ᠵᠢᠱᠢᠶ᠎ᠡ ᠦᠵᠡᠭᠦᠯᠬᠦ ᠣᠷᠣᠨ ᠤ ᠡᠯ᠎ᠡ ᠰᠠᠯᠠᠭ᠎ᠠ ᠮᠥᠴᠢᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠨᠢᠭᠡ ᠴᠣᠭᠴᠠᠵᠢᠭᠤᠯᠤᠭᠰᠠᠨ ᠰᠢᠰᠲ᠋ᠧᠮ ᠢ ᠰᠠᠶᠢᠲᠤᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2021/9/18
     2022 ᠣᠨ ᠤ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾᠂ ︽ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾᠂ ︽ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠳᠦᠷᠢᠮᠵᠢᠯ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠥᠬᠦᠶ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠢ ᠰᠦᠯᠵᠢᠶᠡᠨ ᠳᠤ ᠭᠠᠷᠭᠠᠬᠤ ᠠᠵᠢᠯ ᠯᠠᠪᠳᠠᠭᠤᠨ ᠢᠶᠠᠷ ᠠᠬᠢᠪᠠ᠃ 9 ᠰᠠᠷ᠎ᠠ ᠶᠢᠨ 6 ᠤ ᠡᠳᠦᠷ ᠠᠴᠠ 9 ᠰᠠᠷ᠎ᠠ ᠶᠢᠨ 16 ᠤ ᠡᠳᠦᠷ ᠪᠣᠯᠲᠠᠯ᠎ᠠ᠂ ᠵᠢᠱᠢᠶ᠎ᠡ ᠦᠵᠡᠭᠦᠯᠬᠦ ᠣᠷᠣᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠤᠨ ᠲᠥᠰᠦᠪ ᠢ ᠨᠠᠶᠢᠷᠠᠭᠤᠯᠤᠨ ᠵᠣᠬᠢᠶᠠᠬᠤ ᠰᠠᠭᠤᠷᠢ ᠮᠡᠳᠡᠭᠡ ᠵᠠᠩᠭᠢ ᠶᠢ ᠪᠢᠴᠢᠵᠦ ᠣᠷᠣᠭᠤᠯᠬᠤ ᠠᠵᠢᠯ ᠢ ᠬᠢᠪᠡ᠃      9 ᠰᠠᠷ᠎ᠠ ᠶᠢᠨ 16 ᠤ ᠣᠷᠣᠶ ᠪᠣᠯᠲᠠᠯ᠎ᠠ᠂ ᠵᠢᠱᠢᠶ᠎ᠡ ᠦᠵᠡᠭᠦᠯᠬᠦ ᠣᠷᠣᠨ ᠤ 33 ᠲᠥᠰᠦᠪ ᠤᠨ ᠨᠢᠭᠡᠴᠡ ᠰᠢᠨ᠎ᠡ ︽ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ︾ ᠳᠤ ᠲᠥᠰᠦᠪ ᠨᠠᠶᠢᠷᠠᠭᠤᠯᠤᠨ ᠵᠣᠬᠢᠶᠠᠬᠤ ᠰᠠᠭᠤᠷᠢ ᠮᠡᠳᠡᠭᠡ ᠵᠠᠩᠭᠢ ᠶᠢ ᠪᠢᠴᠢᠵᠦ ᠣᠷᠣᠭᠤᠯᠬᠤ ᠠᠵᠢᠯ ᠢ ᠤᠷᠤᠭᠰᠢᠲᠠᠶ ᠪᠡᠶᠡᠯᠡᠭᠦᠯᠦᠭᠰᠡᠨ ᠪᠥᠭᠡᠳ ᠡᠳ᠋ ᠤᠨ ᠵᠠᠰᠠᠭ ᠮᠥᠩᠭᠦᠨ ᠬᠦᠢᠯᠭᠡᠭᠡᠨ ᠤ ᠲᠣᠪᠴᠢᠶ᠎ᠠ ᠶᠢᠨ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠢᠶᠠᠷ ᠳᠠᠬᠢᠨ ᠳᠠᠪᠲᠠᠨ ᠬᠢᠨᠠᠨ ᠬᠠᠷᠭᠤᠭᠤᠯᠤᠭᠠᠳ ᠲᠥᠰᠦᠪ ᠤᠨ ᠰᠠᠯᠠᠭ᠎ᠠ ᠳᠤ ᠲᠠᠩᠰᠠ ᠡᠪᠬᠡᠮᠡᠯ ᠳᠤ ᠣᠷᠣᠭᠤᠯᠵᠤ᠂ ᠲᠠᠷᠠᠭᠠᠴᠢ ᠶᠢᠨ ᠠᠯᠬᠤᠮ ᠤᠨ 2022 ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠳᠤ ᠰᠠᠭᠤᠷᠢ ᠶᠢ ᠪᠠᠲᠤᠳᠬᠠᠪᠠ᠃      ᠲᠥᠰᠦᠪ ᠤᠨ ᠬᠠᠮᠢᠶᠠᠷᠤᠯᠲᠠ ᠶᠢ ᠨᠢᠭᠡ ᠴᠣᠠᠠᠴᠠᠵᠢᠭᠤᠯᠥᠠᠠᠰᠠᠨ ᠰᠢᠰᠲ᠋ᠧᠮ ᠢ ᠰᠦᠯᠵᠢᠶᠡᠨ ᠳᠤ ᠭᠠᠷᠭᠠᠬᠤ ᠠᠵᠢᠯ ᠵᠢᠴᠢ 2022 ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠲᠠᠷᠠᠭᠠᠴᠢ ᠶᠢᠨ ᠠᠯᠬᠤᠮ ᠳᠤ᠂ ᠡᠯ᠎ᠡ ᠲᠥᠰᠦᠪ ᠤᠨ ᠨᠢᠭᠡᠴᠡ ᠨᠢ ᠲᠥᠰᠦᠪ ᠢ ᠨᠠᠶᠢᠷᠠᠭᠤᠯᠤᠨ ᠵᠣᠬᠢᠶᠠᠬᠤ ᠳᠠᠭᠠᠨ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠲᠣᠭᠲᠠᠭᠰᠠᠨ ᠴᠠᠭ ᠬᠤᠭᠤᠴᠠᠭ᠎ᠠ ᠪᠠ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠬᠥᠮᠥᠷᠭᠡ ᠶᠢ ᠬᠢᠨᠠᠮᠠᠭᠠᠶ᠂ ᠴᠠᠭ ᠲᠤᠬᠠᠶ ᠳᠤᠨᠢ ᠮᠡᠳᠡᠭᠦᠯᠵᠦ᠂ ᠲᠥᠰᠦᠪ ᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠮᠠᠲ᠋ᠧᠷᠢᠶᠠᠯ ᠢ ᠮᠡᠳᠡᠭᠦᠯᠦᠨ ᠬᠦᠷᠭᠡᠵᠦ᠂ ᠦᠨᠳᠦᠰᠦᠯᠡᠯ ᠨᠢ ᠬᠦᠢᠴᠡᠳ᠂ ᠠᠭᠤᠯᠭ᠎ᠠ ᠨᠢ ᠪᠦᠷᠢᠨ ᠪᠦᠲᠦᠨ᠂ ᠲᠤᠭ᠎ᠠ ᠪᠠᠷᠢᠮᠲᠠ ᠨᠢ ᠦᠨᠡᠨ ᠪᠣᠳᠠᠲᠠᠶ ᠪᠠᠶᠢᠬᠤ ᠶᠢ ᠪᠡᠶᠡᠯᠡᠭᠦᠯᠵᠦ᠂ 2022 ᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠣᠰᠣᠭᠠᠷ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号