| | | | | | | 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ ᠰᠠᠭᠤᠭ᠎ᠠ ᠴᠡᠷᠢᠭ | ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ ᠶᠢᠨ ᠫᠢᠩ ᠰᠠᠭᠤᠷᠢᠨ ᠭᠠᠵᠠᠷ ᠤᠨ | ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | | | | | | | | | | | 9 ᠰᠠᠷ᠎ᠠ ᠶᠢᠨ 15 ᠤ ᠡᠳᠦᠷ᠂ ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠱᠠᠨᠰᠢ ᠳᠤ ᠰᠠᠭᠤᠭ᠎ᠠ ᠴᠡᠷᠢᠭ | ᠠᠩᠭᠢ ᠶᠢᠨ ᠨᠢᠭᠡᠨ ᠰᠠᠭᠤᠷᠢᠨ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠵᠢᠷᠤᠭ ᠪᠤᠯ ᠰᠢ ᠶᠢᠨ ᠫᠢᠩ ᠱᠠᠨᠰᠢ ᠳᠤ ᠰᠠᠭᠤᠭ᠎ᠠ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠦᠯᠦᠭᠡᠯᠡᠭᠴᠢᠳ ᠲᠠᠢ ᠳᠤᠳᠤᠨᠤ ᠪᠠᠷ ᠠᠭᠤᠯᠵᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ | | | | | | | ᠰᠢᠨᠬᠤᠸᠠ ᠬᠤᠷᠢᠶᠠᠨ ᠤ ᠰᠢ ᠠᠨ ᠤ 9 ᠰᠠᠷ᠎ᠠ ᠶᠢᠨ 16 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ | ᠶᠠᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ | ᠶᠢᠨ ᠫᠢᠩ 15 ᠤ ᠡᠳᠤᠷ ᠱᠠᠨᠰᠢ ᠳᠤ ᠰᠠᠭᠤᠭ᠎ᠠ ᠴᠡᠷᠢᠭ ᠠᠩᠬᠢ ᠶᠢᠨ ᠨᠢᠬᠡᠨ ᠰᠠᠭᠤᠷᠢᠨ ᠭᠠᠵᠠᠷ ᠲᠤ ᠰᠢᠨᠵᠢᠯᠠᠨ | ᠪᠠᠶᠢᠴᠠᠭᠠᠵᠤ᠂ ᠨᠠᠮ ᠤᠨ ᠲᠦᠪ ᠬᠤᠷᠢᠶ᠎ᠠ ᠪᠤᠯᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠤᠨ᠎ᠠ ᠠᠴᠠ | ᠰᠠᠭᠤᠷᠢᠨ ᠭᠠᠵᠠᠷ ᠤᠨ ᠪᠦᠬᠦ ᠲᠠᠷᠤᠭ᠎ᠠ ᠪᠠᠶᠢᠯᠳᠤᠬᠴᠢ ᠳᠤ ᠴᠢᠩ ᠰᠡᠳᠬᠢᠯ ᠤᠨ ᠮᠡᠨᠳᠤᠴᠢᠯᠠᠯ ᠬᠦᠷᠬᠡᠪᠡ᠃ ᠲᠡᠷᠡ᠂ ᠰᠢᠨ᠎ᠡ | ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠲᠡᠶᠢᠨ ᠳᠤ | ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠬᠦᠤᠨᠬᠦ ᠬᠦᠭᠵᠢᠯᠳᠡ ᠶᠢ ᠲᠦᠷᠭᠡᠳᠬᠡᠵᠦ᠂ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠶ ᠶᠢᠨ | ᠲᠡᠷᠢᠭᠦᠨ ᠤ ᠴᠡᠷᠢᠭ ᠠᠩᠭᠢ ᠶᠢ ᠪᠠᠶᠢᠭᠤᠯᠬᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠳᠤ | ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠠᠯᠲᠠᠨ ᠨᠠᠮᠤᠷ ᠤᠨ ᠤᠯᠠᠷᠢᠯ ᠳᠤ᠂ ᠡᠷᠲᠡᠨ ᠤ ᠬᠤᠲᠠ ᠰᠢ ᠠᠨ ᠤ ᠲᠩᠷᠢ ᠨᠢ ᠴᠡᠯᠮᠡᠭ ᠠᠭᠠᠷ ᠨᠢ ᠲᠤᠩᠭᠠᠯᠠᠭ᠂ | ᠥᠩᠭᠡ ᠦᠵᠡᠮᠵᠢ ᠦᠵᠡᠰᠬᠦᠯᠡᠩ᠃ ᠦᠳᠡ ᠶᠢᠨ ᠡᠮᠦᠨᠡᠬᠢ 10 ᠴᠠᠭ 30 ᠮᠢᠨᠦ᠋ᠲ ᠤᠨ ᠦᠶ᠎ᠡ ᠪᠠᠷ᠂ ᠰᠢ ᠶᠢᠨ ᠫᠢᠩ | ᠰᠠᠭᠤᠷᠢᠨ ᠤ ᠴᠡᠷᠢᠭ ᠤᠨ ᠬᠤᠸᠠᠷᠠᠨ ᠳᠤ ᠢᠷᠡᠪᠡ᠃ ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠰᠢ | ᠠᠨ ᠳᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ | ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠳᠠᠷᠠᠭ᠎ᠠ ᠳᠤᠨᠢ᠂ ᠰᠢ ᠶᠢᠨ ᠫᠢᠩ ᠰᠠᠭᠤᠷᠢᠨ ᠭᠠᠵᠠᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠰᠠᠭᠤᠷᠢᠨ ᠭᠠᠵᠠᠷ ᠤᠨ ᠤᠷᠳᠤ ᠬᠤᠭᠤᠴᠠᠭᠠᠨ ᠤ ᠲᠤᠷᠰᠢ ᠮᠠᠨ ᠤ | ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠦᠢᠯᠡᠳᠦᠯ ᠢ ᠭᠦᠢᠴᠡᠳ | ᠨᠤᠲᠠᠯᠠᠪᠠ᠃ ᠲᠡᠷᠡ᠂ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠲᠤᠭ᠎ᠠ ᠨᠡᠮᠡᠭᠳᠡᠵᠤ᠂ ᠱᠠᠭᠠᠷᠳᠠᠯᠭ᠎ᠠ ᠲᠡᠭᠡᠭᠰᠢᠯᠡᠭᠰᠡᠨ | ᠪᠣᠳᠠᠲᠤ ᠪᠠᠶᠢᠳᠠᠯ ᠳᠤ ᠵᠣᠬᠢᠴᠠᠵᠤ᠂ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠵᠦ᠂ ᠬᠡᠮᠵᠢᠨ ᠡᠵᠡᠮᠳᠡᠬᠦ | ᠮᠡᠷᠭᠡᠵᠢᠯ ᠪᠠ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠬᠡᠮᠵᠢᠨ ᠡᠵᠡᠮᠳᠡᠬᠦ ᠶᠢᠨ ᠨᠠᠷᠢᠯᠢᠭ ᠣᠨᠣᠴᠠᠲᠠᠢ ᠨᠠᠶᠢᠳᠠᠪᠤᠷᠢᠲᠠᠢ᠂ | ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠯᠤᠰ ᠤᠨ ᠰᠠᠨᠰᠠᠷ ᠤᠨ ᠰᠢᠰᠲ᠋ᠧᠮ ᠤᠨ ᠠᠵᠢᠯᠯᠠᠭᠠᠨ ᠤ | ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠬᠦᠯᠤᠨ ᠬᠡᠷᠡᠭᠵᠢᠭᠦᠯᠵᠦ᠂ ᠬᠠᠮᠢᠶᠠᠷᠤᠯᠲᠠ ᠪᠠ ᠬᠡᠷᠡᠭᠯᠡᠯᠲᠡ ᠶᠢᠨ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠠᠨᠰᠠᠷ ᠤᠨ ᠡᠳ᠋ ᠬᠥᠷᠥᠩᠭᠡ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠳ᠋ ᠬᠥᠷᠥᠩᠭᠡ | ᠮᠥᠨ᠂ ᠲᠡᠭᠦᠨ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠬᠡᠷᠡᠭᠲᠡᠶ ᠪᠥᠭᠡᠳ ᠨᠡᠩ ᠴᠤ ᠰᠠᠶᠢᠲᠤᠷ ᠬᠠᠮᠠᠭᠠᠯᠠᠬᠤ ᠬᠡᠷᠡᠭᠲᠡᠶ᠃ | ᠰᠡᠷᠭᠡᠶᠢᠯᠡᠨ ᠬᠠᠮᠠᠭᠠᠯᠠᠬᠤ ᠬᠦᠴᠦᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠭᠠᠮᠰᠢᠭ ᠢ ᠪᠦᠳᠦᠮᠵᠢᠳᠡᠢ | ᠠᠷᠭᠠᠴᠠᠭᠠᠬᠤ ᠪᠡᠯᠡᠳᠬᠡᠯ ᠳ᠋ᠠᠶᠢᠲ᠋ᠠ᠂ ᠡᠪᠳᠡᠯᠡᠭᠡ ᠶᠢ ᠡᠰᠡᠷᠭᠦᠴᠡᠨ ᠣᠷᠣᠰᠢᠨ ᠲᠣᠭᠲᠠᠨᠢᠬᠤ᠂ ᠮᠡᠳᠡᠭᠡ ᠵᠠᠩᠭᠢ ᠶᠢᠨ | ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠰᠠᠨᠰᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢ | ᠴᠢᠩᠭᠠᠳᠬᠠᠵᠤ᠂ ᠰᠠᠨᠰᠠᠷ ᠤᠨ ᠰᠢᠰᠲ᠋ᠧᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠵᠢᠯᠯᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠰᠠᠨᠰᠠᠷ ᠤᠨ ᠠᠮᠤᠷ ᠲᠦᠪᠰᠢᠨ ᠤ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠰᠠᠨᠰᠠᠷ ᠤᠨ ᠬᠢᠮᠤᠷᠠᠯ ᠢ | ᠬᠠᠮᠢᠶᠠᠷᠤᠨ ᠡᠵᠡᠮᠳᠡᠬᠦ ᠪᠠ ᠶᠡᠷᠦᠩᠬᠡᠶᠢᠯᠡᠨ ᠵᠠᠰᠠᠬᠤ ᠪᠦᠲᠦᠮᠵᠢ ᠴᠢᠳᠠᠪᠦᠷᠢ ᠶᠢ ᠳᠡᠭᠡᠭᠰᠢᠯᠡᠭᠦᠯᠬᠦ ᠬᠡᠷᠡᠭᠲᠡᠢ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠰᠠᠭᠤᠷᠢᠨ ᠤ ᠡᠭᠦᠷᠭᠡᠯᠡᠭᠰᠡᠨ ᠡᠯ᠎ᠡ ᠵᠦᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠡᠷᠬᠡᠪᠰᠢ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ | ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ︽ᠬᠤᠶᠠᠷ ᠪᠥᠮᠪᠦᠭᠡ | ᠨᠢᠭᠡ ᠤᠳᠤᠨ︾ ᠤ ᠵᠣᠷᠢᠭ ᠰᠠᠨᠠᠭ᠎ᠠ᠂ ᠰᠠᠨᠰᠠᠷ ᠤᠨ ᠠᠶᠠᠯᠠᠯ ᠤᠨ ᠬᠢᠨᠠᠨ ᠡᠵᠡᠮᠳᠡᠬᠦ ᠵᠣᠷᠢᠭ ᠰᠠᠨᠠᠭ᠎ᠠ ᠶᠢ ᠰᠠᠶᠢᠲᠤᠷ | ᠪᠠᠳᠠᠷᠠᠭᠤᠯᠵᠤ᠂ ᠳᠠᠷᠤᠭ᠎ᠠ ᠪᠠᠶᠢᠯᠳᠤᠭᠴᠢᠳ ᠤᠨ ᠨᠠᠮ ᠤᠨ ᠵᠢᠯᠤᠭᠤᠳᠤᠯᠭ᠎ᠠ ᠶᠢ ᠳᠠᠭᠠᠬᠤ᠂ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠪᠠᠬᠢᠵᠢᠬᠦᠯᠵᠤ᠂ ᠴᠡᠷᠢᠭ ᠠᠩᠬᠢ ᠶᠢᠨ ᠠᠷᠢᠭᠤᠨ ᠴᠢᠬᠡᠴᠢ | ᠪᠠᠬᠢᠵᠢᠯ ᠪᠠ ᠳᠡᠭᠡᠳᠦ ᠬᠡᠮᠵᠢᠶᠡᠨ ᠤ ᠲᠥᠪᠯᠡᠷᠡᠩᠬᠦᠢ ᠨᠢᠭᠡᠳᠦᠯ ᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠢ | ᠬᠠᠨᠳᠤᠯᠭ᠎ᠠ ᠲᠠᠢ ᠪᠠᠷ ᠰᠠᠶᠢᠲᠤᠷ ᠬᠢᠵᠦ᠂ ᠴᠢᠳᠠᠪᠤᠷᠢᠲᠠᠨ ᠤ ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ ᠦᠨᠳᠦᠰᠦᠨ | ᠱᠠᠳᠤ ᠶᠢ ᠴᠢᠩᠭ᠎ᠠ ᠠᠳᠬᠤᠨ ᠰᠠᠭᠤᠷᠢ ᠶᠢ ᠴᠤᠬᠴᠠᠯᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠳᠠᠷᠤᠭ᠎ᠠ | ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ | ᠭᠦᠢᠴᠡᠳ ᠲᠠᠶᠢᠴᠢᠯᠠᠵᠦ᠂ ᠰᠠᠭᠤᠷᠢᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢᠦᠢ ᠴᠢ ᠯᠢᠶᠠᠩ ᠨᠠᠷ ᠠᠵᠢᠯᠯᠠᠭ᠎ᠠ ᠳᠤ ᠤᠷᠤᠯᠴᠠᠵᠠᠢ᠃ | | | | |