡᠮᠳᠡᠭ ᠢ ᠪᠣᠶ ᠪᠣᠯᠭᠠᠬᠤ ᠪᠠᠷ ᠴᠢᠷᠮᠠᠶᠢᠨ᠎ᠠ᠃    ᠦᠪᠡᠷᠮᠢᠴᠡ ᠤᠨᠴᠠᠯᠢᠭ ᠰᠢᠨᠵᠢ᠂ ᠪᠠᠶᠠᠯᠢᠭ ᠠᠭᠤᠯᠭ᠎ᠠ ᠵᠠᠨᠠᠷ᠂ ᠲᠤᠭᠤᠰᠢᠳᠠᠢ ᠠᠷᠭ᠎ᠠ ᠠᠪᠴᠠᠯ ᠨᠢ ᠦᠨᠳᠤᠰᠤ ᠶᠢᠨ ᠰᠤᠶᠤᠯ ᠵᠤᠭᠠᠴᠠᠯ ᠤᠨ ᠳᠤᠬᠠᠢ ᠰᠡᠳᠬᠢᠴᠡ ᠪᠤᠳᠤᠯᠭ᠎ᠠ᠂ ᠬᠡᠪ ᠵᠠᠬᠪᠤᠷ ᠨᠢ ᠶᠠᠪᠤᠭᠤᠷᠢᠳᠠᠢ ᠭᠡᠳᠡᠭ ᠢ ᠭᠡᠷᠡᠴᠢᠯᠡᠵᠤ᠂ 2017 ᠣᠨ ᠳᠤ ︽ᠳᠣᠷᠣᠨᠠᠰᠢ ᠪᠣᠴᠠᠭᠰᠠᠨ ᠳᠣᠮᠣᠭᠳᠣ ᠣᠷᠣᠨ︾ — ᠲᠣᠷᠭᠤᠳ ᠵᠠᠩ ᠦᠢᠯᠡ ᠶᠢᠨ ᠰᠣᠶᠣᠯ ᠤᠨ ᠬᠦᠷᠢᠶᠡᠯᠡᠩ ᠢ ᠦᠪᠡᠷᠳᠡᠭᠡᠨ ᠵᠠᠰᠠᠬᠤ ᠣᠷᠣᠨ ᠠᠴᠠ ᠲᠦᠷᠪᠡᠨ ᠤᠳᠤᠨ ᠲᠡᠰ ᠤᠨ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠴᠡᠭ ᠢᠶᠠᠷ ᠦᠨᠡᠯᠡᠨ ᠲᠣᠭᠲᠠᠭᠠᠵᠤ᠂ 2018 ᠣᠨ ᠳᠤ ᠥᠪᠡᠷᠲᠡᠭᠡᠨ ᠵᠠᠰᠠᠬᠤ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠵᠢᠴᠢ ᠬᠥᠳᠡᠭᠡ ᠲᠣᠰᠬᠤᠨ ᠮᠠᠯᠵᠢᠬᠤ ᠣᠷᠣᠨ ᠤ ᠲᠠᠪᠤᠨ ᠤᠳᠤᠨ ᠲᠡᠰ ᠤᠨ ᠵᠤᠭᠠᠴᠠᠯ ᠤᠨ ᠬᠦᠯᠢᠶᠡᠨ ᠠᠪᠬᠤ ᠡᠷᠦᠬᠡ ᠪᠠᠷ ᠦᠨᠡᠯᠡᠭᠳᠡᠪᠡ᠃ ᠤᠳᠤ ᠡᠵᠡᠨ᠎ᠡ ᠬᠤᠰᠢᠭᠤᠨ ᠤ ᠮᠧᠩ ᠷᠦᠩ ᠰᠣᠶᠣᠯ ᠤᠨ ᠬᠦᠭᠵᠢᠯᠳᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠨᠢ ᠠᠶᠢᠮᠠᠭ ᠤᠨ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠬᠤᠯᠪᠣᠭᠠᠲᠤ ᠴᠣᠭᠴᠠ — ᠡᠵᠡᠨ᠎ᠡ ᠬᠤᠰᠢᠭᠤᠨ ᠤ ᠪᠠᠶᠠᠨᠳᠣᠣᠷᠡᠢ ᠰᠣᠮᠣᠨ ᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠠ ᠶᠢᠨ ᠬᠤᠯᠪᠣᠭᠠᠲᠤ ᠴᠣᠭᠴᠠ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠪᠠᠶᠢᠨ᠎ᠠ᠃ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠵᠢᠵᠢᠭ ᠰᠣᠶᠣᠯ ᠤᠨ ᠠᠵᠤ ᠠᠬᠤᠶᠢᠯᠠᠯ︾ ᠢᠶᠠᠷ ᠲᠣᠭᠳᠠᠭᠠᠭᠳᠠᠪᠠ᠃    ᠮᠧᠩ ᠷᠦᠩ ᠰᠣᠶᠣᠯ ᠤᠨ ᠬᠦᠭᠵᠢᠯᠳᠡ ᠶᠢᠨ ᠬᠢᠵᠠᠭᠠᠷᠲᠤ ᠬᠠᠷᠢᠭᠤᠴᠠᠯᠭᠠᠳᠣ ᠺᠣᠮᠫᠠᠨᠢ ᠶᠢᠨ ᠢᠡᠭᠭᠡᠨ ᠰᠦᠨ ᠲᠠᠯᠬ᠎ᠠ ᠦᠢᠯᠡᠳᠬᠦ ᠣᠶᠢᠯᠡᠰ ᠨᠢ ᠡᠵᠡᠨ᠎ᠡ ᠬᠤᠰᠢᠭᠤᠨ ᠤ ᠲᠠᠪᠤᠨ ᠰᠤᠮᠤ ᠪᠠᠯᠭᠠᠰᠤᠨ ᠤ ᠲᠡᠮᠡᠭᠡ ᠲᠡᠵᠢᠭᠡᠨ ᠦᠷᠡᠵᠢᠭᠦᠯᠬᠦ ᠡᠷᠦᠬᠡ ᠶᠢᠨ ᠢᠡᠭᠭᠡᠨ ᠰᠦ ᠶᠢ ᠲᠣᠭᠲᠠᠭᠰᠠᠨ ᠴᠡᠭ ᠲᠤ ᠬᠠᠩᠭᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 40000 ᠲᠥᠭᠦᠷᠢᠭ ᠠᠴᠠ ᠳᠡᠭᠡᠭᠰᠢ ᠪᠠᠶᠢᠵᠤ᠂ ᠵᠢᠭᠤᠯᠴᠢᠯᠠᠯ ᠤᠨ ᠲᠠᠯ᠎ᠠ ᠪᠠᠷ 94 ᠮᠠᠯᠴᠢᠨ ᠲᠠᠷᠢᠶᠠᠴᠢᠨ ᠢ ᠳᠠᠶᠢᠴᠢᠯᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 28000 ᠲᠥᠭᠦᠷᠢᠭ ᠲᠤ ᠬᠦᠷᠴᠡᠶ᠃ ᠳᠡᠶᠢᠨᠬᠦ ᠦᠨᠳᠦᠰᠣ ᠡᠵᠡᠨ᠎ᠡ ᠬᠤᠰᠢᠭᠤᠨ ᠤ ᠵᠤᠭᠠᠴᠠᠯ ᠤᠨ ᠠᠵᠢᠯ ᠤᠨ ᠰᠣᠶᠣᠯ ᠤᠨ ᠠᠵᠤ ᠠᠬᠤᠶᠢᠯᠠᠯ ᠤᠨ ᠲᠡᠷᠢᠭᠦᠨ ᠤ ᠬᠤᠪᠢ ᠬᠥᠮᠦᠨ ᠪᠤᠯᠵᠤ᠂ ᠳᠡᠷᠡᠪᠡᠷ ᠠᠵᠢᠯ ᠤᠨ ᠢᠶᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠠᠵᠢᠯ ᠲᠦᠷᠦᠯ ᠤᠨ ᠬᠠᠨᠳᠤᠰᠢ ᠪᠠᠨ ᠴᠠᠭ ᠢᠮᠠᠭᠲᠠ ᠠᠩᠬᠠᠷᠴᠤ᠂ ᠬᠥᠭᠵᠢᠯᠲᠡ ᠶᠢᠨ ᠴᠢᠭᠯᠡᠯ ᠢᠶᠠᠨ ᠢᠳᠡᠪᠬᠢᠲᠡᠢ ᠲᠤᠬᠢᠷᠠᠭᠤᠯᠵᠤ᠂ ᠯᠠᠪᠳᠠᠭᠤᠨ ᠢᠶᠠᠷ ᠠᠵᠢᠯᠯᠠᠨ᠂ ᠪᠦᠬᠦ ᠰᠡᠳᠬᠢᠯ ᠪᠦᠬᠦ ᠵᠣᠷᠢᠭ ᠢᠶᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠣ ᠶᠠᠪᠣᠵᠡᠢ᠃ ︽ᠮᠠᠨ ᠤ ᠺᠣᠮᠫᠠᠨᠢ ᠶᠢᠨ ᠬᠥᠬᠡᠬᠤᠲᠠ᠂ ᠡᠵᠡᠨ᠎ᠡ ᠳᠠᠬᠢ ᠵᠢᠭᠤᠯᠴᠢᠯᠠᠯ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢᠶᠠᠨ ᠨᠢᠭᠡᠨᠲᠡ ᠪᠦᠬᠦ ᠥᠪᠥᠷ ᠮᠣᠩᠭᠤᠯ ᠵᠢᠴᠢ ᠬᠡᠰᠡᠭ ᠮᠤᠵᠢ ᠣᠷᠣᠨ ᠳᠤ ᠲᠡᠯᠭᠡᠷᠡᠬᠦᠯᠥᠨ ᠲᠠᠨᠢᠯᠴᠠᠭᠤᠯᠵᠤ᠂ ᠲᠠᠷᠠᠭᠠᠴᠢ ᠶᠢᠨ ᠠᠯᠬᠤᠮ ᠳᠤ ᠳᠦᠯᠦᠪᠯᠡᠭᠡ ᠶᠣᠰᠣᠭᠠᠷ ᠳᠡᠮᠡᠭᠡᠳᠣ ᠨᠤᠲᠤᠭ ᠤᠨ ᠢᠶᠠᠨ ᠭᠠᠵᠠᠷ ᠵᠦᠶ ᠶᠢᠨ ᠳᠠᠪᠠᠭᠤᠯᠢᠭ ᠢ ᠠᠰᠢᠭᠯᠠᠨ᠎ᠠ᠃ ᠪᠢᠳᠠ 2020 ᠣᠨ ᠳᠤ ︿ᠳᠡᠮᠡᠭᠡᠳᠣ ᠨᠣᠳᠤᠭ﹀ ᠲᠠᠸᠠᠷ ᠤᠨ ᠲᠡᠮᠳᠡᠭ ᠢ ᠬᠤᠳᠠᠯᠳᠤᠨ ᠠᠪᠴᠤ᠂ ᠡᠵᠡᠨ᠎ᠡ ᠳᠤ ᠥᠪᠥᠷ ᠮᠣᠩᠭᠤᠯ ᠤᠨ ᠳᠡᠮᠡᠭᠡᠳᠣ ᠨᠣᠳᠤᠭ ᠤᠨ ᠰᠣᠶᠣᠯ ᠤᠨ ᠠᠵᠤ ᠣᠶᠢᠯᠡᠰ ᠤᠨ ᠬᠦᠷᠢᠶᠡᠯᠡᠩ ᠢ ᠠᠰᠢᠭᠯᠠᠯᠲᠠ ᠳᠤ ᠣᠷᠣᠭᠤᠯᠣᠨ᠂ ᠡᠵᠡᠨ᠎ᠡ ᠶᠢᠨ ᠵᠢᠭᠤᠯᠴᠢᠯᠠᠯ ᠤᠨ ᠭᠤᠤᠯᠯᠠᠬᠤ ᠠᠵᠤ ᠦᠢᠯᠡᠰ ᠤᠨ ᠳᠠᠪᠠᠭᠤᠯᠢᠭ ᠲᠠᠢ ᠤᠶᠠᠯᠳᠤᠭᠤᠯᠤᠨ ᠠᠵᠤ ᠣᠶᠢᠯᠡᠳᠪᠦᠷᠢ ᠶᠢᠨ ᠵᠢᠭᠤᠯᠴᠢᠯᠠᠯ ᠤᠨ AAAA ᠲᠠᠰ ᠤᠨ ᠬᠠᠷᠠᠯᠲᠠ ᠶᠢ ᠪᠣᠶ ᠪᠣᠯᠭᠠᠵᠤ᠂ ᠠᠯᠠᠱᠠ ᠳᠤ ︿ᠳᠡᠮᠡᠭᠡᠳᠣ ᠨᠣᠳᠤᠭ﹀ ᠤᠨ ᠨᠠᠷᠠᠲᠤ ᠲᠡᠮᠳᠡᠭᠲᠦ ᠢᠡᠭᠭᠡᠨ ᠤ ᠰᠦ᠂ ᠢᠡᠭᠭᠡᠨ ᠤ ᠰᠦᠨ ᠲᠠᠯᠬ᠎ᠠ᠂ ᠲᠡᠮᠡᠭᠡᠨ ᠨᠣᠤᠯᠤᠭᠤᠷ ᠤᠨ ᠪᠦᠳᠦᠭᠡᠭᠳᠡᠬᠦᠨ ᠵᠡᠷᠭᠡ ᠶᠢ ᠪᠣᠶ ᠪᠣᠯᠭᠠᠬᠤ ᠪᠠᠷ ᠴᠢᠷᠮᠠᠶᠢᠨ᠎ᠠ︾ ᠭᠡᠵᠣ ᠦᠨᠳᠣᠰᠣ ᠵᠣᠷᠢᠭ ᠳᠡᠬᠦᠯᠳᠡᠷ ᠶᠠᠷᠢᠵᠤ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号