ᠠᠯᠠᠱᠠ᠄ ᠰᠢᠨ᠎ᠡ ᠴᠠᠭ ᠦᠶ᠎ᠡ ᠶᠢᠨ ᠪᠣᠯᠪᠠᠰᠤᠨ ᠤ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2021/9/18
      ᠤᠶᠤᠨ ᠤ ᠪᠣᠯᠪᠠᠰᠤᠨ ᠪᠣᠯ ᠨᠡᠶᠢᠭᠡᠮ ᠤᠨ ᠬᠥᠭᠵᠢᠯᠲᠡ ᠲᠠᠪᠰᠢᠯᠳᠠ ᠶᠢᠨ ᠬᠠᠮᠤᠭ ᠤᠨ ᠭᠦᠨ ᠭᠦᠨᠵᠡᠭᠡᠢ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠮᠥᠨ᠃ ᠡᠨᠡ ᠵᠢᠯ ᠠᠴᠠ ᠨᠠᠰᠢ᠂ ᠮᠠᠨ ᠤ ᠠᠶᠢᠮᠠᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠭᠡᠵᠢᠬᠦᠯᠵᠦ᠂ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠠᠮᠵᠢᠯᠲᠠ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠴᠤ᠂ ᠪᠣᠯᠪᠠᠰᠤᠨ ᠤ ᠤᠳᠬᠠᠴᠢᠯᠠᠭᠰᠠᠨ᠂ ᠡᠶ᠎ᠡ ᠵᠣᠬᠢᠴᠠᠩᠭᠤᠶ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠰᠢᠨ᠎ᠡ ᠵᠢᠷᠤᠭ ᠲᠥᠯᠥᠪᠯᠡᠭᠡ︾ ᠶᠢ ᠵᠢᠷᠤᠭᠯᠠᠪᠠ᠃       ᠰᠣᠶᠣᠯ ᠪᠣᠯ ᠨᠢᠭᠡ ᠬᠤᠲᠠ ᠶᠢᠨ ᠰᠦᠭ ᠰᠦᠨᠡᠰᠦ᠂ ᠵᠣᠷᠢᠭ ᠰᠠᠨᠠᠭ᠎ᠠ ᠪᠣᠯ ᠨᠢᠭᠡ ᠬᠤᠲᠠ ᠶᠢᠨ ᠥᠷᠯᠥᠭ ᠬᠥᠰᠢᠶ᠎ᠡ ᠮᠦᠨ᠃ ︽ᠤᠰᠤᠨ ᠳᠤ ᠤᠨᠠᠭᠰᠠᠨ ᠬᠥᠮᠦᠨ ᠢ ᠠᠪᠤᠷᠬᠠᠰᠠᠨ︾ ᠰᠠᠭᠤᠭᠠᠯᠢ ᠠᠷᠠᠳ ᠯᠢᠦ ᠱᠧᠩ ᠯᠢ᠂ ᠪᠠᠴᠢᠮ ᠪᠠᠶᠢᠳᠠᠯ ᠢ ᠠᠷᠭᠠᠴᠠᠭᠠᠭᠰᠠᠨ ᠴᠠᠬᠢᠯᠭᠠᠨ ᠬᠦᠴᠦᠨ ᠤ 6 ᠠᠵᠢᠯᠳᠠᠨ ᠬᠡᠬᠦ ᠮᠡᠳᠦ᠃ ᠣᠶᠢᠷ᠎ᠠ ᠶᠢᠨ ᠵᠢᠯ ᠳᠤ᠂ ᠮᠠᠨ ᠤ ᠠᠶᠢᠮᠠᠭ ᠶᠣᠰᠣ ᠰᠤᠷᠲᠠᠬᠤᠨ ᠤ ᠵᠢᠱᠢᠶᠡᠴᠢ ᠶᠢ ᠰᠣᠩᠭᠤᠨ ᠪᠣᠶ ᠪᠣᠯᠭᠠᠬᠤ ᠶᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤᠮᠳᠠ ᠠᠭᠤᠰᠤᠯᠴᠠᠭᠤᠯᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠣᠢ ᠪᠣᠯᠭᠠᠨ ᠦᠢᠯᠡᠳᠦᠯᠬᠡᠵᠢᠬᠦᠯᠵᠦ᠂ ᠪᠥᠬᠦ ᠠᠶᠢᠮᠠᠭ ᠲᠤ ᠶᠣᠰᠣ ᠰᠤᠷᠲᠠᠬᠤᠨ ᠤ ᠵᠢᠱᠢᠶᠡᠴᠢ᠂ ᠲᠡᠷᠢᠭᠦᠨ ᠤ ᠵᠢᠱᠢᠶᠡᠴᠢ ᠶᠢ ᠥᠷᠭᠡᠨ ᠢᠶᠠᠷ ᠢᠯᠡᠷᠡᠭᠦᠯᠵᠦ᠂ ᠰᠣᠩᠭᠤᠨ ᠪᠣᠶ ᠪᠣᠯᠭᠠᠬᠤ᠂ ᠬᠥᠬᠢᠭᠦᠯᠦᠨ ᠰᠠᠶᠢᠰᠢᠶᠠᠬᠤ᠂ ᠤᠬᠠᠭᠤᠯᠬᠤ᠂ ᠬᠠᠪᠰᠤᠷᠤᠨ ᠲᠡᠳᠬᠦᠬᠦ ᠳᠤᠮᠳᠠ ᠲᠠᠰᠤᠷᠠᠯᠲᠠ ᠥᠬᠡᠶ ᠴᠣᠯᠭᠤᠷᠠᠨ ᠭᠠᠷᠴᠤ᠂ ᠶᠣᠰᠣ ᠰᠤᠷᠲᠠᠬᠤᠨ ᠢ ᠡᠷᠬᠢᠮᠯᠡᠨ ᠴᠠᠶᠢᠯᠭᠠᠨ ᠰᠡᠳᠬᠢᠯ ᠲᠠᠢ ᠶᠠᠪᠤᠬᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠨᠡᠶᠢᠭᠡᠮ ᠤᠨ ᠪᠣᠯᠪᠠᠰᠤᠨ ᠬᠡᠪ ᠰᠤᠷᠲᠠᠯ ᠢ ᠢᠳᠡᠪᠬᠢᠲᠡᠶ ᠬᠥᠲᠥᠯᠥᠨ ᠳᠠᠭᠠᠭᠤᠯᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠲᠤ ᠴᠠᠭ ᠦᠶ᠎ᠡ ᠶᠢᠨ ᠵᠢᠱᠢᠶᠡᠴᠢ 1 ᠬᠥᠮᠦᠨ᠂ ᠪᠥᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ ᠵᠢᠴᠢ ᠨᠡᠷ᠎ᠡ ᠳᠤᠷᠠᠳᠤᠭᠰᠠᠨ ᠱᠠᠩᠨᠠᠯ ᠢ ᠳᠣᠰᠣᠭᠰᠠᠨ 3 ᠬᠥᠮᠦᠨ᠂ ᠳᠤᠮᠳᠠᠳᠤ ᠤᠯᠤᠰ ᠤᠨ ᠰᠠᠶᠢᠨ ᠬᠥᠮᠦᠨ 8 ᠬᠥᠮᠦᠨ᠂ ᠤᠮᠠᠷᠠᠲᠤ ᠬᠢᠯᠢ ᠶᠢᠨ ᠵᠢᠱᠢᠶᠡᠴᠢ 2 ᠬᠥᠮᠦᠨ᠂ ᠥᠪᠡᠷᠲᠡᠭᠡᠨ ᠵᠠᠰᠠᠬᠤ ᠣᠷᠣᠨ ᠤ ᠶᠣᠰᠣ ᠰᠤᠷᠲᠠᠬᠤᠨ ᠤ ᠵᠢᠱᠢᠶᠡᠴᠢ ᠵᠢᠴᠢ ᠨᠡᠷ᠎ᠡ ᠳᠤᠷᠠᠳᠤᠭᠰᠠᠨ ᠱᠠᠩᠨᠠᠯ ᠢ ᠳᠣᠰᠣᠭᠰᠠᠨ 46 ᠬᠥᠮᠦᠨ᠂ ᠥᠪᠡᠷᠲᠡᠭᠡᠨ ᠵᠠᠰᠠᠬᠤ ᠣᠷᠣᠨ ᠤ ᠰᠠᠶᠢᠨ ᠬᠥᠮᠦᠨ 54 ᠬᠥᠮᠦᠨ᠂ ᠠᠶᠢᠮᠠᠭ ᠤᠨ ᠲᠠᠰ ᠤᠨ ᠶᠣᠰᠣ ᠰᠤᠷᠲᠠᠬᠤᠨ ᠤ ᠵᠢᠱᠢᠶᠡᠴᠢ 110 ᠬᠥᠮᠦᠨ᠂ ᠠᠯᠠᠱᠠ ᠶᠢᠨ ᠰᠠᠶᠢᠨ ᠬᠥᠮᠦᠨ 315 ᠬᠥᠮᠦᠨ᠂ ᠠᠶᠢᠮᠠᠭ ᠤᠨ ᠲᠠᠰ ᠵᠢᠴᠢ ᠲᠡᠭᠦᠨ ᠠᠴᠠ ᠳᠡᠭᠡᠭᠰᠢᠬᠢ ︽ᠰᠡᠳᠬᠢᠯ ᠬᠥᠳᠡᠯᠭᠡᠮ᠎ᠡ ᠬᠥᠮᠦᠨ︾᠂ ︽ᠬᠠᠮᠤᠭ ᠤᠨ ᠰᠢᠯᠢᠳᠡᠭ ᠳᠠᠭᠤᠷᠢᠶᠠᠯ︾᠂ ︽ᠳᠡᠷᠭᠡᠳᠡᠬᠢ ᠰᠠᠶᠢᠨ ᠬᠥᠮᠦᠨ︾ ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠭᠰᠡᠨ 610 ᠭᠠᠷᠤᠶ ᠬᠥᠮᠦᠨ ᠪᠣᠶ᠃ ᠡᠭᠦᠨ ᠤ ᠬᠠᠮᠲᠤ᠂ ︽ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ᠶᠢᠨ ᠲᠣᠭᠤᠷᠢᠨ ᠳᠤ᠂ ︽ᠶᠣᠰᠣ ᠰᠤᠷᠲᠠᠬᠤᠨ ᠢ ᠡᠷᠬᠢᠮᠯᠡᠭᠰᠡᠨ ᠳᠡᠮᠡᠭᠡᠳᠦ ᠨᠤᠲᠤᠭ︾᠂ ︽ᠮᠣᠷᠠᠯ ᠢ ᠳᠡᠭᠡᠳᠦᠯᠡᠭᠰᠡᠨ ᠠᠯᠠᠱᠠ︾ ᠵᠡᠷᠭᠡ ᠶᠣᠰᠣ ᠰᠤᠷᠲᠠᠬᠤᠨ ᠤ ᠪᠠᠶᠢᠭᠤᠯᠤᠯᠲᠠ ᠶᠢᠨ ᠲᠥᠷᠥᠯ ᠲᠡᠮᠳᠡᠭ ᠢ ᠬᠦᠴᠦᠯᠡᠨ ᠡᠭᠦᠳᠴᠦ᠂ ᠴᠠᠭ ᠦᠶ᠎ᠡ ᠶᠢᠨ ᠰᠡᠳᠬᠢᠯᠭᠡ ᠪᠠᠷ ᠪᠢᠯᠬᠠᠮ᠎ᠠ᠂ ᠢᠳᠡᠪᠬᠢ ᠬᠦᠴᠦᠨ ᠢᠶᠠᠷ ᠪᠢᠯᠬᠠᠮ᠎ᠠ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠴᠣᠯᠭᠤᠷᠠᠨ ᠭᠠᠷᠪᠠ᠃ ᠡᠳᠦᠭᠡ᠂ ᠡᠯ᠎ᠡ ᠲᠦᠷᠦᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠨᠡᠶᠢᠭᠡᠮ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠠᠯᠠᠱᠠ ᠶᠢᠨ ᠡᠬᠡ ᠭᠠᠵᠠᠷ ᠲᠤ ᠦᠨᠳᠦᠰᠦᠯᠡᠭᠦᠯᠵᠦ᠂ ᠪᠣᠳᠠᠳᠣ ᠦᠷ᠎ᠡ ᠪᠦᠳᠦᠮᠵᠢ ᠣᠯᠪᠠ᠃       ᠭᠤᠷᠪᠠᠨ ᠭᠤᠤᠯ ᠤᠨ ᠭᠤᠤ ᠶᠢ ᠴᠡᠪᠡᠷᠯᠡᠬᠦ ᠠᠵᠢᠯ ᠡᠬᠢᠯᠡᠭᠰᠡᠨ ᠠᠴᠠ ᠨᠠᠰᠢ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠪᠠᠶᠠᠨᠬᠤᠲᠠ ᠶᠢᠨ ︽ᠭᠤᠷᠪᠠᠨ ᠪᠣᠭᠢᠷᠳᠣᠯ︾ ᠬᠡᠮᠡᠭᠳᠡᠭᠰᠡᠨ ᠬᠤᠳᠠ ᠶᠢᠨ ᠪᠢᠴᠢᠬᠠᠨ ᠭᠤᠷᠤᠬ᠎ᠠ ᠨᠢ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠠᠴᠠ ᠪᠣᠯᠵᠤ᠂ ᠬᠥᠮᠦᠨ ᠤ ᠡᠭᠳᠡᠭᠦᠦ ᠶᠢ ᠬᠦᠷᠭᠡᠳᠡᠭ ᠪᠣᠬᠢᠷᠳᠣᠯ ᠪᠠᠶᠢᠯ᠎ᠠ᠃ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠢ ᠬᠠᠮᠠᠭᠠᠯᠠᠬᠤ ᠲᠥᠪ ᠨᠢ ᠡᠨᠡ ᠵᠢᠯ ᠭᠤᠷᠪᠠᠨ ᠭᠤᠤᠯ ᠤᠨ ᠭᠤᠤ ᠳᠤ 4 ᠤᠳᠠᠭ᠎ᠠ ᠲᠥᠪᠯᠡᠷᠡᠭᠦᠯᠦᠨ ᠴᠡᠪᠡᠷᠯᠡᠬᠦ ᠠᠵᠢᠯ ᠥᠷᠨᠢᠭᠦᠯᠵᠦ᠂ ᠭᠤᠤᠯ ᠤᠨ ᠭᠤᠤ ᠨᠢ ᠴᠦ ᠳᠠᠬᠢᠨᠲᠠ ᠲᠤᠩᠭᠠᠯᠠᠭᠰᠢᠪᠠ᠃ ᠣᠶᠢᠷ᠎ᠠ ᠶᠢᠨ ᠬᠡᠳᠦᠨ ᠵᠢᠯ ᠳᠤ᠂ ᠮᠠᠨ ᠤ ᠠᠶᠢᠮᠠᠭ ︽ᠠᠶᠢᠮᠠᠭ ᠬᠤᠰᠢᠭᠤ ᠬᠤᠯᠪᠣᠭᠠᠯᠠᠨ ᠬᠥᠳᠡᠯᠦᠯᠴᠡᠵᠦ᠂ ᠪᠥᠬᠦ ᠣᠷᠣᠨ ᠪᠦᠰᠡ ᠪᠠᠷ ᠠᠬᠢᠭᠤᠯᠬᠤ︾ ᠡᠭᠦᠳᠦᠨ ᠪᠠᠶᠢᠭᠤᠯᠬᠤ ᠰᠡᠳᠬᠢᠮᠵᠢ ᠶᠣᠰᠣᠭᠠᠷ᠂ ᠡᠵᠡᠨ᠎ᠡ ᠬᠤᠰᠢᠭᠤ ᠶᠢ ᠪᠥᠬᠦ ᠤᠯᠤᠰ ᠤᠨ ᠰᠢᠶᠠᠨ ᠤ ᠲᠠᠰ ᠤᠨ ᠪᠣᠯᠪᠠᠰᠤᠨ ᠬᠤᠲᠠ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠬᠦ ᠶᠢᠨ ᠬᠠᠮᠲᠤ᠂ ᠡᠯ᠎ᠡ ᠨᠡᠭᠡᠭᠡᠯᠲᠡ ᠶᠢᠨ ᠣᠷᠣᠨ ᠤ ᠪᠠᠶᠢᠭ᠎ᠠ ᠭᠠᠵᠠᠷ ᠲᠤ ᠪᠥᠬᠦ ᠤᠯᠤᠰ ᠤᠨ ᠪᠣᠯᠪᠠᠰᠤᠨ ᠪᠠᠯᠭᠠᠰᠤ ᠶᠢ ᠴᠢᠷᠮᠠᠶᠢᠨ ᠪᠠᠶᠢᠭᠤᠯᠬᠤ ᠶᠢ ᠠᠬᠢᠭᠤᠯᠪᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ᠂ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠵᠠᠰᠠᠬᠤ ᠵᠡᠷᠭᠡ       ︽ᠲᠤᠯᠤᠭᠠᠨ ᠶᠡᠭᠡ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ︽ᠪᠤᠵᠠᠷ ᠪᠤᠷᠲᠠᠭ ᠢ ᠵᠠᠰᠠᠬᠤ᠂ ᠡᠮᠬᠢ ᠵᠠᠮᠪᠠᠷᠠᠭ᠎ᠠ ᠦᠬᠡᠢ ᠪᠠᠶᠢᠳᠠᠯ ᠢ ᠴᠡᠭᠴᠡᠯᠡᠬᠦ᠂ ᠲᠦᠭᠵᠢᠷᠡᠯ ᠢ ᠵᠠᠰᠠᠬᠤ᠂ ᠮᠠᠭᠤ ᠶᠢ ᠵᠠᠰᠠᠬᠤ᠂ ᠬᠦᠴᠢᠷᠳᠡᠯ ᠢ ᠵᠠᠰᠠᠬᠤ︾ ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠡᠭᠦᠨ ᠤ ᠬᠠᠮᠲᠤ᠂ ᠠᠶᠢᠮᠠᠭ ᠬᠤᠰᠢᠭᠤ ᠶᠢᠨ ᠰᠢᠨ᠎ᠡ ᠶᠢ ᠡᠭᠦᠳᠬᠦ ᠬᠤᠲᠠ ᠶᠢ ᠬᠤᠯᠪᠣᠭᠠᠯᠠᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠵᠡᠨ᠎ᠡ ᠬᠤᠰᠢᠭᠤᠨ ᠤ 46 ᠲᠥᠷᠥᠯ ᠤᠨ 102 ᠲᠤᠬᠠᠶ ᠶᠢᠨ ᠭᠠᠵᠠᠷ ᠲᠤ ᠭᠤᠶᠤᠴᠢᠯᠠᠨ ᠮᠡᠳᠡᠭᠦᠯᠬᠦ ᠴᠡᠭ ᠲᠤ 2 ᠡᠭᠡᠯᠵᠢ ᠶᠢᠨ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠠᠯᠠᠱᠠ ᠵᠡᠭᠦᠨ ᠬᠤᠰᠢᠭᠤᠨ ᠤ 46 ᠲᠥᠷᠥᠯ ᠤᠨ 210 ᠲᠤᠬᠠᠶ ᠶᠢᠨ ᠭᠠᠵᠠᠷ ᠲᠤ ᠭᠤᠶᠤᠴᠢᠯᠠᠨ ᠮᠡᠳᠡᠭᠦᠯᠬᠦ ᠴᠡᠭ ᠲᠤ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ ᠡᠭᠦᠨ ᠤ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ᠂ ᠤᠬᠠᠭᠤᠯᠭ᠎ᠠ ᠶᠢᠨ ᠪᠤᠯᠤᠩ᠂ ᠡᠯᠧᠺᠲᠷᠣᠨ ᠳᠡᠯᠭᠡᠴᠡ᠂ ᠲᠦᠷᠢᠶᠡᠰᠦᠨ ᠮᠠᠰᠢᠨ ᠲᠡᠷᠭᠡ ᠶᠢᠨ ᠵᠠᠷ ᠮᠡᠳᠡᠭᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠪᠣᠯᠪᠠᠰᠣᠨ ᠬᠤᠲᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠦᠷᠭᠦᠯᠵᠢᠯᠡᠨ ᠢᠯᠡᠴᠢᠯᠡᠪᠡ᠃       ᠬᠤᠳᠠ ᠨᠢ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠵᠤ᠂ ᠥᠷᠭᠡᠨ ᠠᠭᠤᠳᠠᠮ ᠬᠥᠳᠡᠭᠡ ᠲᠣᠰᠬᠤᠨ ᠢ ᠴᠤ ᠦᠵᠡᠰᠬᠦᠯᠡᠩᠲᠦ ᠰᠠᠶᠢᠬᠠᠨ ᠢᠷᠡᠭᠡᠳᠦᠢ ᠲᠡᠰᠢ ᠬᠥᠭᠵᠢᠭᠦᠯᠦᠨ᠎ᠡ᠃ ᠳᠡᠯᠭᠡᠷ ᠵᠤᠨ ᠤ ᠤᠯᠠᠷᠢᠯ ᠳᠤ᠂          ︽ᠬᠤᠳᠠ ᠶᠢᠨ ᠡᠮᠦᠨᠡᠬᠢ ᠨᠣᠭᠤᠭᠠᠨ ᠤ ᠰᠠᠭᠤᠷᠢᠨ︾ ᠬᠡᠮᠡᠭᠳᠡᠭᠰᠡᠨ ᠠᠯᠠᠱᠠ ᠵᠡᠭᠦᠨ ᠬᠤᠰᠢᠭᠤᠨ ᠤ ᠪᠠᠶᠠᠠᠬᠦ᠋ᠳᠡᠭᠡ ᠭᠠᠴᠠᠭ᠎ᠠ ᠳᠤ ᠬᠦᠷᠬᠦ ᠳᠤ᠂ ᠲᠣᠰᠬᠤᠨ ᠤ ᠵᠠᠮ ᠰᠠᠷᠠᠭᠤᠯ ᠳᠠᠷᠳᠠᠩ᠂ ᠰᠢᠨ᠎ᠡ ᠰᠠᠭᠤᠴᠠ ᠰᠠᠷᠠᠭᠤᠯ ᠳᠠᠷᠳᠠᠩ᠂ ᠬᠠᠰᠢᠶ᠎ᠠ ᠰᠠᠷᠠᠪᠴᠢ ᠴᠡᠪᠡᠷ ᠴᠡᠮᠴᠡᠭᠡᠷ᠂ ᠳᠤᠯᠠᠭᠠᠨ ᠬᠦᠯᠡᠮᠵᠢ ᠨᠣᠭᠤᠭ᠎ᠠ ᠴᠠᠭ᠎ᠠ ᠪᠠᠷ ᠳᠦᠭᠦᠷᠴᠦ᠂ ᠬᠥᠮᠦᠰ ᠤᠨ ᠰᠡᠳᠬᠢᠯ ᠢ ᠪᠠᠶᠠᠰᠬᠠᠮ᠎ᠠ ᠦᠵᠡᠮᠵᠢ ᠲᠠᠢ ᠪᠠᠶᠢᠯ᠎ᠠ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ︽ᠪᠥᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ ᠶᠢ ᠰᠢᠯᠭᠠᠨ ᠦᠨᠡᠯᠡᠬᠦ ᠰᠢᠰᠲ᠋ᠧᠮᠵᠢ︾ ᠶᠢᠨ ᠠᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠪᠤᠵᠠᠷ  ᠡᠮᠬᠢ ᠵᠠᠮᠪᠠᠷᠠᠭ᠎ᠠ ᠦᠬᠡᠢ ᠪᠠᠶᠢᠳᠠᠯ ᠢ ᠬᠦᠴᠦᠯᠡᠨ ᠵᠠᠰᠠᠵᠤ᠂ ᠲᠣᠰᠬᠤᠨ ᠤ ᠳᠦᠷᠢ ᠲᠥᠷᠬᠦ ᠶᠢ ᠳᠡᠭᠡᠭᠰᠢᠯᠡᠭᠦᠯᠬᠦ ᠶᠢ ᠠᠬᠢᠭᠤᠯᠤᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠤᠰᠢᠭᠤ ᠲᠠᠰ ᠠᠴᠠ ᠳᠡᠭᠡᠭᠰᠢᠬᠢ ᠪᠣᠯᠪᠠᠰᠤᠨ ᠲᠣᠰᠬᠤᠨ ᠪᠠᠯᠭᠠᠰᠤ ᠶᠢᠨ ᠡᠵᠡᠯᠡᠬᠦ ᠬᠠᠷᠢᠴᠠᠯ ︽ᠬᠤᠶᠠᠷ 55 %︾ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠡᠭᠦᠨ ᠤ ᠬᠠᠮᠲᠤ᠂ ︽ᠲᠠᠪᠤ ᠶᠢ ᠥᠭᠡᠷᠡᠴᠢᠯᠡᠵᠦ ᠲᠠᠪᠤ ᠶᠢ ᠳᠡᠭᠡᠭᠰᠢᠯᠡᠭᠦᠯᠬᠦ︾ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠳᠤᠮᠳᠠᠳᠤ ᠶᠢᠨ ᠬᠦᠰᠡᠯᠡᠩ᠂ ᠭᠤᠤᠯᠯᠠᠭᠴᠢ ᠥᠷᠲᠡᠭ ᠤᠨ ᠦᠵᠡᠯᠲᠡ᠂ ᠰᠢᠨᠵᠢᠯᠡᠬᠦ ᠤᠬᠠᠭᠠᠨ ᠤ ᠮᠡᠳᠡᠯᠭᠡ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ᠃ ︽ᠠᠯᠠᠱᠠ ᠠᠶᠢᠮᠠᠭ ᠤᠨ ᠮᠠᠯᠴᠢᠨ ᠲᠠᠷᠢᠶᠠᠴᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠢᠴᠢ ᠨᠤᠲᠤᠭ ᠤᠨ ᠰᠤᠷᠲᠠᠯ ᠢ ᠪᠣᠯᠪᠠᠰᠤᠨ ᠪᠠᠶᠢᠯᠭᠠᠬᠤ ᠵᠢᠯᠣᠭᠤᠳᠬᠤ ᠭᠠᠷ ᠳᠡᠪᠲᠡᠷ︾ ᠢ ᠨᠠᠶᠢᠷᠠᠭᠤᠯᠤᠨ ᠬᠡᠪᠯᠡᠭᠦᠯᠵᠦ᠂  ᠠᠯᠵᠠᠭᠤ ᠬᠤᠶᠢᠷᠭᠤ᠂ ᠱᠠᠯᠢᠨ ᠪᠦᠷᠢᠯᠭᠡᠬᠦ᠂ ᠥᠨᠳᠥᠷ ᠦᠨᠡᠳᠦ ᠪᠡᠯᠡᠭ ᠬᠦᠷᠭᠡᠬᠦ᠂ ᠠᠷᠢᠬᠢᠨ ᠳᠤ ᠰᠢᠨᠤᠵᠤ ᠵᠣᠭᠤᠰ ᠨᠠᠭᠠᠳᠬᠤ᠂ ᠹᠸᠤᠳᠠᠯ ᠤᠨ ᠮᠤᠬᠤᠷ ᠪᠢᠰᠢᠷᠡᠯ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠬᠦᠴᠦᠯᠡᠨ ᠠᠷᠢᠯᠭᠠᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ  ᠪᠣᠢ ᠪᠣᠯᠭᠠᠵᠦ᠂ ᠪᠣᠯᠪᠠᠰᠤᠨ ᠢᠶᠠᠷ ᠠᠷᠠᠳ ᠲᠦᠮᠡᠨ ᠤ ᠠᠮᠢᠳᠤᠷᠠᠯ ᠢ ᠣᠮᠳᠠᠯᠠᠪᠠ᠃ ᠪᠦᠬᠦ ᠠᠶᠢᠮᠠᠭ ᠤᠨ 31 ᠰᠤᠮᠤ ᠪᠠᠯᠭᠠᠰᠤ ᠶᠢᠨ 200 ᠭᠠᠴᠠᠭ᠎ᠠ ᠲᠣᠰᠬᠤᠨ ᠳᠤ᠂ ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ 5᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠲᠣᠰᠬᠤᠨ ᠪᠠᠯᠭᠠᠰᠤ 28᠂ ᠠᠶᠢᠮᠠᠭ ᠤᠨ ᠲᠠᠰ ᠤᠨ ᠪᠣᠯᠪᠠᠰᠤᠨ ᠲᠣᠰᠬᠤᠨ ᠪᠠᠯᠭᠠᠰᠤ 66᠂ ᠬᠤᠰᠢᠭᠤᠨ ᠤ ᠲᠠᠰ ᠤᠨ ᠪᠣᠯᠪᠠᠰᠤᠨ ᠲᠣᠰᠬᠤᠨ ᠪᠠᠯᠭᠠᠰᠤ 55 ᠪᠤᠶ᠃       ᠮᠠᠨ ᠤ ᠠᠶᠢᠮᠠᠭ ᠥᠷᠭᠡᠨ ᠣᠯᠠᠨ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠣᠶ ᠪᠣᠯᠭᠠᠨ ᠦᠢᠯᠡᠳᠦᠯᠬᠡᠵᠢᠬᠦᠯᠪᠡ᠃ ᠪᠦᠬᠦ ᠠᠶᠢᠮᠠᠭ ᠤᠨ 37 ᠳᠤᠮᠳᠠᠳᠤ ᠪᠠᠭ᠎ᠠ ᠰᠤᠷᠭᠠᠭᠤᠯᠢ ᠳᠤ᠂ ᠪᠦᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ 1᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠤᠷᠭᠠᠭᠤᠯᠢ ᠶᠢᠨ ᠬᠦᠷᠢᠶ᠎ᠡ 1᠂ ᠠᠶᠢᠮᠠᠭ ᠤᠨ ᠲᠡᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ 18 ᠪᠠᠶᠢᠵᠤ᠂ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠣᠯᠪᠠ᠃ ᠮᠠᠨ ᠤ ᠠᠶᠢᠮᠠᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠰᠢᠯᠭᠠᠨ ᠦᠨᠡᠯᠡᠬᠦ ᠨᠠᠷᠢᠨ ᠳᠦᠷᠢᠮ ᠤᠨ ᠠᠵᠢᠯᠯᠠᠭᠠᠨ ᠤ ᠭᠠᠷ ᠳᠡᠪᠲᠡᠷ︾ ᠲᠠᠢ ᠨᠢᠭᠲᠠ ᠤᠶᠠᠯᠳᠤᠭᠤᠯᠤᠨ᠂ ᠪᠣᠯᠪᠠᠰᠣᠨ ᠬᠤᠲᠠ ᠶᠢ ᠡᠭᠦᠳᠦᠨ ᠪᠠᠶᠢᠭᠤᠯᠬᠤ ᠶᠢ ᠪᠠᠶᠢᠴᠠᠭᠠᠬᠤ ᠠᠵᠢᠯ ᠢ ᠤᠭᠲᠤᠬᠤ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠷᠡᠭᠦᠯ ᠦᠭᠡᠳᠡᠷᠡᠭ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠲᠠᠢ ᠤᠶᠠᠯᠳᠤᠭᠤᠯᠤᠨ᠂ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾ ᠦᠨᠳᠦᠰᠦᠨ ᠡᠭᠦᠷᠭᠡ ᠶᠢᠨ ᠲᠣᠭᠤᠷᠢᠨ ᠳᠤ᠂ ︽ᠡᠬᠡ ᠤᠯᠤᠰ ᠢᠶᠠᠨ ᠬᠠᠶᠢᠷᠠᠯᠠᠵᠤ ᠶᠡᠭᠡ ᠡᠭᠦᠷᠭᠡ ᠶᠢ ᠡᠭᠦᠷᠭᠡᠯᠡᠨ ᠰᠢᠨ᠎ᠡ ᠬᠥᠮᠦᠨ ᠪᠣᠯᠬᠤ︾᠂ ︽ᠤᠯᠤᠰ ᠤᠨ ᠲᠤᠭ ᠤᠨ ᠳᠤᠤᠷ᠎ᠠ ᠦᠰᠦᠨ ᠪᠤᠶᠢᠵᠢᠬᠤ︾ ᠵᠡᠷᠭᠡ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠨᠠᠮ ᠤᠨ ᠲᠡᠦᠬᠡ ᠤᠯᠤᠰ ᠤᠨ ᠲᠡᠦᠬᠡ ᠶᠢᠨ ᠬᠥᠮᠦᠵᠢᠯ᠂ ᠪᠣᠯᠪᠠᠰᠤᠨ ᠶᠣᠰᠣᠯᠠᠯ ᠤᠨ ᠬᠥᠮᠦᠵᠢᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ︽ᠨᠠᠢᠮᠠᠨ ᠶᠣᠰᠣᠯᠠᠯ ᠳᠥᠷᠪᠡᠨ ᠳᠦᠷᠢᠮᠵᠢᠯ︾ ᠤᠨ ᠬᠥᠮᠦᠵᠢᠯ ᠢ ᠲᠤᠤᠱᠯᠠᠭᠤᠯᠵᠤ᠂ ︽ᠪᠠᠭᠠᠴᠤᠳ ᠬᠡᠦᠬᠡᠳ ᠤᠨ ᠰᠡᠳᠬᠢᠯ ᠢ ᠨᠠᠮ ᠳᠠᠭᠠᠨ ᠬᠠᠨᠳᠤᠭᠤᠯᠬᠤ︾ ᠬᠥᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠦᠷᠨᠢᠬᠦᠯᠪᠡ᠃ ᠥᠷᠭᠡᠨ ᠣᠯᠠᠨ ᠬᠡᠷ ᠤᠨ ᠠᠬᠠᠮᠠᠳ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠵᠤ ︽ᠪᠢ ᠨᠠᠮ ᠤᠨ ᠲᠤᠭ ᠲᠤ ᠶᠣᠰᠣᠯᠠᠶ᠎ᠠ︾ ︽ᠬᠤᠪᠢᠰᠬᠠᠯ ᠤᠨ ᠳᠠᠭᠤᠤ ᠶᠢ ᠳᠠᠭᠤᠯᠠᠵᠤ ᠨᠠᠮ ᠳᠤ ᠰᠣᠨᠣᠰᠬᠠᠶ᠎ᠠ︾ ᠵᠡᠷᠭᠡ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠰᠢᠷᠢᠰ ᠠᠵᠢᠯᠯᠠᠭ᠎ᠠ ᠶᠢ 1200 ᠭᠠᠷᠤᠶ ᠤᠳᠠᠭ᠎ᠠ ᠥᠷᠨᠢᠭᠦᠯᠵᠦ᠂ 9 . 45 ᠲᠦᠮᠡ ᠭᠠᠷᠤᠶ ᠬᠥᠮᠦᠨ ᠤᠳᠠᠭ᠎ᠠ ᠣᠷᠣᠯᠴᠠᠪᠠ᠃ ᠪᠥᠬᠦ ᠠᠶᠢᠮᠠᠭ ᠤᠨ ᠬᠥᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠪᠠᠭᠠᠴᠤᠳ ᠤᠨ ᠣᠷᠳᠣᠨ ᠤ ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠣᠲᠣ ᠪᠣᠯᠲᠠᠯ᠎ᠠ᠂ ᠮᠠᠨ ᠤ ᠠᠶᠢᠮᠠᠭ ᠨᠡᠶᠢᠲᠡ 5 ᠲᠥᠪ ᠤᠨ ᠲᠠᠰ ᠤᠨ᠂ 10 ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠪᠠᠭᠠᠴᠤᠳ ᠤᠨ ᠣᠷᠳᠣᠨ ᠢ ᠪᠠᠶᠢᠭᠤᠯᠵᠤ᠂ ᠨᠡᠶᠢᠲᠡ 4776 ᠰᠣᠷᠣᠭᠴᠢ ᠶᠢ ᠬᠠᠮᠤᠷᠤᠭᠰᠠᠨ ᠪᠠᠶᠢᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号