ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠣᠭᠤᠶᠢᠯᠠᠩ 2021 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2021/9/18
      9 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2021 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠢ ᠲᠠᠢ ᠹᠧᠩ ᠱᠦᠵᠢ ᠶᠢᠨ ᠴᠣᠬᠤᠯᠠᠪᠤᠷᠢ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ︽2020 ᠣᠨ ᠤ ᠪᠥᠬᠦ ᠤᠯᠤᠰ ᠤᠨ ᠨᠢᠭᠤᠴᠠ ᠶᠢ ᠬᠤᠯᠠᠭᠠᠶᠢᠯᠠᠭᠰᠠᠨ ᠨᠢᠭᠤᠴᠠ ᠶᠢ ᠵᠠᠳᠠᠷᠠᠭᠤᠯᠤᠭᠰᠠᠨ ᠬᠡᠷᠡᠭ ᠤᠨ ᠪᠠᠶᠢᠳᠠᠯ ᠤᠨ ᠲᠤᠬᠠᠶ ᠲᠥᠪ ᠤᠨ ᠨᠢᠭᠤᠴᠠ ᠶᠢ ᠬᠠᠮᠠᠭᠠᠯᠠᠬᠤ ᠵᠥᠪᠯᠡᠯ ᠤᠨ ᠵᠠᠷᠯᠠᠯ︾ ᠢ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠯᠢ ᠵᠥᠩ ᠽᠧᠩ᠂ ᠸᠠᠩ ᠸᠧᠶ ᠳ᠋ᠦᠩ᠂ ᠯᠦ ᠯᠢ ᠮᠢᠩ᠂ ᠵᠠᠩ ᠶᠢᠨ ᠫᠢᠩ᠂ ᠴᠢᠨ ᠶᠠᠨ᠂ ᠵᠠᠩ ᠪᠦᠦ ᠴᠧᠩ᠂ ᠬᠠᠨ ᠸᠧᠶ ᠰᠢᠨ᠂ ᠶᠠᠩ ᠬᠠᠶ ᠵᠡᠷᠭᠡ ᠭᠤᠤᠯ ᠳᠤᠭᠤᠶᠢᠯᠠᠩ ᠤᠨ 8 ᠭᠡᠰᠢᠬᠦᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠪᠤᠰᠤᠳ ᠭᠡᠰᠢᠬᠦᠨ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃       ᠳᠠᠶᠢᠴᠢᠨ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠡᠵᠡᠮᠰᠢᠨ ᠳᠣᠣᠱᠯᠠᠭᠤᠯᠵᠦ᠂ ︽ᠠᠷᠪᠠᠨ ᠬᠤᠶᠠᠷ ᠡᠷᠬᠡᠪᠰᠢ︾ ᠶᠢᠨ ᠴᠢᠬᠤᠯᠠ ᠱᠠᠭᠠᠷᠳᠠᠯᠭ᠎ᠠ ᠪᠠᠷ ᠴᠠᠭ ᠢᠮᠠᠭᠲᠠ ᠪᠠᠷᠢᠮᠵᠢᠶᠠᠯᠠᠨ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ︽ᠳᠥᠷᠪᠡᠨ ᠵᠠᠶᠢᠯᠠᠰᠢ ᠦᠭᠡᠢ ᠱᠠᠭᠠᠷᠳᠠᠯᠭ᠎ᠠ︾ ᠶᠢ ᠭᠦᠨᠵᠡᠭᠡᠢ ᠣᠶᠢᠯᠠᠭᠠᠵᠤ᠂       ︽ᠳᠥᠷᠪᠡᠨ ᠬᠤᠣᠰ ᠬᠠᠷᠢᠴᠠᠭ᠎ᠠ︾ ᠶᠢ ᠵᠥᠪ ᠡᠵᠡᠮᠳᠡᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ  ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠤᠨ ᠰᠠᠨᠠᠭᠠᠨ ᠤ ᠦᠯᠦᠭᠡᠢ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠵᠤ᠂ ᠡᠯ᠎ᠡ ᠲᠥᠷᠥᠯ ᠤᠨ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠵᠦ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠩᠭᠤᠶ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠶ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠣᠯᠪᠠᠰᠤᠷᠠᠯ ᠤᠨ ᠡᠷᠴᠢᠮ ᠢ ᠶᠡᠭᠡ ᠪᠠᠷ ᠴᠢᠩᠭᠠᠳᠬᠠᠵᠤ᠂ ᠵᠠᠯᠠᠭᠤᠴᠤᠳ ᠪᠠᠭᠠᠴᠤᠳ ᠠᠴᠠ ᠡᠬᠢᠯᠡᠨ ᠠᠳᠬᠤᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠨ ᠬᠡᠷᠡᠭᠯᠡᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠭᠦᠨ ᠦᠨᠳᠦᠰᠦᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠳᠠᠶᠢᠴᠢᠨ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠠᠩᠰᠠ ᠡᠪᠬᠡᠮᠡᠯ ᠤᠨ ᠠᠵᠢᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ ᠤᠨ ᠬᠠᠤᠯᠢ ᠶᠢ ᠳᠣᠣᠱᠯᠠᠭᠤᠯᠣᠨ ᠬᠡᠷᠡᠭᠵᠢᠭᠦᠯᠵᠦ᠂ ᠮᠠᠨ ᠤ ᠠᠶᠢᠮᠠᠭ ᠤᠨ ᠲᠠᠩᠰᠠ ᠡᠪᠬᠡᠮᠡᠯ ᠤᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠪᠢᠰᠬᠠᠯ ᠤᠨ ᠲᠠᠩᠰᠠ ᠡᠪᠬᠡᠮᠡᠯ ᠤᠨ ᠡᠬᠢ ᠪᠠᠶᠠᠯᠢᠭ ᠢ ᠰᠠᠶᠢᠲᠤᠷ ᠢᠯᠡᠷᠡᠬᠦᠯᠦᠨ ᠡᠮᠬᠢᠯᠡᠵᠦ᠂ ᠲᠠᠩᠰᠠ ᠡᠪᠬᠡᠮᠡᠯ ᠢ ᠡᠮᠬᠢᠯᠡᠨ ᠨᠠᠶᠢᠷᠠᠭᠤᠯᠤᠨ ᠰᠤᠳᠤᠯᠬᠤ ᠶᠢ ᠴᠢᠩᠭᠠᠳᠬᠠᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃       ᠳᠠᠶᠢᠴᠢᠨ ᠠᠴᠠ᠂ ᠨᠢᠭᠤᠴᠠ ᠶᠢ ᠬᠠᠮᠠᠭᠠᠯᠠᠬᠤ ᠠᠵᠢᠯ ᠢ ᠤᠯᠤᠰ ᠤᠨ ᠠᠮᠤᠷ ᠲᠦᠪᠰᠢᠨ ᠢ ᠪᠠᠲᠤᠯᠠᠬᠤ ᠪᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ  ᠳᠡᠭᠡᠳᠦ ᠬᠡᠮᠵᠢᠶᠡᠨ ᠳᠤ ᠲᠠᠯᠪᠢᠵᠤ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠢ ᠴᠠᠭ ᠢᠮᠠᠭᠲᠠ ᠴᠢᠩᠭ᠎ᠠ ᠠᠳᠬᠤᠵᠤ᠂ ᠨᠠᠮ ᠵᠠᠰᠠᠭ ᠤᠨ ᠤᠳᠤᠷᠢᠳᠬᠤ ᠺᠠᠳ᠋ᠷ ᠤᠨ ᠨᠢᠭᠤᠴᠠ ᠶᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠵᠢᠴᠢ ᠬᠡᠷᠡᠭᠵᠢᠭᠦᠯᠬᠦ ᠳᠦᠷᠢᠮ ᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢ ᠴᠢᠩᠭᠠᠳᠬᠠᠨ᠂ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠠᠶᠢᠮᠠᠭ ᠤᠨ ᠨᠢᠭᠤᠴᠠ ᠶᠢ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠪᠠ ᠤᠯᠤᠰ  ᠤᠨ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号