ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠵᠢᠴᠢ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/18
      9 ᠰᠠᠷ᠎ᠠ ᠶᠢᠨ 17 ᠤ ᠡᠳᠦᠷ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠠᠵᠢᠯ ᠵᠢᠴᠢ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠳᠠᠶᠢᠴᠢᠯᠠᠨ ᠨᠠᠢᠮᠠᠨ ᠰᠠᠷ᠎ᠠ ᠶᠢᠨ ᠠᠷᠪᠠᠨ ᠳᠠᠪᠣᠨ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠪᠠ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠵᠡᠷᠭᠡ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠎ᠠ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠯᠢ ᠵᠦᠩ ᠽᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠤᠳᠤᠷᠢᠳᠤᠯᠭ᠎ᠠ ᠴᠢᠨ ᠶᠠᠨ᠂ ᠮᠥᠩᠬᠡ᠂ ᠯᠧᠢ ᠬᠠᠢ᠂ ᠺᠦᠩ ᠳ᠋ᠧ ᠬᠦᠢ ᠬᠤᠷᠠᠯ ᠳᠤ ᠣᠷᠣᠯᠴᠠᠪᠠ᠃
       ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠠᠶᠤᠯᠭᠦᠶ ᠦᠢᠯᠡᠳᠪᠦᠷᠢᠯᠡᠯ ᠪᠣᠯᠤᠨ ᠭᠤᠤᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠦᠶ᠋ᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠬᠦᠢᠴᠡᠳ ᠲᠠᠨᠢᠵᠤ᠂ ᠤᠯᠠᠭᠠᠨ ᠱᠤᠭᠤᠮ ᠤᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠣᠨᠣᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ᠂ ᠠᠵᠠ ᠬᠠᠷᠠᠬᠤ ᠪᠣᠳᠣᠯ ᠪᠠ ᠴᠠᠯᠠᠭᠠᠶᠢᠷᠠᠬᠤ ᠰᠡᠳᠬᠢᠯᠭᠡ ᠶᠢ ᠡᠷᠡᠰ ᠲᠡᠪᠴᠢᠵᠦ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠶ ᠠᠳᠬᠤᠨ ᠳᠣᠣᠱᠳᠠᠢ ᠠᠳᠬᠤᠬᠤ ᠬᠡᠷᠡᠭᠲᠡᠶ ᠭᠡᠪᠠ᠃
      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠨᠢᠭᠡᠳ ᠨᠢᠭᠡ ᠪᠠᠷ ᠥᠪᠡᠰᠦᠪᠡᠨ ᠪᠠᠶᠢᠴᠠᠭᠠᠵᠤ᠂ ᠪᠦᠲᠦᠮᠵᠢᠲᠡᠶ ᠬᠦᠴᠦᠲᠡᠶ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠳᠣᠪᠤᠶᠢᠯᠭᠠᠨ᠂ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃ ᠠᠮᠤᠷ ᠲᠦᠪᠰᠢᠨ ᠤ ᠬᠢᠨᠠᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠳᠠᠭᠤᠷᠢᠶᠠᠯ ᠦᠵᠡᠭᠦᠯᠦᠨ ᠬᠠᠤᠯᠢ ᠬᠡᠷᠡᠭᠵᠢᠭᠦᠯᠬᠦ᠂ ᠰᠢᠮᠳᠠᠭᠤᠯᠣᠨ ᠪᠠᠶᠢᠴᠠᠭᠠᠬᠤ᠂ ᠳᠠᠯᠳᠠᠭᠤᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠢᠨᠠᠠ ᠬᠠᠮᠢᠶᠠᠷᠴᠦ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠢᠳᠡᠭᠡᠨ ᠤᠮᠳᠠᠭᠠᠨ ᠤ ᠵᠦᠢᠯᠡᠰ ᠤᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠤᠨᠤᠭ ᠪᠠᠭᠤᠳᠠᠯ ᠤᠨ ᠠᠵᠢᠯ ᠲᠦᠷᠦᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠦᠵᠡᠮᠵᠢ ᠶᠢᠨ ᠣᠷᠣᠨ ᠤ ᠡᠵᠡᠩᠨᠡᠯᠲᠡ ᠶᠢ ᠳᠦᠷᠢᠮᠵᠢᠬᠦᠯᠵᠦ᠂ ᠠᠶᠤᠯ ᠲᠦᠭᠰᠢᠭᠦᠷᠢ ᠶᠡᠬᠡᠲᠡᠶ ᠵᠢᠭᠤᠯᠴᠢᠯᠠᠯ ᠤᠨ ᠲᠥᠷᠥᠯ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠢᠨᠠᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠢᠨᠠᠠ ᠬᠠᠮᠢᠶᠠᠷᠤᠯᠲᠠ ᠶᠢᠨ ᠪᠠᠯᠠᠶ ᠣᠷᠣᠨ ᠢ ᠠᠷᠢᠯᠭᠠᠬᠤ ᠬᠡᠷᠡᠭᠲᠡᠶ᠃ ᠵᠠᠮ ᠬᠠᠷᠢᠯᠴᠠᠭᠠᠨ ᠤ ᠶᠠᠪᠤᠵᠤ ᠰᠠᠭᠤᠬᠤ ᠶᠢ ᠪᠠᠲᠤᠯᠠᠵᠤ᠂ ᠡᠯ᠎ᠡ ᠲᠥᠷᠥᠯ ᠤᠨ ᠵᠠᠮ ᠱᠤᠭᠤᠮ ᠤᠨ ᠣᠷᠭᠢᠯ ᠤᠨ ᠬᠤᠭᠤᠴᠠᠭ᠎ᠠ ᠪᠠ ᠤᠷᠤᠰᠬᠠᠯ ᠤᠨ ᠬᠡᠮᠵᠢᠶ᠎ᠡ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠤᠨ ᠠᠮᠤᠷ ᠲᠦᠪᠰᠢᠨ ᠤ ᠪᠠᠶᠢᠳᠠᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠ ᠵᠠᠮ ᠬᠠᠷᠢᠯᠴᠠᠭᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠨᠡᠶᠢᠭᠡᠮ ᠤᠨ ᠠᠮᠤᠷ ᠲᠦᠪᠰᠢᠨ ᠢ ᠴᠢᠩᠭᠠᠳᠬᠠᠵᠤ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠴᠢᠩᠭ᠎ᠠ ᠰᠡᠷᠭᠡᠶᠢᠯᠡᠬᠦ ᠪᠠ ᠴᠢᠩᠭ᠎ᠠ ᠴᠣᠬᠢᠯᠲᠠ ᠥᠭᠬᠦ ᠶᠢ ᠵᠡᠷᠭᠡ ᠪᠠᠷ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠦᠨᠡᠨ ᠬᠦ ᠬᠤᠷᠢᠭᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠤᠭᠤᠮ ᠢ ᠪᠠᠲᠤ ᠴᠣᠭᠴᠠᠯᠠᠵᠤ᠂ ᠠᠶᠠᠨ ᠵᠠᠮ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠣᠯᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠶᠢ ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠭᠤᠯᠴᠢᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠪᠦᠬᠦ ᠠᠶᠢᠮᠠᠭ ᠤᠨ ᠬᠢᠨ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠬᠤᠯᠪᠣᠭᠠᠯᠠᠨ ᠬᠥᠳᠡᠯᠦᠯᠴᠡᠬᠦ ᠡᠷᠴᠢᠮ ᠢᠶᠠᠨ ᠴᠢᠩᠭᠠᠷᠠᠭᠤᠯᠵᠤ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠰᠠᠭᠠᠳ ᠦᠭᠡᠢ ᠨᠡᠪᠲᠡᠷᠡᠬᠦ᠂ ᠲᠤᠰᠬᠠᠯ ᠲᠦᠷᠭᠡᠨ᠂ ᠠᠵᠢᠯᠯᠠᠭ᠎ᠠ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号