| | | 9 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 13 ᠤ ᠦᠳᠡ ᠶᠢᠨ ᠡᠮᠦᠨ᠎ᠡ᠂ | ᠰᠢ ᠶᠢᠨ ᠫᠢᠩ ᠤᠯᠤᠰ ᠤᠨ ᠡᠨᠧᠷᠬᠢ ᠶᠢᠨ ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠦᠢᠯᠡᠳᠪᠦᠷᠢ ᠶᠢᠨ | ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠵᠢᠯᠠᠯ ᠤᠨ ᠠᠵᠢᠯᠲᠡᠨ ᠠᠵᠢᠯᠴᠢᠨ ᠤ | ᠲᠦᠯᠦᠭᠡᠯᠡᠭᠴᠢᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | | | | | | | | | | 9 ᠰᠠᠷ᠎ᠠ ᠶᠢᠨ 13 ᠠᠴᠠ 14 ᠤ ᠡᠳᠦᠷ ᠪᠤᠯᠲᠠᠯ᠎ᠠ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠱᠠᠨᠰᠢ ᠮᠤᠵᠢ ᠶᠢᠨ ᠲᠡᠮᠡᠭᠡᠲᠤ ᠬᠤᠳᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 14 ᠤ ᠦᠳᠡ ᠶᠢᠨ ᠬᠤᠶᠢᠨ᠎ᠠ᠂ | ᠰᠢ ᠶᠢᠨ ᠫᠢᠩ ᠰᠦᠢ ᠳ᠋ᠧ ᠰᠢᠶᠠᠨ ᠤ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ ᠲᠣᠰᠬᠤᠨ ᠳᠤ | ᠰᠢᠨᠵᠢᠯᠡᠨ ᠪᠠᠶᠢᠴᠠᠭᠠᠬᠤ ᠳᠠᠭᠠᠨ ᠨᠤᠳᠤᠭ ᠤᠨ ᠠᠬ᠎ᠠ ᠲᠡᠭᠦᠤ ᠨᠠᠷ ᠲᠠᠢ ᠮᠠᠨᠳᠤᠴᠢᠯᠡᠵᠤ ᠪᠠᠶᠢᠭ᠎ᠠ ᠨᠢ᠃ | ᠰᠢᠨᠬᠤᠸᠠ ᠬᠤᠷᠢᠶᠡᠨ ᠤ ᠰᠤᠷᠪᠤᠯᠵᠢᠯᠠᠬᠴᠢ ᠰᠢᠶᠧ ᠬᠤᠸᠠᠨ ᠤᠤᠢ ᠰᠡᠬᠦᠳᠡᠷᠯᠡᠪᠡ | | | | | ᠰᠢᠨᠬᠤᠸᠠ ᠬᠤᠷᠢᠶᠠᠨ ᠤ ᠲᠡᠮᠡᠭᠡᠲᠦ ᠶᠢᠨ 9 ᠰᠠᠷ᠎ᠠ ᠶᠢᠨ 15 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠵᠢᠷ᠎ᠠ ᠶᠢᠨ ᠡᠳᠦᠷ ᠱᠠᠨᠰᠢ ᠮᠤᠵᠢ ᠶᠢᠨ ᠲᠡᠮᠡᠭᠡᠲᠦ ᠬᠤᠳᠠ ᠳᠤ ᠰᠢᠨᠵᠢᠯᠡᠨ | ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠤᠨ᠂ ᠦᠵᠡᠯ | ᠰᠠᠨᠠᠭ᠎ᠠ ᠪᠠᠨ ᠴᠢᠯᠥᠭᠡᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠭᠦᠯᠬᠦ ᠡᠯ᠎ᠡ ᠵᠦᠶᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠬᠥᠭᠵᠢᠯᠲᠡ ᠪᠠ | ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠨᠠᠩ ᠰᠠᠶᠢᠲᠤᠷ ᠦᠶᠯᠡᠴᠢᠯᠡᠬᠦ ᠪᠠ ᠠᠭᠤᠰᠤᠯᠴᠠᠵᠤ᠂ ᠱᠠᠨᠰᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | 9 ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠰᠢ ᠶᠢᠨ ᠫᠢᠩ ᠱᠠᠨᠰᠢ ᠮᠤᠵᠢ ᠶᠢᠨ ᠨᠠᠮ ᠤᠨ | ᠬᠤᠷᠢᠶᠠᠨ ᠤ ᠱᠦᠵᠢ ᠯᠢᠦ ᠭᠦᠸᠧ ᠵᠦᠩ᠂ ᠮᠤᠵᠢ ᠶᠢᠨ ᠳᠠᠷᠤᠭ᠎ᠠ ᠵᠤᠤ ᠢ ᠳ᠋ᠧ ᠶᠢᠨ ᠪᠠᠷ᠎ᠠ ᠪᠤᠯᠤᠯᠭ᠎ᠠ ᠪᠠᠷ ᠠᠵᠤ | ᠠᠬᠤᠶᠢᠯᠠᠯ᠂ ᠬᠥᠳᠡᠭᠡ ᠲᠣᠰᠬᠤᠨ᠂ ᠰᠤᠷᠭᠠᠭᠤᠯᠢ᠂ ᠬᠤᠪᠢᠰᠬᠠᠯ ᠤᠨ ᠬᠠᠭᠤᠴᠢᠨ ᠰᠠᠭᠤᠴᠠ ᠵᠡᠷᠭᠡ ᠳᠤ | ᠭᠦᠨᠵᠡᠭᠡᠶᠢᠷᠡᠨ ᠪᠠᠶᠢᠴᠠᠭᠠᠨ ᠰᠤᠳᠤᠯᠪᠡ᠃ | 13 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠤᠯᠤᠰ ᠤᠨ ᠡᠨᠧᠷᠭᠢ ᠶᠢᠨ | ᠪᠦᠯᠦᠭᠯᠡᠯ ᠤᠨ ᠲᠡᠮᠡᠭᠡᠲᠤ ᠳᠠᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ | ᠡᠷᠬᠢᠯᠳᠡᠳᠤ ᠠᠵᠤ ᠠᠬᠤᠢ ᠶᠢᠨ ᠨᠡᠭᠦᠷᠡᠰᠦ ᠶᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠤᠨ ᠲᠥᠯᠥᠪᠵᠢᠭᠦᠯᠭᠡ | ᠪᠠ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠭᠤᠣᠯ ᠡᠵᠡᠮᠳᠡᠬᠦ ᠲᠠᠰᠤᠭ ᠲᠤ᠂ ᠰᠢ ᠶᠢᠨ ᠫᠢᠩ | ᠲᠦᠷᠦᠯ ᠵᠦᠢᠯ ᠤᠨ ᠦᠢᠯᠡᠳᠬᠦᠨ ᠤ ᠦᠵᠡᠭᠦᠯᠭᠡ ᠶᠢ ᠦᠵᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠬᠥᠭᠵᠢᠯᠲᠡ ᠶᠢ ᠪᠠᠷᠢᠮᠲᠠᠯᠠᠵᠤ᠂ ᠠᠮᠤᠷ ᠲᠦᠪᠰᠢᠨ᠂ ᠲᠣᠭᠲᠠᠭᠤᠨ᠂ ᠠᠷᠢᠭᠤᠨ ᠴᠡᠪᠡᠷ ᠡᠷᠬᠢᠯᠳᠡ ᠶᠢ ᠪᠠᠷᠢᠮᠲᠠᠯᠠᠭᠰᠠᠨ | ᠠᠷᠭ᠎ᠠ ᠬᠢᠳᠡᠯ ᠢ ᠨᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠠᠷᠠᠭ᠎ᠠ ᠨᠢ᠂ ᠰᠢ ᠶᠢᠨ ᠫᠢᠩ ᠵᠢᠯ ᠤᠨ | ᠦᠢᠯᠡᠳᠪᠦᠷᠢᠯᠡᠯ ᠤᠨ ᠬᠡᠮᠵᠢᠶ᠎ᠠ ᠨᠢ 40 ᠲᠦᠮᠡᠨ ᠲᠣᠨ ᠤ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠤᠨ | ᠲᠤᠬᠠᠢ ᠶᠢᠨ ᠭᠠᠵᠠᠷ ᠲᠤ ᠬᠦᠷᠴᠦ ᠪᠠᠶᠢᠴᠠᠭᠠᠨ ᠦᠵᠡᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ᠂ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠲᠡᠮᠡᠭᠡᠲᠦ ᠪᠣᠯ ᠤᠯᠤᠰ ᠤᠨ | ᠡᠨᠧᠷᠭᠢ ᠶᠢᠨ ᠴᠢᠬᠤᠯᠠ ᠰᠠᠭᠤᠷᠢᠨ ᠮᠥᠨ᠂ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ | ᠬᠤᠪᠢ ᠨᠡᠮᠡᠷᠢ ᠦᠵᠡᠭᠦᠯᠪᠡ᠃ ᠨᠡᠭᠦᠷᠡᠰᠦ ᠨᠢ ᠮᠠᠨ ᠤ ᠤᠯᠤᠰ ᠤᠨ ᠭᠤᠤᠯ ᠴᠣᠭᠴᠠᠳᠤ ᠡᠨᠧᠷᠭᠢ ᠪᠣᠯᠤᠭᠰᠠᠨ ᠤ | ᠬᠤᠪᠢ ᠳᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢᠨ ᠴᠢᠭᠯᠡᠯ ᠶᠣᠰᠣᠭᠠᠷ᠂ | ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠬᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠡᠭᠦᠷᠭᠡ ᠪᠠᠨ ᠪᠠᠷᠢᠮᠵᠢᠶᠠᠯᠠᠨ ᠪᠡᠶᠡᠯᠡᠭᠦᠯᠵᠦ᠂ ᠤᠯᠤᠰ ᠤᠨ ᠪᠠᠶᠢᠳᠠᠯ ᠳᠤ ᠰᠠᠭᠤᠷᠢᠯᠠᠨ᠂ | ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠬᠤᠷᠢᠭ᠎ᠠ ᠱᠤᠭᠤᠮ ᠢ ᠰᠠᠬᠢᠵᠤ᠂ ᠡᠮᠬᠢ ᠵᠢᠷᠤᠮ ᠲᠠᠢ ᠪᠠᠷ ᠬᠡᠮᠵᠢᠶ᠎ᠡ ᠶᠢ | ᠪᠠᠭᠠᠰᠬᠠᠨ ᠣᠷᠣᠯᠠᠭᠤᠯᠵᠤ᠂ ᠨᠡᠭᠦᠷᠡᠰᠦᠨ ᠤ ᠬᠡᠷᠡᠭᠯᠡᠭᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠬᠤ ᠬᠡᠷᠡᠭᠲᠡᠶ᠃ ᠨᠡᠭᠦᠷᠡᠰᠦ ᠬᠢᠮᠢ ᠶᠢᠨ ᠠᠵᠤ ᠦᠢᠯᠡᠤᠨᠪᠤᠷᠢ ᠶᠢᠨ ᠠᠵᠤ ᠦᠢᠯᠡᠰ ᠤᠨ ᠲᠠᠯᠳᠠ ᠬᠦᠴᠦᠨ | ᠮᠠᠰᠢ ᠶᠡᠭᠡ ᠪᠥᠭᠡᠳ ᠠᠯᠤᠰ ᠢᠷᠡᠭᠡᠳᠦᠢ ᠲᠠᠢ ᠶᠤᠮ᠂ ᠨᠡᠭᠦᠷᠡᠰᠦ ᠪᠠᠷ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ | ᠮᠠᠲ᠋ᠧᠷᠢᠶᠠᠯ ᠪᠣᠯᠭᠠᠬᠤ ᠶᠡᠷᠦᠩᠬᠡᠶᠢᠯᠡᠨ ᠠᠰᠢᠬᠯᠠᠬᠤ ᠪᠦᠳᠦᠮᠵᠢ ᠴᠢᠳᠠᠪᠤᠷᠢ ᠶᠢ ᠳᠡᠭᠡᠭᠰᠢᠯᠡᠭᠦᠯᠵᠦ᠂ ᠨᠡᠭᠦᠷᠡᠰᠦ | ᠬᠢᠮᠢ ᠶᠢᠨ ᠠᠵᠤ ᠦᠢᠯᠡᠤᠨᠪᠤᠷᠢ ᠶᠢᠨ ᠠᠵᠤ ᠦᠢᠯᠡᠰ ᠢ ᠳᠡᠭᠡᠳᠦ ᠲᠡᠰᠵᠢᠬᠦᠯᠬᠦ᠂ ᠤᠯᠠᠨ ᠡᠰᠢᠵᠢᠬᠦᠯᠬᠦ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠬᠠᠮᠤᠭ ᠤᠨ ᠪᠠᠴᠢᠮ ᠲᠤᠯᠭᠠᠮ ᠡᠭᠦᠷᠭᠡ ᠪᠠᠨ ᠪᠣᠯᠭᠠᠵᠤ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠨᠡᠭᠦᠷᠡᠰᠦ ᠪᠠᠷ ᠰᠠᠭᠤᠷᠢ | ᠪᠣᠯᠭᠠᠭᠰᠠᠨ ᠣᠨᠴᠠ ᠲᠦᠷᠦᠯ ᠤᠨ ᠲᠦᠯᠡᠰᠢ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ | ᠵᠠᠳᠠᠷᠠᠭᠤᠯᠵᠤ ᠪᠣᠯᠬᠤ ᠮᠠᠲ᠋ᠧᠷᠢᠶᠠᠯ ᠵᠡᠷᠭᠡ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | 13 ᠤ ᠦᠳᠡ ᠶᠢᠨ ᠬᠤᠶᠢᠨ᠎ᠠ᠂ ᠰᠢ ᠶᠢᠨ ᠫᠢᠩ ᠮᠢ ᡁᠢ ᠰᠢᠶᠠᠨ ᠤ ᠶᠢᠨ ᠵᠧᠦ ᠵᠡᠭᠡᠯᠢ ᠭᠤᠳᠤᠮᠵᠢ ᠶᠢᠨ | ᠭᠤᠤ ᠰᠢ ᠭᠸᠤ ᠲᠣᠰᠬᠤᠨ ᠳᠤ ᠬᠦᠷᠴᠦ ᠰᠢᠨᠵᠢᠯᠡᠨ ᠪᠠᠶᠢᠴᠠᠭᠠᠪᠠ᠃ ᠵᠢᠮᠢᠰ ᠤᠨ ᠬᠦᠷᠢᠶᠡᠯᠡᠩ᠂ ᠣᠶᠢᠲᠤ ᠭᠠᠵᠠᠷ᠂ | ᠱᠠᠲᠤᠨ ᠲᠠᠷᠢᠶ᠎ᠠ᠂ ᠨᠦᠯᠦᠮᠡᠯ ᠭᠠᠵᠠᠷ ᠤᠨ ᠬᠠᠰᠢᠯᠭ᠎ᠠ ᠠᠭᠤᠯᠠᠨ ᠵᠢᠯᠠᠭ᠎ᠠ ᠪᠠᠷ ᠵᠢᠭᠳᠡᠷᠡᠨ ᠲᠠᠷᠬᠠᠵᠤ᠂ ᠨᠠᠮᠤᠷ ᠤᠨ | ᠡᠬᠢᠨ ᠤ ᠰᠢᠷ᠎ᠠ ᠬᠥᠷᠥᠰᠥᠲᠦ ᠥᠨᠳᠦᠷᠯᠢᠭ ᠤᠨᠴᠠ ᠶᠢᠨ ᠨᠣᠮᠢᠨ ᠨᠣᠭᠤᠭᠠᠨ ᠬᠠᠷᠠᠭᠳᠠᠨ᠎ᠠ᠃ ᠵᠠᠮ ᠵᠠᠭᠤᠷ᠎ᠠ ᠪᠠᠨ᠂ | ᠰᠢ ᠶᠢᠨ ᠫᠢᠩ ᠲᠡᠷᠭᠡᠨ ᠠᠴᠠ ᠪᠠᠭᠤᠵᠤ ᠲᠠᠷᠢᠶᠠᠨ ᠲᠤᠮᠳᠠᠭᠤᠷ ᠠᠯᠬᠤᠯᠠᠵᠦ᠂ ᠨᠠᠷᠢᠮᠤ᠂ ᠮᠣᠩᠭᠤᠯ ᠠᠮᠤ᠂ ᠡᠷᠳᠡᠨᠢ | ᠰᠢᠰᠢ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠶᠠᠨ ᠳᠤᠮᠳᠠ ᠬᠥᠳᠡᠯᠮᠦᠷᠢᠯᠡᠵᠦ ᠪᠠᠶᠢᠭ᠎ᠠ | ᠨᠤᠲᠤᠭ ᠤᠨ ᠠᠬ᠎ᠠ ᠲᠡᠬᠦᠦ ᠨᠡᠷ ᠲᠠᠢ ᠵᠣᠭᠤᠭᠳᠠᠵᠤ᠂ ᠲᠡᠳᠡᠨ ᠤ ᠦᠶᠯᠡᠳᠪᠦᠷᠢᠯᠡᠯ ᠡᠵᠡᠩᠨᠡᠯᠲᠡ᠂ ᠬᠡᠷ ᠪᠦᠯᠢ ᠶᠢᠨ | ᠣᠷᠣᠯᠭ᠎ᠠ᠂ ᠡᠮᠴᠢᠯᠡᠭᠡᠨ ᠤ ᠪᠠᠲᠤᠯᠠᠭ᠎ᠠ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ ᠪᠠ ᠠᠵᠢᠯ | ᠣᠯᠤᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠭᠤᠤ ᠰᠢ ᠭᠸᠤ ᠲᠣᠰᠬᠤᠨ ᠤ ᠯᠦᠩ ᠳᠧᠦ ᠱᠠᠨ | ᠠᠭᠤᠯᠠ ᠶᠢᠨ ᠤᠷᠤᠢ ᠳᠤ᠂ ᠰᠢ ᠶᠢᠨ ᠫᠢᠩ ᠱᠠᠨᠰᠢ ᠮᠤᠵᠢ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠭᠤᠤ ᠰᠢ ᠭᠸᠤ ᠲᠣᠰᠬᠤᠨ ᠤ ᠰᠢᠷ᠎ᠠ ᠬᠥᠷᠥᠰᠥᠲᠦ ᠳᠣᠪᠣᠷᠬᠠᠭ ᠭᠤᠤ ᠭᠠᠩᠭ᠎ᠠ ᠶᠢᠨ ᠣᠷᠣᠨ ᠢ | ᠶᠡᠷᠦᠩᠬᠡᠶᠢᠯᠡᠨ ᠵᠠᠰᠠᠬᠤ ᠶᠢ ᠬᠠᠶᠢᠨ ᠰᠦᠪᠡᠭᠴᠢᠯᠡᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠰᠢ | ᠶᠢᠨ ᠫᠢᠩ᠂ ᠭᠤᠤ ᠰᠢ ᠭᠸᠤ ᠲᠣᠰᠬᠤᠨ ᠪᠣᠯ ᠰᠢᠷ᠎ᠠ ᠬᠥᠷᠥᠰᠥᠲᠦ ᠥᠨᠳᠦᠷᠯᠢᠭ ᠤᠨ ᠠᠮᠢ ᠠᠬᠤᠢ ᠶᠢᠨ | ᠵᠠᠰᠠᠯᠲᠠ ᠶᠢᠨ ᠨᠢᠬᠡᠨ ᠦᠯᠢᠭᠡᠷ ᠵᠠᠬᠪᠤᠷ ᠮᠥᠨ᠂ ᠲᠠ ᠨᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠥᠬᠦᠷᠡᠰᠢ ᠦᠭᠡᠢ ᠥᠷᠨᠢᠭᠦᠯᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠬᠥᠳᠡᠭᠡ ᠲᠣᠰᠬᠤᠨ ᠤ ᠦᠢᠯᠡᠰ ᠢ | ᠬᠥᠭᠵᠢᠭᠦᠯᠪᠠ᠂ ᠡᠨᠡ ᠬᠦ ᠵᠠᠮ ᠢᠶᠠᠷ ᠵᠠᠮᠨᠠᠭᠰᠠᠨ ᠨᠢ ᠵᠥᠪ ᠶᠤᠮ᠃ ᠬᠥᠬᠡᠮᠳᠦᠭ ᠨᠣᠭᠤᠭᠠᠨ ᠠᠭᠤᠯᠠ ᠤᠰᠤ ᠪᠣᠯ | ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢᠨ | ᠵᠠᠰᠠᠯᠲᠠ ᠪᠣᠯᠤᠨ ᠤᠨᠴᠠᠯᠢᠬᠳᠤ ᠠᠵᠤ ᠦᠢᠯᠡᠰ ᠢ ᠬᠦᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠠᠮᠢ ᠠᠬᠤᠢ | ᠪᠣᠯᠤᠨ ᠠᠵᠤ ᠠᠬᠤᠢ ᠵᠣᠬᠢᠴᠠᠩᠭᠤᠢ ᠬᠥᠭᠵᠢᠭᠰᠡᠨ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠵᠠᠮ ᠢᠶᠠᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠭᠤᠤ ᠰᠢ ᠭᠸᠤ ᠲᠣᠰᠬᠤᠨ ᠠᠴᠠ ᠠᠶᠠᠷᠯᠠᠭᠠᠳ᠂ ᠰᠢ ᠶᠢᠨ ᠫᠢᠩ ᠮᠢ ᡁᠢ ᠰᠢᠶᠠᠨ ᠤ ᠵᠡᠭᠦᠨ ᠡᠮᠦᠨ᠎ᠡ ᠪᠠᠶᠢᠭ᠎ᠠ | ᠶᠠᠩ ᠵᠢᠶᠠ ᠭᠸᠤ ᠶᠢᠨ ᠬᠤᠪᠢᠰᠬᠠᠯ ᠤᠨ ᠬᠠᠭᠤᠴᠢᠨ ᠰᠠᠭᠤᠴᠠ ᠳᠤ ᠬᠦᠷᠪᠡ᠃ 1947 ᠣᠨ ᠤ ᠰᠡᠬᠦᠯᠴᠢ ᠪᠠᠷ᠂ | ᠮᠠᠤ ᠽᠧ ᠳ᠋ᠦᠩ ᠨᠥᠬᠦᠷ ᠲᠥᠪ ᠤᠨ ᠪᠠᠶᠢᠭᠤᠯᠭ᠎ᠠ ᠶᠢ ᠳᠠᠭᠠᠭᠤᠯᠤᠨ ᠶᠠᠩ ᠵᠢᠶᠠ ᠭᠸᠤ ᠲᠣᠰᠬᠤᠨ ᠳᠤ ᠬᠦᠷᠴᠦ᠂ | ᠠᠳᠡ 4 ᠰᠠᠷ᠎ᠠ ᠭᠠᠷᠤᠢ ᠪᠠᠶᠢᠯᠳᠤᠨ ᠠᠮᠢᠳᠤᠷᠠᠵᠤ᠂ ᠪᠦᠬᠦ ᠤᠯᠤᠰ ᠤᠨ ᠴᠢᠯᠥᠭᠡᠯᠡᠬᠦ ᠲᠠᠶᠢᠨ ᠪᠣᠯᠤᠨ ᠪᠠᠷᠠᠭᠤᠨ | ᠬᠤᠶᠢᠲᠤ ᠶᠢᠨ ᠲᠠᠶᠢᠨ ᠤ ᠲᠠᠯᠠᠪᠤᠷ ᠢ ᠵᠢᠯᠣᠭᠤᠳᠴᠤ᠂ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠬᠥᠳᠡᠯᠭᠡᠭᠡᠨ ᠢ | ᠤᠳᠤᠷᠢᠳᠤᠨ ᠥᠷᠨᠢᠭᠦᠯᠪᠡ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ︽ᠠᠷᠪᠠᠨ ᠬᠤᠶᠠᠳᠤᠭᠠᠷ | ᠰᠠᠷ᠎ᠠ ᠶᠢᠨ ᠬᠤᠷᠠᠯ︾ ᠤᠨ ᠬᠠᠭᠤᠴᠢᠨ ᠰᠠᠭᠤᠴᠠ᠂ ᠮᠠᠤ ᠽᠧ ᠳ᠋ᠦᠩ ᠤᠨ ᠬᠠᠭᠤᠴᠢᠨ ᠰᠠᠭᠤᠴᠠ᠂ ᠵᠧᠦ ᠧᠨ | ᠯᠠᠢ ᠶᠢᠨ ᠬᠠᠭᠤᠴᠢᠨ ᠰᠠᠭᠤᠴᠠ ᠵᠡᠷᠭᠡ ᠪᠠᠷ ᠲᠣᠭᠤᠷᠢᠨ ᠦᠵᠡᠵᠦ᠂ ᠬᠤᠪᠢᠰᠬᠠᠯ ᠤᠨ ᠲᠡᠦᠬᠡ ᠶᠢ ᠡᠷᠭᠢᠴᠡᠭᠦᠯᠵᠦ᠂ | ᠠᠬᠠᠮᠠᠳ ᠬᠤᠪᠢᠰᠬᠠᠯᠴᠢᠳ ᠤᠨ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ᠰᠢ ᠶᠢᠨ ᠫᠢᠩ᠂ | ᠲᠦᠷᠦ ᠶᠢᠨ ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠨᠠᠮ ᠤᠨ ᠠᠮᠢ ᠨᠠᠰᠤ ᠮᠥᠨ᠃ ᠵᠠᠭᠤᠨ ᠵᠢᠯ ᠤᠨ ᠲᠤᠷᠰᠢ᠂ | ᠮᠠᠨ ᠤ ᠨᠠᠮ ᠦᠵᠡᠯ ᠰᠠᠨᠠᠭ᠎ᠠ ᠪᠠᠨ ᠨᠢᠭᠡᠳᠬᠡᠨ᠂ ᠠᠯᠬᠤᠮ ᠢᠶᠠᠨ ᠨᠢᠭᠡᠳᠬᠡᠵᠦ᠂ ᠪᠦᠯᠬᠦᠮᠳᠡᠨ ᠤᠷᠤᠭᠰᠢᠯᠠᠵᠤ | ᠴᠢᠳᠠᠬᠰᠠᠨ᠂ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠢᠯᠠᠯᠲᠠ ᠪᠠ ᠭᠡᠷᠡᠯ | ᠰᠠᠴᠤᠷᠠᠩᠭᠤᠢ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠰᠢᠯᠲᠠᠭᠠᠨ ᠨᠢ ᠳᠠᠷᠤᠢ ᠮᠠᠨ ᠤ ᠨᠠᠮ ᠮᠠᠷᠺᠰ ᠤᠨ | ᠦᠵᠡᠯ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠠᠭ᠎ᠠ ᠠᠴᠠ | ᠶᠡᠭᠡ ᠶᠢ ᠤᠵᠢᠯᠠᠭᠠᠵᠤ᠂ ᠪᠣᠳᠠᠲᠤ ᠠᠬᠤᠢ ᠶᠢᠨ ᠠᠰᠠᠭᠤᠳᠠᠯ ᠢ ᠰᠢᠢᠳᠪᠦᠷᠢᠯᠡᠭᠰᠡᠨ ᠮᠥᠷᠲᠡᠭᠡᠨ ᠪᠠᠰᠠ ᠪᠠᠶᠢᠯᠳᠤᠬᠤ | ᠪᠤᠳᠤᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠪᠠᠶᠢᠳᠠᠯ ᠢ ᠣᠨᠣᠪᠴᠢᠲᠠᠢ ᠮᠠᠭᠠᠳᠯᠠᠨ ᠡᠵᠡᠮᠳᠡᠵᠦ᠂ ᠪᠣᠳᠠᠲᠤ | ᠪᠠᠶᠢᠳᠠᠯ ᠳᠤ ᠨᠡᠶᠢᠴᠡᠭᠰᠡᠨ ᠬᠠᠷᠠᠯᠲᠠ ᠡᠭᠦᠷᠭᠡ᠂ ᠲᠦᠷᠦ ᠶᠢᠨ ᠪᠤᠳᠤᠯᠭ᠎ᠠ ᠠᠷᠭ᠎ᠠ ᠪᠤᠳᠤᠯᠭ᠎ᠠ ᠶᠢ ᠲᠣᠭᠲᠠᠭᠠᠵᠤ | ᠴᠢᠳᠠᠬᠰᠠᠨ ᠳᠤ ᠪᠤᠢ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ | ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ | ᠪᠠᠷᠢᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ | ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠤᠯᠭ᠎ᠠ ᠶᠢᠨ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠮᠠᠷᠺᠰ ᠤᠨ ᠦᠵᠡᠯ ᠤᠨ ᠤᠭ ᠶᠤᠰᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠴᠠᠭ ᠦᠶ᠎ᠡ ᠶᠢ | ᠠᠵᠢᠬᠯᠠᠨ᠂ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠦᠲᠦᠯᠦᠨ ᠳᠠᠭᠠᠭᠤᠯᠬᠤ ᠶᠢᠨ ᠬᠠᠮᠲᠤ ᠦᠨᠡᠨ ᠢ | ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠵᠤ᠂ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠤ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ᠂ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ | ᠭᠡᠵᠤ ᠴᠢᠬᠤᠯᠠᠴᠢᠯᠠᠵᠠᠢ᠃ ᠰᠢ ᠶᠢᠨ ᠫᠢᠩ᠂ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠰᠢᠬᠯᠠᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠬᠤᠪᠢᠰᠬᠠᠯ ᠤᠨ ᠠᠮᠢᠨ ᠰᠤᠳᠠᠰᠤ ᠶᠢ | ᠦᠷᠭᠦᠯᠵᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | 14 ᠤ ᠦᠳᠡ ᠶᠢᠨ ᠡᠮᠦᠨ᠎ᠡ᠂ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢ | ᠳ᠋ᠧ ᠶᠢᠨ ᠤᠷᠤᠨ ᠨᠤᠳᠤᠭ ᠤᠨ ᠬᠤᠷᠢᠶ᠎ᠠ ᠶᠢᠨ ᠬᠠᠭᠤᠴᠢᠨ ᠰᠠᠭᠤᠴᠠ ᠳᠤ ᠬᠦᠷᠴᠦ᠂ ᠬᠠᠭᠤᠴᠢᠨ ᠰᠠᠭᠤᠴᠠ ᠶᠢᠨ | ᠪᠠᠶᠢᠷᠢᠰᠢᠭᠤᠯᠤᠯᠲᠠ ᠪᠣᠯᠤᠨ ᠬᠡᠰᠡᠭ ᠰᠡᠷᠭᠦᠭᠡᠨ ᠵᠠᠰᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ | ᠪᠦᠬᠦᠢ ᠲᠤᠰᠬᠠᠢ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃ ᠰᠢ ᠶᠢᠨ ᠫᠢᠩ᠂ ᠡᠨᠡ ᠬᠦ ᠬᠦᠨ ᠵᠤᠵᠠᠭᠠᠨ | ᠬᠤᠪᠢᠰᠬᠠᠯ ᠤᠨ ᠲᠡᠦᠬᠡ ᠶᠢ ᠡᠷᠭᠢᠴᠡᠭᠦᠯᠬᠦ ᠳᠤ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ︽ᠨᠠᠮ ᠤᠨ | ᠠᠰᠢᠭ ᠲᠤᠰᠠ ᠶᠢ ᠲᠡᠷᠢᠭᠦᠨ ᠳᠤ ᠲᠠᠯᠪᠢᠬᠤ︾ ᠶᠢ ᠪᠠᠷᠢᠮᠲᠠᠯᠠᠵᠤ᠂ ︽ᠬᠠᠮᠤᠭ ᠤᠨ ᠤᠯᠠᠨ ᠲᠣᠭᠠᠨ ᠤ | ᠬᠥᠳᠡᠯᠮᠦᠷᠢᠴᠢᠨ ᠠᠷᠠᠳ ᠲᠦᠮᠡᠨ ᠤ ᠲᠠᠯ᠎ᠠ ᠳᠤ ᠵᠣᠭᠰᠣᠬᠤ︾ ᠶᠢ ᠪᠠᠷᠢᠮᠲᠠᠯᠠᠵᠤ᠂ ︽ᠠᠷᠠᠳ ᠲᠦᠮᠡᠨ ᠲᠠᠢ ᠡᠷᠡᠰ | ᠬᠠᠮᠳᠤ ᠪᠠᠶᠢᠬᠤ︾ ᠶᠢ ᠪᠠᠷᠢᠮᠲᠠᠯᠠᠭᠰᠠᠨ ᠨᠢ ᠴᠢᠬᠤᠯᠠ ᠶᠡᠭᠡ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠶᠤᠮ᠃ | ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠬᠤᠪᠢᠰᠬᠠᠯ ᠤᠨ ᠢᠯᠠᠯᠲᠠ ᠶᠢ ᠤᠯᠵᠤ | ᠠᠷᠠᠳ ᠤᠨ ᠰᠡᠳᠬᠢᠯ ᠢ ᠣᠯᠵᠤ᠂ ᠲᠦᠭ ᠲᠦᠮᠡᠨ ᠠᠷᠠᠳ ᠤᠯᠠᠨ ᠮᠠᠨ ᠤ ᠲᠠᠯ᠎ᠠ ᠳᠤ ᠵᠣᠭᠰᠣᠬᠤ ᠶᠢ ᠡᠷᠡᠰ | ᠪᠠᠳᠤ ᠪᠠᠷ ᠰᠤᠩᠭᠤᠵᠠᠢ᠃ ᠪᠢᠳᠡ ᠬᠤᠪᠢᠰᠬᠠᠯ ᠤᠨ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ | ᠪᠠᠳᠠᠷᠠᠭᠤᠯᠵᠤ᠂ ᠢᠮᠠᠭᠲᠠ ᠠᠷᠠᠳ ᠲᠦᠮᠡᠨ ᠤ ᠠᠰᠢᠭ ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠤᠯᠠᠨ | ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ | ᠬᠦᠨᠳᠦᠳᠬᠡᠵᠦ᠂ ᠢᠮᠠᠭᠲᠠ ᠠᠷᠠᠳ ᠲᠦᠮᠡᠨ ᠲᠠᠢ ᠬᠠᠮᠲᠤ ᠵᠣᠭᠰᠣᠵᠤ᠂ ᠬᠠᠮᠲᠤ ᠪᠣᠳᠣᠯᠬᠢᠯᠠᠵᠤ᠂ ᠬᠠᠮᠲᠤ | ᠠᠵᠢᠯᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠲᠠᠷᠠᠭ᠎ᠠ ᠨᠢ᠂ ᠰᠢ ᠶᠢᠨ ᠫᠢᠩ ᠰᠦᠢ ᠳ᠋ᠧ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠤᠷᠢᠳ | ᠬᠤᠵᠢᠳ ᠬᠢᠴᠢᠶᠡᠯ ᠤᠨ ᠭᠡᠷ᠂ ᠲᠠᠮᠢᠷ ᠤᠨ ᠲᠠᠯᠠᠪᠤᠷ ᠲᠤ ᠬᠦᠷᠴᠤ᠂ ᠰᠤᠷᠤᠭᠴᠢᠳ ᠤᠨ ᠤᠷᠠᠨ ᠪᠢᠴᠢᠯᠭᠡ ᠶᠢᠨ | ᠪᠣᠯᠪᠠᠰᠤᠷᠠᠯ ᠪᠣᠯᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠦᠵᠡᠵᠤ᠂ ᠤᠯᠠᠨ ᠲᠠᠢ ᠳᠣᠲᠣᠨᠣ ᠪᠠᠷ ᠶᠠᠷᠢᠯᠴᠠᠪᠠ᠃ | ᠲᠡᠷᠡ᠂ ᠳᠤᠮᠳᠠᠳᠤ ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ ᠲᠠᠢ ᠶᠤᠮ᠂ ᠲᠠᠰᠤᠷᠠᠯᠲᠠ ᠦᠭᠡᠢ | ᠦᠷᠭᠦᠯᠵᠢᠯᠡᠬᠦ ᠶᠢᠨ ᠰᠠᠭᠤᠷᠢ ᠨᠢ ᠰᠤᠷᠭᠠᠨ ᠬᠥᠮᠦᠵᠢᠯ ᠳᠤ ᠪᠤᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠰᠠᠭᠤᠷᠢ ᠨᠢ ᠰᠤᠷᠭᠠᠨ ᠬᠥᠮᠦᠵᠢᠯ ᠳᠤ ᠪᠤᠢ᠃ ᠪᠢᠳᠡ ᠰᠤᠷᠭᠠᠨ | ᠬᠥᠮᠦᠵᠢᠯ ᠢ ᠡᠷᠬᠢᠯᠡᠵᠦ ᠪᠠᠶᠢᠭ᠎ᠠ ᠨᠢ ᠳᠠᠷᠤᠢ ᠠᠷᠠᠳ ᠲᠦᠮᠡᠨ ᠤ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ | ᠳᠡᠭᠡᠭᠰᠢᠯᠡᠭᠦᠯᠦᠨ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠤᠨ ᠢᠲᠡᠭᠡᠯ ᠢ ᠪᠠᠲᠤᠳᠬᠠᠵᠤ᠂ ᠪᠦᠬᠦ ᠦᠨᠳᠦᠰᠦᠲᠡᠨ ᠤ ᠡᠭᠦᠳᠦᠨ | ᠪᠦᠲᠦᠭᠡᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠲᠥᠯᠥᠭᠡ ᠶᠤᠮ᠃ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ | ᠲᠦᠮᠡᠨ ᠢᠶᠠᠨ ᠬᠠᠶᠢᠷᠠᠯᠠᠬᠤ᠂ ᠨᠡᠶᠢᠭᠡᠮ ᠵᠢᠷᠤᠮ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠵᠤ᠂ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ | ᠬᠡᠷᠡᠭᠲᠡᠢ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠪᠤᠯᠬᠤ ᠦᠢᠯᠡᠳᠦᠯ ᠢ ᠴᠢᠩᠭᠠᠳᠬᠠᠨ᠂ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠳᠦ ᠬᠦᠨᠳᠦ | ᠰᠤᠷᠤᠯᠭ᠎ᠠ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ | ᠬᠠᠮᠤᠭ ᠤᠨ ᠰᠡᠬᠦᠯ ᠳᠤ᠂ ᠰᠢ ᠶᠢᠨ ᠫᠢᠩ ᠰᠤᠷᠤᠭᠴᠢᠳ ᠢ ᠰᠠᠶᠢᠨ ᠰᠠᠶᠢᠬᠠᠨ ᠵᠠᠯᠠᠭᠤ ᠨᠠᠰᠤ ᠪᠠᠨ ᠨᠠᠨᠳᠢᠩᠨᠠᠵᠤ᠂ | ᠪᠡᠶ᠎ᠡ ᠪᠠᠨ ᠵᠠᠰᠠᠵᠤ ᠶᠣᠰᠣ ᠰᠤᠷᠲᠠᠬᠤᠨ ᠢᠶᠠᠨ ᠳᠡᠭᠡᠭᠰᠢᠯᠡᠭᠦᠯᠵᠤ᠂ ᠴᠢᠷᠮᠠᠶᠢᠨ ᠰᠤᠷᠤᠯᠴᠠᠵᠤ ᠦᠭᠡᠳᠡᠯᠡᠨ ᠲᠠᠪᠰᠢᠵᠤ᠂ | ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ᠂ ᠠᠷᠠᠳ | ᠲᠦᠮᠡᠨ᠂ ᠨᠡᠶᠢᠭᠡᠮ ᠳᠤ ᠬᠡᠷᠡᠭᠴᠡᠭᠡ ᠲᠠᠢ ᠬᠥᠮᠦᠨ ᠪᠣᠯᠤᠭᠠᠷᠠᠢ ᠭᠡᠵᠦ ᠵᠣᠷᠢᠭᠵᠢᠭᠤᠯᠪᠠ᠃ | ᠱᠠᠨᠰᠢ ᠪᠤᠯ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠰᠣᠶᠣᠯ ᠤᠨ ᠥᠪ ᠲᠠᠢ ᠪᠠᠶᠢᠳᠠᠭ᠃ ᠰᠢ ᠶᠢᠨ | ᠫᠢᠩ ᠰᠦᠢ ᠳ᠋ᠧ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠣᠷᠳᠣᠨ ᠳᠤ ᠬᠦᠷᠴᠦ᠂ | ᠴᠢᠯᠠᠭᠤᠨ ᠱᠤᠭᠤᠮᠠᠯ᠂ ᠰᠦᠢ ᠳ᠋ᠧ ᠶᠢᠨ ᠫᠢᠩ ᠠᠨ ᠨᠣᠮ᠂ ᠴᠠᠭᠠᠰᠤᠨ ᠬᠠᠶᠢᠴᠢᠯᠠᠮᠠᠯ᠂ ᠠᠷᠠᠳ ᠤᠨ ᠳᠠᠭᠤᠤ᠂ | ᠰᠢᠪᠠᠷ ᠱᠤᠭᠤᠮᠠᠯ ᠵᠡᠷᠭᠡ ᠶᠢᠨ ᠳᠡᠯᠭᠡᠨ ᠦᠵᠡᠭᠦᠯᠭᠡ ᠶᠢ ᠲᠤᠭᠤᠷᠢᠨ ᠦᠵᠡᠵᠦ᠂ ᠲᠤᠬᠠᠢ ᠶᠢᠨ ᠭᠠᠵᠠᠷ ᠤᠨ | ᠤᠯᠠᠮᠵᠢᠯᠠᠯᠲᠤ ᠰᠣᠶᠣᠯ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠨᠤᠲᠠᠯᠠᠵᠤ ᠪᠠᠶᠢᠬᠤ ᠪᠠᠨ | ᠢᠯᠡᠳᠬᠡᠪᠡ᠃ ᠦᠵᠡᠭᠦᠯᠭᠡ ᠶᠢᠨ ᠣᠷᠳᠣᠨ ᠤ ᠭᠠᠳᠠᠨ᠎ᠠ᠂ ᠶᠠᠭ ᠰᠠᠶᠢᠬᠠᠨ ᠱᠠᠨᠰᠢ ᠶᠢᠨ ᠬᠤᠶᠢᠲᠤ ᠬᠡᠰᠡᠭ ᠤᠨ | ᠶᠠᠩᠭᠠᠷ ᠤᠨ ᠲᠣᠭᠯᠠᠯᠲᠠ ᠲᠤᠭᠯᠠᠵᠤ ᠪᠠᠶᠢᠪᠠ᠃ ᠰᠢ ᠶᠢᠨ ᠫᠢᠩ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠲᠠᠢ | ᠮᠠᠨᠳᠤᠴᠢᠯᠡᠪᠡ᠃ ᠲᠡᠷᠡ᠂ ᠰᠦᠢ ᠳ᠋ᠧ ᠪᠣᠯ ᠰᠢᠷ᠎ᠠ ᠬᠥᠷᠥᠰᠥᠲᠦ ᠰᠣᠶᠣᠯ ᠤᠨ ᠴᠢᠬᠤᠯᠠ ᠭᠤᠯᠤᠮᠳᠠ ᠶᠢᠨ ᠤᠷᠤᠨ ᠤ | ᠨᠢᠭᠡ ᠪᠣᠯᠤᠨ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ ᠪᠠᠶᠢᠵᠤ᠂ ᠰᠢᠯᠢᠳᠡᠭ | ᠠᠷᠠᠳ ᠤᠨ ᠤᠷᠠᠯᠢᠭ ᠢ ᠪᠤᠶᠢᠵᠢᠭᠤᠯᠤᠨ ᠬᠥᠭᠵᠢᠭᠦᠯᠵᠦ᠂ ᠱᠠᠨᠰᠢ ᠶᠢᠨ ᠬᠤᠶᠢᠲᠤ ᠬᠡᠰᠡᠭ ᠤᠨ ᠠᠷᠠᠳ ᠲᠦᠮᠡᠨ ᠤ | ᠬᠠᠯᠠᠭᠤᠨ ᠰᠡᠳᠬᠢᠯᠭᠡ᠂ ᠡᠭᠡᠯ ᠪᠣᠷᠣᠭᠵᠢᠭᠤᠨ᠂ ᠴᠤᠭ ᠰᠦᠯᠳᠠ ᠶᠢ ᠢᠯᠡᠷᠡᠭᠦᠯᠪᠡ᠃ ᠠᠷᠠᠳ ᠤᠨ ᠤᠷᠠᠯᠢᠭ ᠪᠣᠯ | ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠦᠪ ᠬᠦᠷᠦᠩᠬᠡ ᠮᠥᠨ᠂ ᠡᠪᠦᠭᠡ ᠳᠡᠭᠡᠳᠦᠰ ᠤᠨ ᠦᠯᠡᠳᠡᠭᠡᠭᠰᠡᠨ | ᠡᠳᠡᠭᠡᠷ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠨ᠂ ᠰᠠᠶᠢᠲᠤᠷ ᠠᠰᠢᠬᠯᠠᠬᠤ ᠨᠢ ᠲᠡᠦᠬᠡ | ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠬᠦᠳᠤᠯᠤᠨ ᠳᠠᠭᠠᠭᠤᠯᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ | ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ᠤᠯᠠᠮᠵᠢᠯᠠᠯᠲᠤ ᠰᠣᠶᠣᠯ ᠪᠣᠯᠤᠨ ᠤᠳᠤ ᠦᠶ᠎ᠡ ᠶᠢᠨ | ᠠᠮᠢᠳᠤᠷᠠᠯ ᠤᠨ ᠠᠭᠤᠯᠵᠠᠷ ᠴᠡᠭ ᠢ ᠣᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠦᠢ ᠳ᠋ᠧ ᠰᠢᠶᠠᠨ ᠤ ᠪᠠᠷᠠᠭᠤᠨ ᠡᠮᠦᠨ᠎ᠡ ᠪᠠᠶᠢᠭ᠎ᠠ ᠵᠠᠩ ᠵᠢᠶᠠ ᠪᠢᠶᠠᠨ ᠪᠠᠯᠭᠠᠰᠤ ᠶᠢᠨ ᠬᠤᠤ ᠵᠢᠶᠠ ᠴᠢᠶᠣᠤ | ᠲᠣᠰᠬᠤᠨ ᠪᠣᠯ ᠰᠦᠢ ᠳ᠋ᠧ ᠶᠢᠨ ᠤᠷᠤᠨ ᠨᠤᠳᠤᠭ ᠤᠨ ᠨᠠᠮ ᠤᠨ ᠬᠤᠷᠢᠶ᠎ᠠ ᠶᠢᠨ ᠶᠠᠫᠣᠨ ᠢ ᠡᠰᠡᠷᠭᠦᠴᠡᠬᠦ ᠳᠠᠶᠢᠨ ᠤ | ᠦᠶ᠎ᠡ ᠳᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠢᠯᠡᠷᠡᠭᠦᠯᠦᠭᠰᠡᠨ ᠵᠢᠱᠢᠶᠡᠴᠢ ᠲᠣᠰᠬᠤᠨ ᠪᠣᠯᠤᠨ᠎ᠠ᠂ ︽ | ᠲᠣᠰᠬᠤᠨ ᠪᠣᠯᠭᠠᠨ ᠬᠤᠤ ᠵᠢᠶᠠ ᠴᠢᠶᠣᠤ ᠠᠴᠠ ᠰᠤᠷᠤᠯᠴᠠᠵᠤ᠂ ᠬᠥᠮᠦᠨ ᠪᠣᠯᠭᠠᠨ ᠯᠢᠦ ᠢᠦᠢ ᠾᠧᠦ ᠠᠴᠠ | ᠰᠤᠷᠤᠯᠴᠠᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠶᠡᠭᠡ ᠦᠢᠯᠡᠳᠪᠦᠷᠢᠯᠡᠯ ᠤᠨ ᠬᠠᠯᠠᠭᠤᠨ ᠥᠷᠨᠢᠯᠲᠡ ᠶᠢ ᠪᠤᠢ | ᠪᠤᠯᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠤᠤ ᠵᠢᠶᠠ ᠴᠢᠶᠣᠤ ᠲᠣᠰᠬᠤᠨ | ᠤᠨᠴᠠᠯᠢᠬᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠪᠣᠯᠤᠨ ᠲᠣᠰᠬᠤᠨ ᠤ | ᠠᠷᠠᠳ ᠤᠨ ᠠᠮᠢᠳᠤᠷᠠᠯ ᠳᠤ ᠭᠦᠨᠵᠡᠭᠡᠢ ᠬᠤᠪᠢᠷᠠᠯᠲᠠ ᠭᠠᠷᠴᠤ᠂ ︽ᠪᠦᠬᠦ ᠤᠯᠤᠰ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ | 14 ᠤ ᠦᠳᠡ ᠶᠢᠨ ᠬᠤᠶᠢᠨ᠎ᠠ᠂ ᠰᠢ ᠶᠢᠨ ᠫᠢᠩ ᠠᠳᠡ ᠢᠷᠡᠵᠦ᠂ ᠲᠣᠰᠬᠤᠨ ᠤ ᠲᠡᠦᠬᠡ ᠶᠢᠨ ᠦᠵᠡᠭᠦᠯᠭᠡ ᠶᠢ | ᠨᠠᠷᠢᠨ ᠦᠵᠡᠵᠦ᠂ ᠡᠨᠡ ᠬᠦ ︽ᠬᠤᠪᠢᠰᠬᠠᠯᠲᠤ ᠠᠭᠤᠯᠠᠨ ᠲᠣᠰᠬᠤᠨ︾ ᠤ ᠢᠷᠠᠭᠤ ᠠᠯᠳᠠᠷᠲᠤ ᠬᠤᠪᠢᠰᠬᠠᠯ ᠤᠨ | ᠲᠡᠦᠬᠡ ᠵᠢᠴᠢ ᠬᠤᠪᠢᠰᠬᠠᠯ ᠤᠨ ᠤᠯᠠᠮᠵᠢᠯᠠᠯ ᠢ ᠤᠯᠠᠮᠵᠢᠯᠠᠭᠰᠠᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠰᠢ ᠶᠢᠨ | ᠫᠢᠩ ᠲᠣᠰᠬᠤᠨ ᠤ ᠠᠷᠠᠳ ᠾᠧᠦ ᡁᠢ ᠷᠦᠩ ᠤᠨ ᠭᠡᠷ ᠲᠤ ᠬᠦᠷᠴᠦ ᠪᠣᠯᠭᠤᠭᠠᠨ ᠦᠵᠡᠪᠡ᠃ ᠾᠧᠦ ᡁᠢ | ᠷᠦᠩ ᠤᠨ ᠬᠢᠨ ᠨᠢᠬᠡᠨ ᠦᠶ᠎ᠠ ᠡᠪᠡᠳᠴᠢᠨ ᠠᠴᠠ ᠪᠤᠯᠵᠤ ᠶᠠᠳᠠᠭᠤᠷᠠᠵᠤ᠂ ᠡᠯ᠎ᠡ ᠱᠠᠲᠤᠨ ᠤ ᠬᠠᠪᠰᠤᠷᠤᠨ ᠲᠡᠳᠬᠦᠬᠦ | ᠪᠠ ᠥᠪᠡᠷ ᠤᠨ ᠴᠢᠷᠮᠠᠶᠢᠯᠭ᠎ᠠ ᠪᠠᠷ 2016 ᠣᠨ ᠳᠤ ᠶᠠᠳᠠᠭᠤ ᠠᠴᠠ ᠪᠠᠨ ᠠᠩᠭᠢᠵᠢᠷᠠᠪᠠ᠃ ᠰᠢ ᠶᠢᠨ ᠫᠢᠩ᠂ | ᠲᠠᠨ ᠤ ᠨᠢᠭᠡ ᠭᠡᠷ ᠤᠨ ᠬᠥᠮᠦᠰ ᠤᠨ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ᠂ ᠬᠥᠮᠦᠨ ᠠᠮᠠ ᠤᠯᠠᠨ | ᠪᠤᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠨᠤᠲᠤᠭ ᠤᠨ ᠠᠷᠠᠳ ᠤᠯᠠᠨ ᠢ ᠰᠠᠶᠢᠨ ᠰᠠᠶᠢᠬᠠᠨ | ᠠᠮᠢᠳᠤᠷᠠᠭᠤᠯᠬᠤ ᠪᠣᠯ ᠮᠠᠨ ᠤ ᠨᠠᠮ ᠤᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ | ᠂ ᠡᠪ ᠬᠠᠮᠲᠤ ᠨᠠᠮ ᠡᠨᠡ ᠬᠦ ᠶᠠᠪᠤᠳᠠᠯ ᠢ ᠰᠠᠶᠢᠲᠤᠷ ᠬᠢᠵᠦ᠂ ᠲᠠᠰᠤᠷᠠᠯᠳᠠ ᠦᠭᠡᠢ ᠰᠠᠶᠢᠨ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ᠃ ᠪᠦᠬᠦ ᠨᠠᠮ ᠪᠦᠬᠦ ᠤᠯᠤᠰ ᠪᠦᠬᠦ ᠨᠡᠶᠢᠭᠡᠮ ᠢᠶᠠᠷ ᠢᠶᠠᠨ ᠴᠥᠮ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠦᠴᠦᠷᠬᠡᠭᠵᠢᠬᠦ ᠪᠠᠷ | ᠬᠦᠴᠦᠯᠡᠨ ᠴᠢᠷᠮᠠᠶᠢᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠨᠡᠩ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ | ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠣᠰᠬᠤᠨ ᠤ ᠵᠢᠮᠢᠰ ᠢᠳᠡᠰᠢᠨ ᠨᠣᠭᠤᠭ᠎ᠠ ᠶᠢᠨ ᠬᠦᠯᠡᠮᠵᠢ ᠶᠢᠨ ᠰᠠᠭᠤᠷᠢᠨ ᠳᠤ᠂ ᠰᠢ ᠶᠢᠨ ᠫᠢᠩ ᠲᠤᠰ | ᠲᠣᠰᠬᠤᠨ ᠤ ᠠᠵᠤ ᠦᠢᠯᠡᠰ ᠤᠨ ᠲᠥᠯᠥᠪᠵᠢᠭᠦᠯᠭᠡ ᠪᠠ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ | ᠬᠦᠯᠡᠮᠵᠢ ᠳᠤ ᠣᠷᠣᠵᠤ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠣᠰᠬᠤᠨ ᠤ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠰᠢ ᠶᠢᠨ | ᠫᠢᠩ ᠲᠣᠰᠬᠤᠨ ᠤ ᠨᠠᠰᠤᠲᠠᠶᠢᠴᠤᠳ᠂ ᠡᠮᠴᠢ ᠰᠤᠪᠢᠯᠠᠭᠴᠢ ᠨᠠᠷ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠬᠤᠤ | ᠵᠢᠶᠠ ᠴᠢᠶᠣᠤ ᠳᠤ ᠢᠷᠡᠭᠡᠳ ᠪᠢ ᠭᠦᠨ ᠬᠦᠮᠦᠵᠢᠯ ᠪᠠ ᠰᠡᠩᠬᠡᠷᠡᠭᠦᠯᠦᠯ ᠣᠯᠵᠠᠢ᠃ ᠠᠭᠤᠯᠠᠨ ᠭᠤᠤ ᠪᠠᠶᠠᠵᠢᠯ ᠤᠨ | ᠵᠠᠮ ᠢᠶᠠᠷ ᠵᠠᠮᠨᠠᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠰᠡᠨ ᠨᠢ ᠲᠥᠷᠥ ᠶᠢᠨ ᠪᠣᠳᠣᠯᠭ᠎ᠠ ᠶᠢᠨ ᠰᠠᠶᠢᠨ᠂ ᠬᠥᠮᠦᠨ | ᠠᠷᠠᠳ ᠤᠨ ᠴᠢᠷᠮᠠᠶᠢᠯᠭ᠎ᠠ᠂ ᠲᠡᠭᠷᠢ ᠶᠢᠨ ᠬᠡᠰᠢᠭ ᠲᠤ ᠲᠦᠰᠢᠭᠯᠡᠭᠰᠡᠨ ᠶᠤᠮ᠃ ᠠᠳᠡ ᠬᠢᠵᠦ ᠲᠡᠶᠢᠯᠬᠦ ᠵᠦᠢᠯ ᠢ | ᠪᠤᠰᠤᠳ ᠭᠠᠵᠠᠷ ᠲᠤ ᠴᠤ ᠬᠢᠵᠦ ᠳᠡᠶᠢᠯᠬᠦ ᠬᠡᠷᠡᠭᠲᠡᠢ᠃ ᠡᠭᠦᠨ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ | ᠪᠠᠶᠢᠳᠠᠯ ᠢ ᠣᠨᠣᠪᠴᠢᠲᠠᠶ ᠤᠶᠢᠯᠠᠭᠠᠨ᠂ ᠠᠰᠠᠭᠤᠳᠠᠯ ᠢ ᠨᠡᠪᠲᠡᠷᠬᠡᠶ ᠣᠶᠢᠯᠠᠭᠠᠵᠤ᠂ ᠠᠷᠭ᠎ᠠ ᠶᠢ ᠡᠷᠢᠵᠤ ᠣᠯᠵᠤ᠂ | ᠲᠤᠷᠰᠢᠯᠭ᠎ᠠ ᠪᠠᠨ ᠳ᠋ᠦᠩᠨᠡᠨ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠶᠯᠡᠳᠦᠯ ᠢ | ᠦᠷᠭᠦᠯᠵᠢᠯᠡᠨ ᠪᠠᠳᠠᠷᠠᠭᠤᠯᠵᠤ᠂ ᠨᠠᠮ ᠤᠨ ᠡᠭᠦᠷ ᠢ ᠰᠠᠶᠢᠲᠤᠷ ᠪᠠᠶᠢᠭᠤᠯᠤᠨ᠂ ᠳᠠᠭᠠᠭᠤᠯᠤᠭᠴᠢ ᠶᠢ ᠰᠠᠶᠢᠲᠤᠷ | ᠰᠣᠩᠭᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ | ᠦᠶᠯᠡᠳᠦᠯ ᠢ ᠭᠦᠶᠴᠡᠳ ᠪᠠᠳᠠᠷᠠᠭᠤᠯᠬᠤ ᠪᠣᠯ ᠴᠢᠬᠤᠯᠠ ᠶᠤᠮ ᠭᠡᠵᠦ ᠵᠢᠭᠠᠵᠤ ᠭᠠᠷᠭᠠᠪᠠ᠃ | ᠲᠣᠰᠬᠤᠨ ᠠᠴᠠ ᠠᠶᠠᠷᠯᠠᠨ ᠰᠠᠯᠬᠤ ᠦᠶ᠎ᠡ ᠳᠤ᠂ ᠰᠢ ᠶᠢᠨ ᠫᠢᠩ ᠨᠤᠲᠤᠭ ᠤᠨ ᠠᠬ᠎ᠠ ᠳᠡᠭᠦᠦ ᠨᠡᠷ ᠲᠤ᠂ | ᠬᠤᠪᠢᠰᠬᠠᠯᠲᠤ ᠲᠠᠶᠢᠨ ᠤ ᠤᠨ ᠵᠢᠯ ᠤᠳ ᠤᠨ ᠶᠡᠭᠡ ᠦᠢᠯᠡᠳᠪᠦᠷᠢᠯᠡᠯ ᠤᠨ ᠬᠥᠳᠡᠯᠭᠡᠭᠡᠨ ᠳᠤ ᠴᠦ ᠲᠡᠷᠡ᠂ ᠰᠢᠨ᠎ᠡ | ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠴᠤ ᠲᠡᠷᠡ᠂ ᠬᠤᠤ | ᠵᠢᠶᠠ ᠴᠢᠶᠣᠤ ᠶᠢᠨ ᠬᠥᠮᠦᠰ ᠢᠮᠠᠭᠲᠠ ᠰᠢᠷᠭᠠᠭᠤ ᠬᠠᠲᠠᠭᠤᠵᠢᠯᠲᠠᠢ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠪᠡ᠃ | ᠲᠠ ᠨᠠᠷ ᠤᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠵᠣᠷᠢᠭᠲᠠᠶ ᠪᠠᠷ ᠲᠦᠷᠦᠭᠦᠯᠡᠨ ᠬᠢᠵᠦ᠂ ᠡᠷᠡᠯᠬᠡᠭᠯᠡᠨ | ᠲᠡᠮᠡᠴᠡᠵᠦ᠂ ᠬᠤᠤ ᠵᠢᠶᠠ ᠴᠢᠶᠣᠤ ᠲᠣᠰᠬᠤᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ | ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | | |