ᠪᠥᠬᠦ ᠠᠶᠢᠮᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠢᠯᠡᠳᠦᠯᠬᠡ ᠶᠢᠨ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠵᠢᠴᠢ ᠳᠤᠮᠳᠠ ᠬᠤᠭᠤᠴᠠᠭᠠᠨ ᠤ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/18
       9 ᠰᠠᠷ᠎ᠠ ᠶᠢᠨ 17 ᠤ ᠡᠳᠦᠷ᠂ ᠪᠥᠬᠦ ᠠᠶᠢᠮᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠢᠯᠡᠳᠦᠯᠬᠡ ᠶᠢᠨ ᠠᠵᠢᠯᠯᠠᠭ᠎ᠠ ᠶᠢᠨ ᠠᠵᠢᠯ ᠢ ᠠᠬᠢᠭᠤᠯᠬᠤ ᠬᠤᠷᠠᠯ ᠵᠢᠴᠢ ᠳᠤᠮᠳᠠ ᠬᠤᠭᠤᠴᠠᠭᠠᠨ ᠤ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠪᠠ᠃ ᠬᠤᠷᠠᠯ ᠠᠴᠠ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠦ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠳᠤᠮᠳᠠᠬᠢ ᠲᠤᠷᠰᠢᠯᠭ᠎ᠠ ᠦᠷ᠎ᠡ ᠪᠦᠲᠦᠭᠡᠯ ᠢᠶᠠᠨ ᠰᠣᠯᠢᠯᠴᠠᠵᠤ᠂ ᠠᠰᠠᠭᠤᠳᠠᠯ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠠᠶᠢᠮᠠᠭ ᠤᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠣᠯᠠᠮ ᠨᠢᠬᠡ ᠠᠯᠬᠤᠮ ᠪᠠᠶᠢᠷᠢᠯᠠᠭᠤᠯᠵᠤ᠂ ᠣᠯᠠᠮ ᠨᠢᠬᠡ ᠠᠯᠬᠤᠮ ᠠᠬᠢᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠪᠦᠦ ᠴᠧᠩ ᠬᠤᠷᠠᠯ ᠢ ᠡᠷᠭᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠠᠨ ᠸᠧᠶ ᠰᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃
        ᠬᠤᠷᠠᠯ ᠠᠴᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠮᠣᠷᠠᠯ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠬᠦᠴᠦᠯᠡᠨ ᠬᠡᠷᠡᠭᠵᠢᠭᠦᠯᠬᠦ︾ ᠬᠠᠷᠠᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠪᠠᠶᠢᠳᠠᠯ ᠢ ᠨᠡᠭᠡᠭᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠵᠡᠷᠭᠡ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠤᠯᠠᠨ ᠲᠦᠮᠡᠨ ᠤ ᠰᠡᠳᠬᠢᠯ ᠵᠣᠪᠠᠵᠤ ᠰᠠᠨᠠᠭ᠎ᠠ ᠵᠣᠪᠠᠭ᠋ᠤ ᠠᠰᠠᠭᠤᠳᠠᠯ ᠢ ᠰᠢᠢᠳᠪᠦᠷᠢᠯᠡᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠱᠠᠳᠤᠴᠢ ᠴᠢᠨᠠᠷᠲᠠᠢ ᠦᠷ᠎ᠡ ᠪᠦᠲᠦᠮᠵᠢ ᠤᠯᠬᠤ ᠶᠢ ᠠᠬᠢᠭᠤᠯᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠪᠠᠨ ᠪᠠᠲᠤ ᠴᠡᠭᠡᠵᠢᠯᠡᠵᠦ᠂ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠪᠣᠳᠠᠲᠤ ᠪᠠᠶᠢᠳᠠᠯ ᠪᠣᠯᠤᠨ ᠠᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠠᠷᠠᠳ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠶᠢ ᠲᠥᠷᠥᠯ ᠬᠤᠪᠢᠶᠠᠨ ᠠᠬᠢᠭᠤᠯᠵᠤ᠂     ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠪᠣᠳᠣᠯ ᠰᠠᠨᠠᠯ ᠬᠦᠰᠡᠯ ᠡᠷᠡᠮᠡᠯᠵᠡᠯ ᠢ ᠣᠨᠣᠪᠴᠢᠲᠠᠶ ᠣᠶᠢᠯᠠᠭᠠᠵᠤ᠂ ᠣᠯᠠᠨ ᠲᠦᠮᠡᠨ ᠤ ᠲᠤᠰᠬᠠᠯ ᠲᠥᠪᠯᠡᠷᠡᠭᠰᠡᠨ ᠨᠡᠶᠢᠲᠡᠴᠢ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠪᠣᠯᠤᠨ ᠣᠷᠣᠰᠢᠵᠤ ᠪᠠᠶᠢᠭ᠎ᠠ ᠨᠡᠶᠢᠳᠡᠮ ᠤᠨ ᠴᠢᠨᠠᠷᠲᠠᠶ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠢᠯᠡᠳᠦᠯᠬᠡ ᠶᠢᠨ ᠠᠵᠢᠯᠯᠠᠭ᠎ᠠ ᠶᠢ ᠦᠨᠡᠨ ᠬᠦ ᠨᠠᠩ ᠨᠠᠩ ᠡᠷᠴᠢᠮᠳᠡᠢ ᠪᠣᠯᠭᠠᠬᠤ ᠬᠡᠷᠡᠭᠲᠡᠶ ᠭᠡᠪᠠ᠃
       ᠬᠤᠷᠠᠯ ᠠᠴᠠ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠲᠡᠦᠬᠡ ᠶᠢ ᠰᠤᠷᠤᠯᠴᠠᠵᠤ ᠴᠢᠷᠮᠠᠶᠢᠨ ᠬᠡᠷᠡᠭᠵᠢᠭᠦᠯᠬᠦ︾ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ︽ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠲᠥᠷᠥᠯ ᠵᠦᠢᠯ ᠤᠨ ᠨᠠᠷᠢᠨ ᠬᠠᠭᠤᠳᠠᠰᠤ ᠶᠢ ᠡᠮᠬᠢᠯᠡᠵᠦ ᠲᠡᠭᠦᠯᠳᠡᠷᠵᠢᠭᠦᠯᠵᠦ᠂ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠢᠯᠡ ᠪᠠᠶᠢᠯᠭᠠᠵᠦ᠂ ︽ᠨᠢᠭᠡ ᠵᠦᠢᠯ ᠢ ᠨᠢ ᠲᠣᠳᠣᠷᠬᠠᠶ ᠪᠣᠯᠭᠠᠪᠠᠯ ᠨᠢᠭᠡ ᠵᠦᠢᠯ ᠢ ᠨᠢ ᠬᠦᠴᠦᠨ ᠥᠬᠡᠶ ᠪᠣᠯᠭᠠᠵᠤ᠂ ᠨᠢᠭᠡ ᠵᠦᠢᠯ ᠢ ᠨᠢ ᠬᠦᠢᠴᠡᠳᠬᠡᠵᠦ ᠳᠠᠭᠤᠰᠬᠠᠬᠤ︾ ᠬᠡᠷᠡᠭᠲᠡᠶ︔ ᠠᠶᠢᠮᠠᠭ ᠤᠨ ᠱᠠᠲᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠠᠷᠢᠯᠢᠭᠵᠢᠭᠤᠯᠤᠨ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ ᠤᠨ ᠲᠥᠰᠦᠯ ᠢᠶᠠᠨ ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠲᠥᠷᠥᠯ ᠵᠦᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠳᠣᠯᠠᠬᠤ ᠬᠡᠷᠡᠭᠳᠡᠢ︔ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ  ᠠᠬᠢᠭᠤᠯᠵᠤ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠠᠭ ᠲᠤ᠂ ᠠᠷᠠᠳ ᠲᠤ ᠠᠰᠢᠭ ᠬᠦᠷᠲᠡᠭᠡᠬᠦ‍ ᠨᠢᠭᠡ ᠪᠦᠯᠦᠭ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠬᠡᠷᠡᠭᠵᠢᠭᠦᠯᠵᠦ᠂ ︽ᠬᠦᠴᠢᠷ ᠠᠰᠠᠭᠤᠳᠠᠯ︾ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠳᠦᠯᠬᠡ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠳᠡᠢ︔ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠬᠦᠨᠵᠡᠭᠡᠶᠢᠷᠡᠬᠦᠯᠦᠨ ᠥᠷᠭᠡᠳᠬᠡᠵᠦ᠂ ᠪᠣᠳᠠᠲᠤ ᠶᠠᠪᠤᠳᠠᠯ ᠬᠢᠬᠦ᠂ ᠰᠤᠷᠲᠠᠯ ᠢᠶᠠᠨ ᠬᠤᠪᠢᠷᠠᠭᠤᠯᠬᠤ ᠪᠠᠷ ᠳᠠᠮᠵᠢᠭᠤᠯᠤᠨ ᠡᠪ ᠬᠠᠮᠲᠤ ᠨᠠᠮ ᠤᠨ ᠭᠡᠰᠢᠭᠦᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠠᠰᠠᠭᠤᠳᠠᠯ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠤᠰ ᠬᠡᠳᠦ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠠᠯ᠎ᠠ ᠪᠠᠷ ᠬᠤᠯᠪᠣᠭᠠᠯᠠᠨ ᠪᠦᠬᠦ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ︽ᠺᠠᠳ᠋ᠷ ᠦᠨᠳᠦᠰᠦᠨ ᠱᠠᠲᠤᠨ ᠳᠤ ᠪᠣᠳᠠᠲᠤ ᠶᠠᠪᠤᠳᠠᠯ ᠬᠢᠬᠦ᠂ ᠰᠠᠯᠠᠭ᠎ᠠ ᠮᠥᠴᠢᠷ ᠳᠠᠭᠠᠭᠠᠴᠢᠯᠠᠨ ᠬᠠᠷᠢᠯᠴᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠰᠬᠤᠨ ᠠᠵᠤ ᠠᠬᠤᠶᠢᠯᠠᠯ ᠬᠠᠪᠰᠤᠷᠤᠯᠴᠠᠭ᠎ᠠ ᠪᠠᠶᠢᠭᠤᠯᠵᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠨ ᠤ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠳᠠᠭᠤᠷᠢᠶᠠᠯ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠦᠷᠭᠦᠯᠵᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠨᠡᠨ ᠰᠡᠳᠬᠢᠯ ᠠᠴᠠ ᠪᠠᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ᠃ ᠭᠤᠣᠯ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠬᠡᠯᠪᠡᠷᠢ ᠪᠠᠷ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠩᠬᠠᠷᠤᠯ ᠪᠠ ᠬᠦᠴᠦᠨ ᠢ ᠲᠥᠪᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠪᠣᠯᠤᠨ ᠠᠷᠠᠳ ᠤᠯᠠᠨ ᠢᠳᠡᠪᠬᠢᠲᠡᠢ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠳᠤ᠂ ᠠᠯᠠᠱᠠ ᠪᠠᠷᠠᠭᠤᠨ ᠬᠤᠰᠢᠭᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠵᠡᠷᠭᠡ 5 ᠭᠠᠵᠠᠷ ᠣᠷᠣᠨ ᠨᠢᠬᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠲᠣᠰ ᠲᠣᠰ ᠰᠠᠨᠠᠯ ᠢᠶᠠᠨ ᠰᠣᠯᠢᠯᠴᠠᠬᠤ ᠦᠭᠡ ᠬᠡᠯᠡᠪᠡ᠃       ᠬᠤᠷᠠᠯ ᠨᠢ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠳᠤ ᠬᠤᠷᠠᠯ ᠤᠨ ᠬᠤᠪᠢᠶᠠᠷᠢ ᠲᠠᠯᠠᠪᠠᠢ ᠶᠢ ᠲᠤᠬᠢᠷᠠᠭᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号