ᠪᠦᠬᠦ ᠤᠯᠤᠰ ᠤᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠶᠢᠨ ᠲᠤᠬᠠᠢ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2021/9/18
      ᠤᠢᠢᠷ᠎ᠠ ᠶᠢᠨ ᠵᠢᠯ ᠠᠴᠠ᠂ ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠲᠦᠷᠢᠮ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠤᠯᠠᠮ ᠢᠶᠠᠷ᠂ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠡᠳᠦᠷ ᠢᠷᠡᠬᠦᠶ᠎ᠡ ᠵᠢᠷᠤᠮᠵᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ ᠪᠠᠳᠠᠷᠠᠭᠤᠯᠤᠨ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ ᠪᠠᠭᠠᠲᠤᠷᠴᠤᠳ ᠢ ᠳᠡᠭᠡᠳᠦᠯᠡᠵᠦ᠂ ᠬᠤᠰᠢᠭᠤᠴᠢ ᠪᠣᠯᠬᠤ ᠪᠠᠷ ᠴᠢᠷᠮᠠᠶᠢᠬᠤ ᠨᠡᠶᠢᠭᠡᠮ ᠤᠨ ᠠᠭᠤᠷ ᠠᠮᠢᠰᠬᠤᠯ ᠨᠡᠩ ᠥᠳᠬᠡᠨ ᠪᠤᠯᠵᠤ᠂ ᠬᠥᠬᠢᠭᠦᠯᠦᠨ ᠱᠠᠩᠨᠠᠬᠤ ᠶᠢᠨ ᠤᠷᠮᠠᠰᠢᠭᠤᠯᠤᠨ ᠳᠠᠭᠠᠭᠤᠯᠬᠤ ᠦᠢᠯᠡᠳᠦᠯ ᠪᠦᠲᠦᠮᠵᠢᠲᠡᠢ ᠢᠯᠡᠷᠡᠵᠡᠢ᠃ ᠭᠡᠪᠡᠴᠦ ᠪᠠᠰᠠ ᠴᠥᠭᠡᠨ ᠲᠣᠭᠠᠨ ᠤ ᠠᠵᠤ ᠠᠬᠤᠶᠢᠯᠠᠯ᠂ ᠪᠠᠶᠢᠭᠤᠯᠤᠮᠵᠢ ᠪᠠ ᠬᠤᠪᠢ ᠬᠥᠮᠦᠨ ᠲᠣᠭᠲᠠᠭᠠᠯ ᠠᠴᠠ ᠵᠥᠷᠢᠴᠡᠨ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠦᠷᠨᠢᠭᠦᠯᠵᠦ᠂ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢᠨ ᠲᠣᠬᠢᠶᠠᠯ ᠢ ᠠᠰᠢᠬᠯᠠᠨ ᠲᠣᠭᠲᠠᠭᠠᠯ ᠠᠴᠠ ᠵᠥᠷᠢᠴᠡᠨ ᠰᠢᠯᠭᠠᠷᠠᠭᠤᠯᠤᠨ ᠱᠠᠩᠨᠠᠵᠤ᠂ ᠴᠢᠨᠠᠭᠰᠢᠯᠠᠪᠠᠯ ᠰᠦᠢᠳᠭᠡᠯ᠂ ᠡᠳ᠋ ᠮᠥᠩᠭᠦ ᠬᠤᠷᠢᠶᠠᠵᠤ᠂ ᠦᠨᠳᠦᠰᠦᠨ ᠱᠠᠲᠤ  ᠪᠠ ᠣᠯᠠᠨ ᠲᠦᠮᠡᠨ  ᠤ ᠳᠠᠷᠤᠭᠠᠰᠤ ᠶᠢ ᠬᠦᠨᠳᠦᠷᠡᠭᠦᠯᠵᠦ᠂ ᠬᠦᠨᠳᠦ ᠨᠣᠴᠢᠲᠠᠶ ᠨᠡᠶᠢᠭᠡᠮ  ᠤᠨ ᠨᠥᠯᠥᠭᠡ ᠭᠠᠷᠭᠠᠵᠤ ᠪᠠᠶᠢᠨ᠎ᠠ᠃       ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠲᠦᠷᠢᠮ ᠤᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢᠨ ᠬᠠᠤᠯᠢ︾᠂ ︽ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠲᠦᠷᠢᠮ︾᠂ ︽ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠤᠯᠤᠰ ᠤᠨ ᠰᠢᠯᠭᠠᠷᠠᠭᠤᠯᠬᠤ ᠪᠠᠷᠢᠮᠵᠢᠶ᠎ᠠ ᠳᠤ ᠬᠦᠷᠭᠡᠬᠦ ᠬᠥᠬᠢᠭᠦᠯᠦᠨ ᠰᠠᠶᠢᠰᠢᠶᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠰᠢᠯᠭᠠᠷᠠᠭᠤᠯᠤᠨ ᠱᠠᠩᠨᠠᠬᠤ ᠠᠵᠢᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠲᠤᠤᠷᠠᠬᠢ ᠮᠡᠳᠦ ᠲᠣᠭᠲᠠᠭᠠᠪᠠ᠄       1᠂ ᠵᠥᠪᠰᠢᠶᠡᠷᠡᠯ ᠥᠬᠡᠶ ᠪᠠᠷ᠂ ︽ᠤᠯᠤᠰ︾᠂ ︽ᠳᠤᠮᠳᠠᠳᠤ ᠤᠯᠤᠰ︾᠂ ︽ᠳᠤᠮᠳᠠᠳᠤ︾᠂ ︽ᠪᠥᠬᠦ ᠤᠯᠤᠰ︾᠂ ︽ᠠᠽᠢᠶ᠎ᠠ ᠲᠢᠪ︾᠂ ︽ᠪᠥᠬᠦ ᠪᠥᠮᠪᠥᠷᠴᠡᠭ︾᠂ ︽ᠳᠡᠯᠡᠬᠡᠶ︾ ᠵᠢᠴᠢ ᠠᠳᠠᠯᠢᠪᠲᠤᠷ ᠤᠳᠬ᠎ᠠ ᠲᠠᠢ ᠥᠰᠥᠭ ᠢ ᠪᠠᠭᠲᠠᠭᠠᠭᠰᠠᠨ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ ᠪᠣᠯᠬᠤ ᠥᠬᠡᠶ᠂ ᠪᠠᠰᠠ ᠳᠡᠭᠡᠷ᠎ᠡ ᠳᠤᠷᠠᠳᠤᠭᠰᠠᠨ ᠥᠰᠥᠭ ᠢ ᠥᠯᠥ ᠬᠠᠳᠠᠭᠰᠠᠨ ᠪᠣᠯᠪᠠᠴᠤ ᠮᠥᠨ ᠴᠢᠨᠠᠷ ᠳᠡᠭᠡᠷ᠎ᠡ ᠪᠠᠨ ᠳᠡᠭᠡᠷ᠎ᠡ ᠳᠤᠷᠠᠳᠤᠭᠰᠠᠨ ᠬᠡᠪᠴᠢᠶᠡᠨ ᠤ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ ᠪᠤᠯᠬᠤ ᠦᠭᠡᠢ᠃       2᠂ ᠵᠥᠪᠰᠢᠶᠡᠷᠡᠯ ᠥᠬᠡᠶ ᠪᠠᠷ᠂ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠤ ᠲᠣᠭᠤᠷᠢᠨ ᠳᠤ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ ᠪᠣᠯᠬᠤ ᠥᠬᠡᠶ᠃       3᠂ ᠵᠥᠪᠰᠢᠶᠡᠷᠡᠯ ᠦᠭᠡᠢ ᠪᠠᠷ᠂ ᠲᠦᠷᠦᠭᠦᠴᠦᠳ ᠤᠨ ᠬᠤᠷᠠᠯ᠂ ᠶᠠᠷᠢᠶᠠᠨ ᠤ ᠲᠠᠪᠴᠠᠩ᠂ ᠦᠪᠡᠳᠡᠭᠰᠢ ᠶᠣᠰᠣᠯᠠᠯ᠂ ᠪᠠᠶᠠᠷ ᠤᠨ ᠡᠳᠦᠷ ᠵᠡᠷᠭᠡ ᠠᠵᠢᠯᠯᠠᠭ᠎ᠠ ᠶᠢ ᠠᠰᠢᠬᠯᠠᠨ ᠱᠠᠩᠨᠠᠯ ᠭᠠᠷᠭᠠᠵᠤ ᠬᠥᠬᠢᠭᠦᠯᠦᠨ ᠰᠠᠶᠢᠰᠢᠶᠠᠵᠤ ᠪᠣᠯᠬᠤ ᠥᠬᠡᠶ᠃       4᠂ ᠨᠠᠮ ᠵᠠᠰᠠᠭ ᠤᠨ ᠪᠠᠶᠢᠭᠤᠯᠭ᠎ᠠ᠂ ᠴᠡᠷᠢᠭ ᠠᠩᠭᠢ᠂ ᠠᠷᠠᠳ ᠤᠨ ᠪᠦᠯᠬᠦᠮ ᠤᠨ ᠨᠡᠷ᠎ᠡ ᠶᠢ ᠠᠰᠢᠬᠯᠠᠨ᠂ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠥᠷᠨᠢᠭᠦᠯᠵᠦ ᠪᠣᠯᠬᠤ ᠦᠭᠡᠶ᠃       5᠂ ᠨᠡᠷᠡᠰ ᠤᠨ ᠵᠢᠭᠰᠠᠭᠠᠯᠲᠠ᠂ ᠭᠠᠪᠢᠶ᠎ᠠ ᠵᠢᠳᠭᠦᠯ ᠤᠨ ᠴᠠᠳᠢᠭ᠂ ᠨᠡᠷᠡᠲᠦ ᠬᠥᠮᠦᠰ ᠤᠨ ᠵᠢᠭᠰᠠᠭᠠᠯᠲᠠ ᠵᠡᠷᠭᠡ ᠨᠡᠷ᠎ᠡ ᠪᠠᠷ ᠠᠰᠢᠭ ᠤᠯᠵᠠᠪᠣᠷᠢ ᠶᠢᠨ ᠴᠢᠨᠠᠷᠲᠠᠶ᠂ ᠬᠤᠳᠠᠯᠳᠤᠭᠠᠨ ᠤ ᠴᠢᠨᠠᠷᠲᠠᠶ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠵᠦ ᠪᠣᠯᠬᠤ ᠦᠭᠡᠶ᠂ ᠡᠰᠡᠬᠦᠯ᠎ᠡ ᠠᠵᠢᠯᠯᠠᠭ᠎ᠠ ᠶᠢᠨ ᠳᠤᠮᠳᠠ ᠪᠠᠨ ᠰᠦᠢᠳᠬᠡᠯ ᠬᠤᠷᠢᠶᠠᠬᠤ ᠪᠠ ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠵᠤ ᠪᠣᠯᠬᠤ ᠦᠭᠡᠶ᠃       6᠂ ᠲᠠᠸᠠᠷ ᠤᠨ ᠲᠡᠮᠳᠡᠭ ᠳᠠᠩᠰᠠᠯᠠᠭᠤᠯᠬᠤ ᠨᠡᠷ᠎ᠡ ᠪᠠᠷ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠥᠷᠨᠢᠭᠦᠯᠵᠦ ᠪᠣᠯᠬᠤ ᠦᠭᠡᠶ᠃       7᠂ ᠵᠥᠪᠰᠢᠶᠡᠷᠡᠯ ᠥᠬᠡᠶ ᠪᠠᠷ᠂ ᠤᠯᠤᠰ ᠤᠨ ︵ᠬᠢᠯᠢ︶ ᠶᠢᠨ ᠭᠠᠳᠠᠨᠠᠬᠢ ᠵᠤᠬᠢᠶᠠᠨ ᠪᠠᠶᠢᠭᠤᠯᠤᠯᠳᠠ ᠲᠠᠢ ᠬᠤᠯᠪᠤᠭᠠᠯᠠᠨ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠡᠷᠬᠢᠯᠡᠵᠦ ᠪᠣᠯᠬᠤ ᠥᠬᠡᠶ᠃       8᠂ ᠵᠥᠪᠰᠢᠶᠡᠷᠡᠯ ᠥᠬᠡᠶ ᠪᠠᠷ᠂ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠲᠣᠬᠢᠶᠠᠯ ᠢ ᠠᠰᠢᠬᠯᠠᠨ ᠬᠤᠯᠪᠣᠭᠳᠠᠯ ᠪᠥᠬᠦᠶ ᠪᠠᠶᠢᠭᠤᠯᠤᠮᠵᠢ ᠵᠢᠴᠢ ᠬᠤᠪᠢ ᠬᠥᠮᠦᠨ ᠳᠤ ᠭᠠᠪᠢᠶᠠᠨ ᠲᠡᠮᠳᠡᠭ᠂ ᠢᠷᠠᠭᠤ ᠠᠯᠳᠠᠷ ᠤᠨ ᠴᠣᠯᠠ᠂ ᠱᠠᠩᠨᠠᠯ ᠤᠨ ᠲᠡᠮᠳᠡᠭ᠂ ᠳᠤᠷᠠᠰᠬᠠᠯ ᠤᠨ ᠲᠡᠮᠳᠡᠭ ᠣᠯᠭᠤᠵᠤ ᠪᠣᠯᠬᠤ ᠥᠬᠡᠶ᠃       9᠂ ᠭᠠᠪᠢᠶᠠᠨ ᠲᠡᠮᠳᠡᠭ᠂ ᠱᠠᠩᠨᠠᠯ ᠤᠨ ᠲᠡᠮᠳᠡᠭ ᠪᠠ ᠳᠤᠷᠠᠰᠬᠠᠯ ᠤᠨ ᠲᠡᠮᠳᠡᠭ ᠢ ᠬᠠᠤᠯᠢ ᠪᠤᠰᠤ ᠪᠠᠷ ᠵᠢᠷᠤᠵᠤ ᠲᠥᠯᠥᠪᠯᠡᠨ ᠦᠶ᠋ᠯᠡᠳᠴᠦ ᠪᠣᠷᠣᠯᠠᠭᠤᠯᠵᠤ ᠭᠠᠷᠳᠠᠭᠤᠯᠵᠤ ᠪᠣᠯᠬᠤ ᠥᠬᠡᠶ᠃       10᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠥᠷᠨᠢᠭᠦᠯᠬᠦ ᠵᠢᠴᠢ ᠭᠠᠪᠢᠶᠠᠨ ᠲᠡᠮᠳᠡᠭ᠂ ᠱᠠᠩᠨᠠᠯ ᠤᠨ ᠲᠡᠮᠳᠡᠭ ᠪᠠ ᠳᠤᠷᠠᠰᠬᠠᠯ ᠤᠨ ᠲᠡᠮᠳᠡᠭ ᠢ ᠵᠢᠷᠤᠵᠤ ᠲᠥᠯᠥᠪᠯᠡᠨ ᠦᠢᠯᠡᠳᠴᠦ ᠭᠠᠷᠳᠠᠭᠤᠯᠵᠤ ᠪᠣᠯᠬᠤ ᠥᠬᠡᠶ᠃       11᠂ ᠲᠣᠭᠲᠠᠭᠠᠯ ᠠᠴᠠ ᠵᠥᠷᠢᠴᠡᠭᠰᠡᠨ ᠰᠢᠯᠭᠠᠷᠠᠭᠤᠯᠤᠨ ᠱᠠᠩᠨᠠᠵᠤ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠤᠬᠠᠭᠤᠯᠤᠨ ᠮᠡᠳᠡᠭᠡᠯᠡᠵᠦ ᠪᠣᠯᠬᠤ ᠦᠭᠡᠶ᠃       ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠶᠢ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠪᠣᠳᠠᠲᠤ ᠶᠠᠪᠤᠳᠠᠯ᠂ ᠦᠶ᠋ᠯᠡ ᠪᠠᠶᠢᠳᠠᠯ ᠢ ᠨᠢ ᠦᠨᠳᠦᠰᠦᠯᠡᠨ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠠᠢ᠃       ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃ ᠢᠯᠡᠴᠢᠯᠡᠨ ᠮᠡᠳᠡᠭᠦᠯᠬᠦ ᠲᠠᠪᠴᠠᠩ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠤ ᠰᠦᠯᠵᠢᠶ᠎ᠡ ᠶᠢᠨ ᠬᠥᠬᠢᠭᠦᠯᠦᠨ ᠰᠠᠶᠢᠰᠢᠶᠠᠵᠤ ᠱᠠᠩᠨᠠᠬᠤ ᠲᠤᠰᠬᠠᠶ ᠪᠤᠯᠤᠩ ᠳᠠᠬᠢ ᠢᠯᠡᠴᠢᠯᠡᠨ ᠮᠡᠳᠡᠭᠦᠯᠬᠦ ᠲᠠᠪᠴᠠᠩ︔ ᠢᠯᠡᠴᠢᠯᠡᠨ ᠮᠡᠳᠡᠭᠦᠯᠬᠦ ᠤᠲᠠᠰᠤ᠄ 12333᠃
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号