ᠨᠠᠷᠢᠨ ᠬᠢᠨᠠᠮᠠᠭᠠᠶ ᠰᠤᠷᠤᠯᠴᠠᠵᠤ ᠨᠠᠶᠢᠳᠠᠪᠤᠷᠢᠵᠢᠭᠤᠯᠤᠯᠲᠠ ᠶᠢ ᠡᠷᠴᠢᠮᠳᠡᠢ ᠠᠳᠬᠤᠵᠤ ᠵᠢᠱᠢᠶ᠎ᠡ ᠦᠵᠡᠭᠦᠯᠬᠦ ᠣᠷᠣᠨ ᠤ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2021/9/2
      ᠲᠥᠪ ᠤᠨ ᠦᠨᠳᠦᠰᠦᠲᠡᠨ ᠤ ᠠᠵᠢᠯ ᠤᠨ ᠬᠤᠷᠠᠯ 8 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ︵ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ︶ ᠨᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠤᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠵᠢᠱᠢᠶ᠎ᠡ ᠦᠵᠡᠭᠦᠯᠬᠦ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠠᠶᠢᠨ᠎ᠠ᠃       ᠣᠨᠣᠯ ᠤᠨ ᠰᠤᠷᠤᠯᠴᠠᠯᠭ᠎ᠠ ᠶᠢ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠤᠯᠤᠰ ᠲᠥᠷᠥ ᠶᠢᠨ ᠣᠷᠣᠶ ᠶᠢᠨ ᠰᠤᠷᠭᠠᠭᠤᠯᠢ᠂ ᠰᠤᠷᠤᠯᠴᠠᠬᠤ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ ᠵᠡᠷᠭᠡ ᠣᠯᠠᠨ ᠠᠴᠢᠶᠠᠯᠠᠪᠤᠷᠢ ᠳᠤ ᠲᠦᠰᠢᠭᠯᠡᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠥᠷᠨᠢᠭᠦᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠰᠤᠷᠤᠯᠴᠠᠵᠤ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠤᠯᠤᠰ ᠲᠥᠷᠥ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠦᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠳᠡᠭᠡᠷ᠎ᠡ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢ ᠵᠢᠱᠢᠶ᠎ᠡ ᠦᠵᠡᠭᠦᠯᠬᠦ ᠣᠷᠣᠨ ︵ᠨᠡᠭᠡᠭᠡᠯᠳᠡ ᠶᠢᠨ ᠣᠷᠣᠨ︶ ᠤ ᠦᠨᠳᠦᠰᠦᠲᠡᠨ ᠤ ᠠᠵᠢᠯ ᠢ ᠵᠢᠯᠣᠭᠤᠳᠬᠤ ᠠᠵᠢᠯᠯᠠᠭᠠᠨ ᠤ ᠴᠢᠭᠯᠡᠯᠲᠡ ᠪᠣᠯᠭᠠᠨ ᠬᠤᠪᠢᠷᠠᠭᠤᠯᠤᠨ᠎ᠠ᠃       ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠭᠦᠨᠵᠡᠭᠡᠶ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠵᠢᠱᠢᠶ᠎ᠡ ᠦᠵᠡᠭᠦᠯᠬᠦ ᠨᠢᠭᠡᠴᠡ 9 ᠶᠢ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯ ᠢ ᠠᠬᠢᠭᠤᠯᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠲᠠᠯ᠎ᠠ ᠨᠤᠲᠤᠭ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ᠂ ᠮᠣᠩᠭᠤᠯ ᠬᠡᠯᠡᠨ ᠤ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ         ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠲᠦᠷᠢᠮ︾ ᠵᠡᠷᠭᠡ ᠠᠭᠤᠯᠭ᠎ᠠ ᠶᠢᠨ ᠲᠣᠭᠤᠷᠢᠨ ᠳᠤ 15 ᠲᠠᠯᠠᠪᠤᠷ ᠤᠳᠠᠭ᠎ᠠ 1000 ᠬᠥᠮᠦᠨ ᠳᠤ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃       ᠤᠬᠠᠭᠤᠯᠭ᠎ᠠ ᠶᠠᠷᠢᠶ᠎ᠠ ᠬᠡᠯᠡᠯᠴᠡᠭᠡ ᠶᠢ ᠠᠳᠬᠤᠵᠤ᠂ ᠦᠨᠳᠦᠰᠦᠲᠡᠨ ᠤ ᠤᠬᠠᠮᠰᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ᠂ ᠲᠡᠮᠡᠭᠡᠲᠦ ᠨᠣᠳᠤᠭ ᠤᠨ e ᠦᠷᠳᠡᠭᠡ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ᠂ ᠲᠢᠺ ᠲᠣᠺ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ᠂ ︽ᠬᠠᠮ ᠵᠠᠭᠤᠴᠢᠯᠠᠭᠤᠷ + ᠦᠨᠳᠦᠰᠦᠲᠡᠨ ᠤ ᠠᠵᠢᠯ︾ ᠤᠨ ᠤᠬᠠᠭᠤᠯᠭ᠎ᠠ ᠶᠢᠨ ᠵᠠᠭᠪᠤᠷ ᠢ ᠰᠢᠨᠡᠴᠢᠯᠡᠨ ᠪᠠᠶᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠠᠭᠤᠯᠭ᠎ᠠ ᠶᠢ ᠰᠢᠯᠵᠢᠭᠦᠯᠦᠨ ᠨᠡᠶᠢᠲᠡᠯᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠰᠤᠷᠤᠯᠴᠠᠵᠦ᠂ ᠲᠡᠷᠡ ᠶᠣᠰᠣᠭᠠᠷ ᠨᠢ ᠰᠤᠷᠤᠯᠴᠠᠵᠦ᠂ ᠤᠴᠢᠷ ᠰᠢᠯᠲᠠᠭᠠᠨ ᠢ ᠨᠢ ᠨᠡᠩ ᠢᠯᠡᠭᠦᠦ ᠮᠡᠳᠡᠬᠦ ᠪᠠᠷ ᠴᠢᠷᠮᠠᠶᠢᠵᠤ᠂ ᠰᠠᠶᠢᠲᠤᠷ ᠣᠶᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠬᠦ ᠲᠠᠯ᠎ᠠ ᠪᠠᠷ ᠲᠠᠰᠤᠷᠠᠯᠳᠠ ᠦᠭᠡᠢ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠪᠠ᠃ ᠣᠳᠣᠬᠠᠨ ᠪᠣᠯᠲᠠᠯ᠎ᠠ᠂ ᠤᠳᠤᠷᠢᠳᠬᠤ ᠺᠠᠳ᠋ᠷ ᠶᠠᠷᠢᠶᠠᠨ ᠤ ᠲᠠᠪᠴᠠᠩ ᠳᠤ 19 ᠤᠳᠠᠭ᠎ᠠ ᠭᠠᠷᠴᠤ᠂ ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠲᠤ 88 ᠬᠤᠪᠢ ︵ᠵᠤᠷᠪᠤᠰ︶ ᠡᠬᠡ ᠪᠢᠴᠢᠭ ᠨᠡᠶᠢᠲᠡᠯᠡᠵᠦ᠂ ︽ᠭᠤᠷᠪᠠᠨ ᠬᠡᠨ ᠠᠯᠢᠨ ᠠᠴᠠ ᠪᠠᠨ ᠰᠠᠯᠵᠤ ᠴᠢᠳᠠᠬᠤ ᠥᠬᠡᠶ︾ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠵᠢᠱᠢᠶ᠎ᠡ ᠦᠵᠡᠭᠦᠯᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠳᠤ ᠭᠦᠨ ᠬᠤᠨᠣᠭᠰᠢᠭᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号